《ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ ᠎ᠤᠨ ᠳᠠᠷᠢᠶᠠᠯᠠᠭ᠎ᠠ ᠳᠠᠭᠤᠰᠪᠠ
2025-06-09 17:38:56
ᠵᠣᠬᠢᠶᠠᠭ᠍ᠴᠢ᠄
ᠬᠠᠨ ᠰᠢᠤᠸᠠᠢ ᠷᠦ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 6 ᠰᠠᠷ᠎ᠠ᠎ᠶᠢᠨ 8 ᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠡᠴᠡ ᠣᠢᠯᠠᠭᠠᠭᠰᠠᠨ᠎ᠢᠶᠠᠷ᠂ ᠣᠳᠣᠬᠠᠨ᠎ᠳᠤ ᠮᠠᠨ᠎ᠤ ᠤᠷᠤᠨ᠎ᠤ 2025 ᠣᠨ᠎ᠤ 《ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ᠎ᠤᠨ ᠪᠦᠬᠦ ᠲᠠᠷᠢᠮᠠᠯ᠎ᠢ ᠳᠠᠷᠢᠵᠤ ᠳᠠᠭᠤᠰᠬᠠᠪᠠ᠃

ᠡᠨᠡ ᠵᠢᠯ᠂ ᠮᠠᠨ᠎ᠤ ᠤᠷᠤᠨ ᠳᠣᠣᠷ᠎ᠠ ᠳᠤᠯᠠᠭᠠᠨ ᠶᠡᠬᠡ ᠰᠠᠯᠬᠢᠨ ᠵᠡᠷᠭᠡ ᠠᠰᠢᠭ᠋ ᠦᠭᠡᠢ ᠴᠠᠭ ᠠᠭᠤᠷ᠎ᠤᠨ ᠨᠥᠯᠥᠭᠡ᠎ᠶᠢ ᠢᠯᠡᠨ ᠳᠠᠪᠠᠵᠤ᠂ 12 ᠠᠢᠮᠠᠭ ᠬᠣᠲᠠ 《ᠲᠠᠷᠢᠶ᠎ᠠ ᠦᠵᠡᠵᠦ ᠦᠷ᠎ᠡ ᠰᠣᠩᠭᠣᠬᠤ》 60 ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢ ᠵᠡᠷᠭᠡ᠎ᠪᠡᠷ ᠠᠬᠢᠭᠤᠯᠵᠤ᠂ ᠪᠥᠬᠥ ᠣᠷᠣᠨ᠎ᠤ ᠳᠡᠯᠭᠡᠨ ᠦᠵᠡᠭᠦᠯᠬᠦ ᠲᠠᠯᠠᠪᠠᠶ 7300 ᠮᠦ᠍᠎ᠶᠢ ᠳᠠᠪᠠᠵᠤ᠂ 2000 ᠭᠠᠷᠤᠢ ᠵᠢᠱ᠌ᠢᠶ᠎ᠡ ᠦᠵᠡᠭᠦᠯᠬᠦ ᠠᠮᠤ ᠪᠤᠳᠠᠭᠠᠨ᠎ᠤ ᠲᠠᠷᠢᠮᠠᠯ ᠪᠣᠯᠣᠨ ᠣᠨᠴᠠᠯᠢᠭ᠍ᠲᠤ ᠠᠵᠤ ᠠᠬᠤᠢ᠎ᠶᠢᠨ ᠲᠠᠷᠢᠮᠠᠯ᠎ᠤᠨ ᠲᠥᠷᠥᠯ᠎ᠢ ᠲᠥᠪᠯᠡᠷᠡᠭᠦᠯᠦᠨ᠂ ᠲᠠᠷᠢᠶᠠᠴᠢᠳ᠎ᠤᠨ ᠰᠣᠩᠭᠣᠨ ᠳᠠᠷᠢᠬᠤ《ᠲᠠᠷᠢᠶᠠᠨ ᠭᠠᠵᠠᠷ᠎ᠤᠨ ᠬᠡᠲᠦ ᠳᠡᠯᠭᠡᠭᠦᠷ》᠎ᠢ ᠪᠠᠢᠭᠤᠯᠪᠠ᠃

ᠣᠢᠯᠠᠭᠠᠭᠰᠠᠨ᠎ᠢᠶᠠᠷ᠂ ᠡᠯ᠎ᠡ 《ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ ᠨᠢ ᠴᠥᠮ ᠨᠢᠭᠡᠳᠦᠯᠲᠡᠢ ᠳᠠᠷᠢᠬᠤ᠂ ᠨᠢᠭᠡᠳᠦᠯᠲᠡᠢ ᠬᠠᠮᠢᠶᠠᠷᠬᠤ ᠪᠠᠷᠢᠮᠵᠢᠶᠠᠵᠢᠭᠤᠯᠤᠨ ᠳᠠᠷᠢᠬᠤ ᠵᠠᠭᠪᠤᠷ᠎ᠢ ᠬᠡᠷᠡᠭᠯᠡᠵᠦ᠂ ᠠᠳᠠᠯᠢ ᠪᠤᠰᠤ ᠡᠭᠦᠯᠳᠡᠷ᠎ᠦᠨ ᠠᠳᠠᠯᠢ ᠨᠥᠬᠥᠴᠡᠯ ᠳᠣᠣᠷᠠᠬᠢ ᠥᠰᠦᠯᠲᠡ᠎ᠶᠢᠨ ᠢᠯᠡᠷᠡᠯ᠎ᠢ ᠰᠢᠭᠤᠳ ᠦᠵᠡᠭᠦᠯᠵᠦ᠂ ᠲᠠᠷᠢᠶᠠᠴᠢᠳ᠎ᠤᠨ ᠲᠤᠷᠰᠢᠨ ᠳᠠᠷᠢᠬᠤ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠰᠢᠯᠢᠳᠡᠭ ᠡᠭᠦᠯᠳᠡᠷ ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠪᠡ᠃

ᠦᠷ᠎ᠡ᠎ᠶᠢ ᠲᠠᠷᠢᠶᠠᠯᠠᠩ᠎ᠤᠨ 《ᠴᠢᠮᠦᠭᠡ》 ᠭᠡᠳᠡᠭ᠂ ᠰᠠᠢᠨ ᠦᠷ᠎ᠡ ᠨᠢ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ ᠲᠠᠯ᠎ᠠ᠎ᠪᠠᠷ ᠮᠠᠰᠢ ᠵᠠᠩᠭᠢᠯᠠᠭ᠎ᠠ᠎ᠶᠢᠨ ᠦᠢᠯᠡᠳᠦᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ 4 ᠵᠢᠯ ᠳᠠᠷᠠᠭᠠᠯᠠᠨ 《ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢᠨ ᠠᠵᠢᠯ ᠥᠷᠨᠢᠭᠦᠯᠵᠦ᠂ ᠡᠭᠦᠯᠳᠡᠷ᠎ᠢ ᠳᠡᠯᠭᠡᠨ ᠦᠵᠡᠭᠦᠯᠵᠦ ᠦᠨᠡᠯᠡᠬᠦ ᠰᠢᠰᠲᠧᠮ᠎ᠢ ᠪᠠᠶ᠋ᠢᠭᠤᠯᠬᠤ᠎ᠪᠠᠷ ᠳᠠᠮᠵᠢᠭᠤᠯᠤᠨ ᠪᠥᠬᠥ ᠣᠷᠣᠨ᠎ᠤ ᠰᠠᠢᠨ ᠦᠷ᠎ᠡ᠎ᠶᠢᠨ ᠪᠦᠷᠬᠦᠴᠡ᠎ᠶᠢᠨ ᠨᠣᠷᠮ᠎ᠠ᠎ᠶᠢ ᠳᠡᠭᠡᠭᠰᠢᠯᠡᠭᠦᠯᠪᠡ᠃ ᠡᠨᠡᠬᠦ ᠶᠠᠪᠤᠴᠠ᠎ᠳᠤ᠂ ᠲᠥᠷᠥᠯ ᠵᠦᠢᠯ ᠎ᠢ ᠲᠥᠷᠥᠯ ᠬᠤᠪᠢᠶᠠᠨ ᠤᠳᠤᠷᠢᠳᠤᠮᠵᠢ᠎ᠶᠢᠨ ᠬᠡᠯᠪᠡᠷᠢ᠂ ᠪᠣᠶ᠋ᠢᠵᠢᠯᠲᠠ᠎ᠶᠢᠨ ᠬᠡᠯᠪᠡᠷᠢ᠂ ᠴᠢᠬᠢᠯᠡᠯᠲᠡ᠎ᠶᠢᠨ ᠬᠡᠯᠪᠡᠷᠢ ᠬᠡᠮᠡᠨ ᠨᠠᠷᠢᠯᠢᠭ᠍ᠵᠢᠭᠤᠯᠵᠤ᠂ ᠨᠢᠭᠡ ᠪᠦᠯᠦᠭ᠎ᠢ ᠳᠡᠯᠭᠡᠷᠡᠭᠦᠯᠵᠦ᠂ ᠨᠢᠭᠡ ᠪᠦᠯᠦᠭ᠎ᠢ ᠰᠢᠯᠢᠨ ᠰᠤᠩᠭᠤᠵᠤ᠂ ᠨᠢᠭᠡ ᠪᠦᠯᠦᠭ ᠎ᠢ ᠬᠠᠳᠠᠭᠠᠯᠠᠬᠤ ᠦᠷᠭᠦᠯᠵᠢᠯᠡᠬᠦᠢᠴᠡ ᠬᠥᠭᠵᠢᠯᠲᠡ ᠵᠢᠨ ᠪᠠᠢᠷᠢᠰᠢᠯ᠎ᠢ ᠪᠤᠶ ᠪᠣᠯᠭᠠᠪᠠ᠃ ᠡᠭᠦᠨ᠎ᠦ ᠬᠠᠮᠲᠤ᠂ ᠳᠠᠷᠢᠬᠤ ᠮᠡᠷᠭᠡᠵᠢᠯ᠎ᠲᠠᠢ ᠤᠶᠠᠯᠳᠤᠭᠤᠯᠤᠨ᠂ ᠴᠢᠨᠠᠷ ᠰᠠᠢᠲᠠᠢ ᠥᠨᠳᠥᠷ ᠤᠨᠠᠯᠲᠠ᠎ᠲᠠᠢ᠂ ᠡᠪᠡᠳᠴᠢᠨ᠎ᠢ ᠡᠰᠡᠷᠭᠦᠴᠡᠬᠦ᠂ ᠨᠢᠭ᠍ᠲᠠ ᠳᠠᠷᠢᠬᠤ᠎ᠳᠤ ᠲᠠᠭᠠᠭᠠᠮᠠᠭᠠᠢ᠂ ᠬᠤᠵᠢᠷ᠎ᠲᠤ ᠳᠠᠭᠠᠭᠠᠮᠠᠭᠠᠢ ᠵᠡᠷᠭᠡ ᠲᠥᠷᠥᠯ ᠵᠦᠢᠯ᠎ᠢ ᠦᠷᠭᠦᠯᠵᠢᠯᠡᠨ ᠠᠩᠬᠠᠷᠴᠤ᠂ ᠠᠮᠤ ᠪᠤᠳᠠᠭᠠᠨ᠎ᠤ ᠠᠮᠤᠷ ᠲᠦᠪᠰᠢᠨ᠎ᠦ ᠰᠠᠭᠤᠷᠢ᠎ᠶᠢ ᠪᠡᠬᠢᠵᠢᠭᠦᠯᠬᠦ᠎ᠳᠦ ᠪᠠᠲᠤ ᠪᠡᠬᠢ ᠦᠷ᠎ᠡ ᠵᠢᠨ ᠡᠬᠢ ᠪᠠᠶᠠᠯᠢᠭ᠎ᠤᠨ ᠲᠤᠯᠭᠠᠭᠤᠷᠢᠯᠠᠯ ᠬᠠᠩᠭᠠᠪᠠ᠃

ᠰᠠᠢᠨ ᠡᠭᠦᠯᠳᠡᠷ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠎ᠶᠢᠨ ᠬᠠᠮᠲᠤ᠂ ᠲᠠᠷᠢᠶᠠᠯᠠᠩ ᠮᠠᠯ ᠠᠵᠤ ᠠᠬᠤᠢ᠎ᠶᠢᠨ ᠰᠠᠯᠠᠭ᠎ᠠ ᠮᠥᠴᠢᠷ᠎ᠦᠳ ᠦᠷ᠎ᠡ᠎ᠶᠢᠨ ᠠᠵᠤ ᠠᠬᠤᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠯᠤᠭ᠎ᠠ ᠬᠠᠮᠲᠤᠷᠠᠨ ᠰᠠᠢᠨ ᠡᠭᠦᠯᠳᠡᠷ᠎ᠢ ᠰᠢᠯᠢᠨ ᠰᠣᠩᠭᠣᠬᠤ᠎ᠪᠠᠨ ᠴᠢᠩᠭᠠᠳᠬᠠᠵᠤ᠂ ᠢᠵᠢ ᠪᠦᠷᠢᠳᠦᠭᠦᠯᠦᠭᠰᠡᠨ ᠲᠠᠷᠢᠵᠤ ᠪᠣᠢᠵᠢᠭᠤᠯᠬᠤ ᠮᠡᠷᠭᠡᠵᠢᠯ᠎ᠢᠶᠡᠷ ᠤᠨᠠᠯᠲᠠ᠎ᠶᠢ ᠳᠡᠭᠡᠭᠰᠢᠯᠡᠭᠦᠯᠬᠦ ᠪᠣᠭᠣᠮᠲᠠ ᠰᠢᠪᠲᠤᠯᠬᠤ ᠠᠵᠢᠯ᠎ᠥᠷᠨᠢᠭᠦᠯᠵᠦ᠂ ᠡᠭᠦᠯᠳᠡᠷ᠎ᠦᠨ ᠤᠨᠠᠯᠳᠠ᠎ᠶᠢ ᠨᠡᠮᠡᠭᠳᠡᠭᠦᠯᠬᠦ ᠳᠠᠯᠳᠠ ᠬᠦᠴᠦᠨ᠎ᠢ ᠤᠯᠠᠮ ᠨᠢᠭᠡ ᠠᠯᠬᠤᠮ ᠠᠭᠤᠳᠠᠯᠵᠤ ᠪᠠᠢᠨ᠎ᠠ᠃                  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号