ᠮᠠᠨ᠎ᠤ ᠤᠷᠤᠨ᠎ᠤ ᠮᠡᠷᠭᠡᠵᠢᠯ᠎ᠦᠨ ᠴᠣᠯᠠ ᠵᠢᠨ ᠬᠢᠨᠠᠨ ᠲᠤᠭᠲᠠᠭᠠᠬᠤ ᠠᠵᠢᠯ ᠡᠬᠢᠯᠡᠪᠡ
2025-06-09 17:39:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠯᠪᠠᠨ ᠰᠦᠯᠵᠢᠶ᠎ᠡ ᠣᠢᠷ᠎ᠠ᠎ᠳᠤ《2025 ᠣᠨ᠎ᠤ ᠪᠥᠬᠥ ᠣᠷᠣᠨ᠎ᠤ ᠮᠡᠷᠭᠡᠵᠢᠯ᠎ᠦᠨ ᠴᠣᠯᠠ᠎ᠶᠢᠨ ᠬᠢᠨᠠᠨ ᠲᠤᠭᠲᠠᠭᠠᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 ᠨᠡᠢᠲᠡᠯᠡᠪᠡ᠃

ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠨ ᠪᠠᠳᠠᠷᠠᠭᠤᠯᠬᠤ᠎ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠡᠳᠦᠭᠡ 2025 ᠣᠨ᠎ᠤ ᠮᠡᠷᠭᠡᠵᠢᠯ᠎ᠦᠨ ᠴᠣᠯᠠ᠎ᠶᠢᠨ ᠬᠢᠨᠠᠨ ᠲᠤᠭᠲᠠᠭᠠᠬᠤ ᠠᠵᠢᠯ᠎ᠢ ᠰᠠᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠃

ᠬᠢᠨᠠᠨ ᠲᠤᠭᠲᠠᠭᠠᠬᠤ ᠠᠵᠢᠯ᠎ᠤᠨ ᠠᠬᠢᠴᠠ

ᠡᠯ᠎ᠡ ᠠᠢᠮᠠᠭ ᠬᠣᠲᠠ᠂ ᠳᠡᠭᠡᠳᠦ ᠵᠡᠷᠭᠡ᠎ᠶᠢᠨ ᠬᠢᠨᠠᠨ ᠲᠣᠭᠲᠠᠭᠠᠬᠤ ᠺᠣᠮᠢᠰ᠎ᠤᠨ ᠵᠣᠬᠢᠶᠠᠨ ᠪᠠᠶ᠋ᠢᠭᠤᠯᠬᠤ ᠨᠢᠭᠡᠴᠢ᠂ ᠪᠡᠶ᠎ᠡ ᠪᠠᠨ ᠲᠠᠭᠠᠭᠠᠵᠤ ᠬᠢᠨᠠᠨ ᠲᠣᠭᠲᠠᠭᠠᠬᠤ ᠨᠢᠭᠡᠴᠢ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ 6 ᠰᠠᠷ᠎ᠠ᠎ᠶᠢᠨ 6 ᠎ᠤ ᠡᠳᠦᠷ᠎ᠡᠴᠡ ᠡᠮᠦᠨ᠎ᠡ ᠣᠨ᠎ᠤ ᠬᠢᠨᠠᠨ ᠲᠤᠭᠲᠠᠭᠠᠬᠤ ᠠᠵᠢᠯ᠎ᠤᠨ ᠮᠡᠳᠡᠭᠳᠡᠯ ᠪᠠᠭᠤᠯᠭᠠᠵᠤ᠂ ᠲᠣᠰ ᠭᠠᠵᠠᠷ ᠣᠷᠣᠨ᠂ ᠲᠣᠰ ᠰᠢᠷᠢᠰ(ᠲᠤᠰᠬᠠᠢ ᠮᠡᠷᠭᠡᠵᠢᠯ)᠂ ᠲᠣᠰ ᠨᠢᠭᠡᠴᠢ᠎ᠶᠢᠨ ᠮᠡᠷᠭᠡᠵᠢᠯ᠎ᠦᠨ ᠴᠣᠯᠠ᠎ᠶᠢᠨ ᠬᠢᠨᠠᠨ ᠲᠤᠭᠲᠠᠭᠠᠬᠤ ᠠᠵᠢᠯ᠎ᠢ ᠪᠠᠢᠷᠢᠯᠠᠭᠤᠯᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠳᠦ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠤᠪᠢ ᠬᠥᠮᠥᠨ᠎ᠤ ᠭᠤᠶᠤᠴᠢᠯᠠᠨ ᠮᠡᠳᠡᠭᠦᠯᠬᠦ ᠠᠵᠢᠯ᠎ᠢ 6 ᠰᠠᠷ᠎ᠠ᠎ᠶᠢᠨ 25 ᠎ᠤ ᠡᠳᠦᠷ᠎ᠡᠴᠡ ᠡᠮᠦᠨ᠎ᠡ ᠪᠡᠶᠡᠯᠡᠭᠦᠯᠵᠦ᠂ ᠮᠠᠲᠧᠷᠢᠶᠠᠯ᠎ᠢ ᠬᠢᠨᠠᠨ ᠬᠠᠷᠭᠤᠭᠤᠯᠬᠤ ᠪᠠ ᠱᠠᠲᠤ ᠳᠠᠷᠠᠭᠠᠯᠠᠨ ᠮᠡᠳᠡᠭᠦᠯᠦᠨ ᠲᠡᠪᠰᠢᠭᠦᠯᠭᠦ ᠠᠵᠢᠯ᠎ᠢ 7 ᠰᠠᠷ᠎ᠠ᠎ᠶᠢᠨ 15 ᠎ᠤ ᠡᠳᠦᠷ᠎ᠡᠴᠡ ᠡᠮᠦᠨ᠎ᠡ ᠳᠠᠭᠤᠰᠬᠠᠵᠤ᠂ ᠬᠢᠨᠠᠨ ᠲᠤᠭᠲᠠᠭᠠᠬᠤ ᠪᠠ ᠢᠯᠡ ᠨᠡᠢᠳᠡᠯᠡᠭᠦ ᠠᠵᠢᠯ᠎ᠢ 9 ᠰᠠᠷ᠎ᠠ᠎ᠶᠢᠨ 30 ᠎ᠤ ᠡᠳᠦᠷ᠎ᠡᠴᠡ ᠡᠮᠦᠨ᠎ᠡ ᠪᠡᠶᠡᠯᠡᠭᠦᠯᠬᠦ ᠬᠡᠷᠡᠭᠲᠡᠢ᠃

ᠭᠤᠶᠤᠴᠢᠯᠠᠬᠤ ᠲᠠᠰ ᠳᠠᠷᠠᠭᠠᠯᠠᠯ᠎ᠤᠨ ᠱᠠᠭᠠᠷᠳᠠᠯᠭ᠎ᠠ

(ᠨᠢᠭᠡ) ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ

1. ᠭᠤᠶᠤᠴᠢᠯᠠᠨ ᠮᠡᠳᠡᠭᠦᠯᠬᠦ ᠬᠥᠮᠥᠰ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠎ᠶᠢᠨ ᠬᠥᠮᠥᠷᠭᠡ(ᠰᠦᠯᠵᠢᠶᠡᠨ ᠎ᠦ ᠬᠠᠶᠢᠭ᠋᠄ www.nmgrck.cn)ᠲᠡᠭᠡᠷ᠎ᠡ ᠭᠠᠷᠴᠦ ᠳᠠᠩᠰᠠᠯᠠᠭᠤᠯᠬᠤ᠎ᠶᠢᠨ ᠬᠠᠮᠲᠤ ᠬᠤᠪᠢ ᠬᠥᠮᠥᠨ᠎ᠦ ᠦᠨᠳᠦᠰᠦᠨ ᠮᠡᠳᠡᠭᠡ ᠵᠠᠩᠭᠢ᠎ᠪᠠᠨ ᠲᠡᠭᠦᠯᠳᠡᠷᠵᠢᠭᠦᠯᠭᠦ ᠴᠢᠬᠤᠯᠠᠳᠠᠢ᠃

2. ᠲᠤᠬᠠᠢᠯᠠᠭᠰᠠᠨ ᠠᠵᠢᠯ᠎ᠢ ᠭᠦᠢᠴᠡᠳᠬᠡᠬᠦ — 2025 ᠣᠨ᠎ᠤ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ ᠪᠤᠯᠤᠩ᠎ᠳᠤ ᠭᠤᠶᠤᠴᠢᠯᠠᠨ ᠮᠡᠳᠡᠭᠦᠯᠬᠦ ᠲᠥᠯᠥᠪᠯᠡᠭᠡ᠎ᠶᠢ ᠰᠣᠩᠭᠣᠵᠤ᠂ ᠮᠡᠷᠭᠡᠵᠢᠯ᠎ᠦᠨ ᠴᠣᠯᠠ᠎ᠶᠢᠨ ᠮᠡᠳᠡᠭᠡ ᠵᠠᠩᠭᠢ᠎ᠶᠢ ᠲᠠᠭᠯᠠᠨ ᠮᠡᠳᠡᠭᠦᠯᠬᠦ᠎ᠶᠢᠨ ᠬᠠᠮᠲᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠭᠤᠶᠤᠴᠢᠯᠠᠨ ᠮᠡᠳᠡᠭᠦᠯᠬᠦ ᠮᠠᠲᠧᠷᠢᠶᠠᠯ᠎ᠢ ᠲᠤᠰᠢᠶᠠᠬᠰᠠᠨ᠎ᠤ ᠳᠠᠷᠠᠭ᠎ᠠ《ᠲᠤᠰᠬᠠᠢ ᠮᠡᠷᠭᠡᠵᠢᠯ᠎ᠦᠨ ᠴᠣᠯᠠ᠎ᠶᠢᠨ ᠬᠢᠨᠠᠨ ᠲᠤᠭᠲᠠᠭᠠᠬᠤ ᠬᠦᠰᠦᠨᠦᠭᠲᠦ》ᠪᠠ《ᠲᠤᠰᠬᠠᠢ ᠮᠡᠷᠭᠡᠵᠢᠯ᠎ᠦᠨ ᠴᠣᠯᠠ᠎ᠶᠢᠨ ᠲᠡᠪᠰᠢᠭᠦᠯᠦᠨ ᠬᠢᠨᠠᠭᠤᠯᠬᠤ ᠬᠦᠰᠦᠨᠦᠭᠲᠦ》᠎ᠶᠢ ᠪᠠᠭᠤᠯᠭᠠᠨ᠎ᠠ᠃

(ᠬᠣᠶᠠᠷ) ᠲᠤᠬᠠᠢ ᠵᠢᠨ ᠲᠠᠯᠠᠪᠠᠢ᠎ᠳᠦ ᠲᠤᠰᠢᠶᠠᠬᠤ ᠮᠠᠲᠧᠷᠢᠶᠠᠯ

ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠭᠰᠡᠨ᠎ᠦ ᠳᠠᠷᠠᠭ᠎ᠠ ᠮᠥᠨ ᠬᠦ᠌ ᠲᠣᠭᠲᠠᠭᠠᠯ ᠶᠣᠰᠣᠭᠠᠷ ᠲᠤᠬᠠᠢ ᠵᠢᠨ ᠲᠠᠯᠠᠪᠠᠢ᠎ᠳᠦ ᠭᠤᠶᠤᠴᠢᠯᠠᠨ ᠮᠡᠳᠡᠭᠦᠯᠦᠭᠰᠡᠨ ᠪᠦᠷᠢᠨ ᠪᠦᠲᠦᠨ ᠮᠠᠲᠧᠷᠢᠶᠠᠯ᠎ᠢᠶᠠᠨ ᠲᠤᠰᠢᠶᠠᠬᠤ ᠴᠢᠬᠤᠯᠠᠳᠠᠢ᠃

ᠬᠢᠨᠠᠨ ᠲᠣᠭᠲᠠᠭᠠᠬᠤ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ

(ᠨᠢᠭᠡ)ᠣᠯᠠᠨ ᠡᠰᠢᠵᠢᠭᠰᠡᠨ ᠬᠢᠨᠠᠨ ᠲᠤᠭᠲᠠᠭᠠᠬᠤ ᠠᠷᠭ᠎ᠠ ᠮᠠᠶᠢᠭ᠋ ᠎ᠢ ᠬᠡᠷᠡᠭᠵᠢᠭᠦᠯᠦᠨ᠎ᠡ

2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠂ ᠨᠢᠭ᠍ᠲᠠᠯᠠᠨ ᠪᠤᠳᠤᠭ᠍ᠴᠢ᠂ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠪᠠᠭ᠍ᠰᠢ᠂ ᠡᠷᠡᠭᠦᠯ ᠬᠠᠮᠠᠭᠠᠯᠠᠯ(ᠨᠡᠢᠭᠡᠮᠴᠢᠯᠡᠭᠰᠡᠨ)᠂ ᠭᠠᠷ ᠤᠷᠠᠯᠠᠯ ᠤᠷᠠᠨ ᠵᠢᠷᠤᠭ᠎ᠤᠨ ᠰᠢᠷᠢᠰ᠎ᠤᠨ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠂ ᠢᠨᠵᠧᠨᠧᠷᠢᠩ᠎ᠦᠨ ᠰᠢᠷᠢᠰ᠎ᠤᠨ ᠴᠠᠬᠢᠯᠭᠠᠨ ᠬᠦᠴᠦᠨ᠂ ᠲᠣᠮᠣ᠌ ᠳ᠋ᠠᠢᠲ᠋ᠠ᠂ ᠡᠯᠧᠺᠲᠷᠣᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠡᠮ᠎ᠦᠨ ᠵᠦᠢᠯ᠎ᠦᠨ ᠲᠤᠰᠬᠠᠢ ᠮᠡᠷᠭᠡᠵᠢᠯ᠎ᠦᠨ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ ᠵᠢᠴᠢ ᠡᠷᠡᠭᠦᠯ ᠬᠠᠮᠠᠭᠠᠯᠠᠯ᠎ᠤᠨ ᠰᠢᠷᠢᠰ᠎ᠦᠨ ᠪᠡᠶ᠎ᠡ᠎ᠪᠡᠨ ᠳᠠᠭᠠᠭᠠᠵᠤ ᠬᠢᠨᠠᠨ ᠲᠣᠭᠲᠠᠭᠠᠬᠤ ᠨᠢᠭᠡᠴᠢ᠎ᠶᠢᠨ ᠮᠡᠷᠭᠡᠵᠢᠯ᠎ᠦᠨ ᠴᠣᠯᠠ᠎ᠳᠤ ᠴᠥᠮ ᠰᠦᠯᠵᠢᠶᠡᠨ ᠳᠡᠭᠡᠷᠡᠬᠢ ᠨᠡᠷ᠎ᠡ ᠪᠢᠴᠢᠭᠦ ᠦᠭᠡᠢ ᠬᠢᠨᠠᠨ ᠲᠤᠭᠲᠠᠭᠠᠯᠳᠠ᠎ᠶᠢ ᠬᠡᠷᠡᠭᠵᠢᠭᠦᠯᠵᠦ᠂ ᠪᠤᠰᠤᠳ ᠨᠥᠬᠥᠴᠡᠯ ᠪᠦᠷᠢᠯᠳᠦᠭᠦᠯᠦᠭᠰᠡᠨ ᠰᠢᠷᠢᠰ(ᠲᠤᠰᠬᠠᠢ ᠮᠡᠷᠭᠡᠵᠢᠯ)᠎ᠲᠤ ᠴᠤ᠌ ᠪᠠᠢᠳᠠᠯ᠎ᠢ ᠨᠢ ᠦᠵᠡᠵᠦ ᠪᠠᠢᠭᠠᠳ ᠰᠦᠯᠵᠢᠶᠡᠨ ᠳᠡᠭᠡᠷᠡᠬᠢ ᠨᠡᠷ᠎ᠡ ᠪᠢᠴᠢᠭᠦ ᠦᠭᠡᠢ ᠬᠢᠨᠠᠨ ᠲᠤᠭᠲᠠᠭᠠᠯᠳᠠ᠎ᠶᠢ ᠥᠷᠨᠢᠭᠦᠯᠵᠦ ᠪᠣᠯᠣᠨ᠎ᠠ᠃ 2026 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠬᠢᠨᠠᠨ ᠲᠤᠭᠲᠠᠭᠠᠯᠲᠠ᠎ᠳᠤ ᠰᠦᠯᠵᠢᠶᠡᠨ ᠳᠡᠭᠡᠷᠡᠬᠢ ᠨᠡᠷ᠎ᠡ ᠪᠢᠴᠢᠭᠦ ᠦᠭᠡᠢ ᠬᠢᠨᠠᠨ ᠲᠤᠬᠳᠠᠭᠠᠯᠳᠠ ᠵᠢ ᠪᠥᠬᠥ ᠲᠠᠯ᠎ᠠ᠎ᠪᠠᠷ ᠬᠡᠷᠡᠭᠵᠢᠭᠦᠯᠬᠦ᠎ᠪᠡᠷ ᠲᠥᠯᠥᠪᠯᠡᠵᠦ ᠪᠣᠶ᠃

2. ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠠᠴᠠ ᠰᠢᠯᠭᠠᠯᠲᠠ᠎ᠪᠠᠷ ᠲᠤᠬᠳᠠᠭᠠᠯᠳᠠ᠎ᠶᠢ ᠣᠷᠣᠯᠠᠭᠤᠯᠬᠤ᠎ᠶᠢ ᠬᠡᠷᠡᠭᠵᠢᠭᠦᠯᠵᠦ ᠪᠠᠢᠭ᠎ᠠ ᠰᠢᠷᠢᠰ(ᠲᠤᠰᠬᠠᠢ ᠮᠡᠷᠭᠡᠵᠢᠯ)᠎ᠤᠨ ᠮᠡᠷᠭᠡᠵᠢᠯ᠎ᠦᠨ ᠴᠣᠯᠠ(ᠲᠤᠰᠬᠠᠢ ᠮᠡᠷᠭᠡᠵᠢᠯ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ)᠎ᠳᠤ ᠬᠠᠷᠠᠭᠠᠯᠵᠠᠬᠰᠠᠨ ᠲᠠᠰ᠎ᠤᠨ ᠮᠡᠷᠭᠡᠵᠢᠯ᠎ᠦᠨ ᠴᠣᠯᠠ᠎ᠶᠢᠨ ᠬᠢᠨᠠᠨ ᠲᠣᠭᠲᠠᠭᠠᠯᠲᠠ ᠪᠤᠶᠤ ᠮᠠᠭᠠᠳᠯᠠᠨ ᠲᠣᠭᠲᠠᠭᠠᠯᠲᠠ ᠬᠢᠬᠦ ᠦᠭᠡᠢ᠃

3. ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠳᠤ ᠬᠢᠨᠠᠨ ᠰᠢᠯᠭᠠᠬᠤ ᠪᠠ ᠦᠨᠡᠯᠡᠨ ᠲᠤᠭᠲᠠᠭᠠᠬᠤ᠎ᠶᠢ ᠤᠶᠠᠯᠳᠤᠭᠤᠯᠤᠭᠰᠠᠨ ᠰᠢᠷᠢᠰ(ᠲᠤᠰᠬᠠᠢ ᠮᠡᠷᠭᠡᠵᠢᠯ)᠎ᠤᠨ ᠮᠡᠷᠭᠡᠵᠢᠯ᠎ᠦᠨ ᠴᠣᠯᠠ᠎ᠳᠦ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠡᠷᠬᠡᠪᠰᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠵᠣᠬᠢᠶᠠᠨ ᠪᠠᠢᠭᠤᠯᠤᠭᠰᠠᠨ ᠰᠢᠯᠭᠠᠯᠲᠠ᠎ᠳᠤ ᠣᠷᠣᠯᠴᠠᠵᠤ᠂ ᠬᠢᠷᠢ ᠪᠦᠲᠦᠮᠵᠢ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠬᠢᠷᠢ ᠲᠡᠩᠴᠡᠭᠰᠡᠨ ᠱᠤᠭᠤᠮ᠎ᠳᠤ ᠬᠦᠷᠬᠦ᠎ᠶᠢᠨ ᠬᠠᠮᠲᠤ ᠬᠦᠴᠦᠨ᠎ᠪᠦᠬᠦᠢ ᠬᠤᠭᠤᠴᠠᠭᠠᠨ᠎ᠳᠤ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠯᠭᠠᠬᠤ᠎ᠪᠠᠷ ᠮᠡᠳᠡᠭᠦᠯᠵᠦ ᠪᠣᠯᠣᠨ᠎ᠠ᠃

4. ᠬᠣᠰᠢᠭᠤ ᠰᠢᠶᠠᠨ(ᠬᠣᠲᠠ᠂ ᠲᠣᠭᠣᠷᠢᠭ᠋) ᠪᠣᠯᠣᠨ ᠰᠤᠮᠤ ᠰᠢᠶᠠᠩ ᠪᠠᠯᠭᠠᠰᠤ᠎ᠶᠢᠨ ᠲᠤᠰᠬᠠᠢ ᠮᠡᠷᠭᠡᠵᠢᠯ᠎ᠦᠨ ᠠᠵᠢᠯᠲᠠᠨ ᠭᠤᠶᠤᠴᠢᠯᠠᠨ  ᠮᠡᠳᠡᠭᠦᠯᠪᠡᠯ᠂ ᠰᠢᠯᠭᠠᠷᠠᠭᠤᠯᠬᠤ ᠺᠣᠮᠢᠰ ᠨᠢ ᠪᠣᠳᠠᠲᠤ ᠪᠠᠢᠳᠠᠯ᠎ᠢᠶᠠᠨ ᠦᠨᠳᠦᠰᠦᠯᠡᠨ ᠲᠤᠰᠠᠭᠠᠷ ᠳᠤᠭᠤᠢᠯᠠᠩ ᠪᠠᠢᠭᠤᠯᠤᠨ ᠬᠢᠨᠠᠨ ᠲᠣᠭᠲᠠᠭᠠᠵᠤ ᠪᠣᠯᠣᠨ᠎ᠠ᠃

5. ᠡᠯ᠎ᠡ ᠠᠢᠮᠠᠭ ᠬᠣᠲᠠ᠂ ᠡᠯ᠎ᠡ ᠰᠢᠯᠭᠠᠷᠠᠭᠤᠯᠬᠤ ᠺᠣᠮᠢᠰ ᠨᠢ ᠨᠡᠶ᠋ᠢᠲᠡ᠎ᠶᠢᠨ ᠥᠮᠴᠢᠯᠡᠯ᠎ᠦᠨ ᠪᠤᠰᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠪᠤᠶᠤ《ᠲᠤᠰᠬᠠᠢ ᠨᠠᠷᠢᠯᠢᠭ ᠣᠨᠴᠠ ᠰᠢᠨ᠎ᠡ》ᠳᠤᠮᠳᠠ ᠵᠢᠵᠢᠭ ᠠᠵᠤ ᠠᠬᠤᠢᠯᠠᠯ ᠪᠠ ᠦᠢᠯᠡᠳᠬᠦ ᠦᠢᠯᠡᠰ᠎ᠦᠨ ᠳ᠋ᠠᠩ ᠲᠦᠷᠦᠯ᠎ᠤᠨ ᠮᠠᠩᠯᠠᠢᠯᠠᠭᠴᠢ ᠠᠵᠤ ᠠᠬᠤᠢᠯᠠᠯ᠎ᠤᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠲᠤᠰᠠᠭᠠᠷ ᠳᠤᠭᠤᠢᠯᠠᠩ ᠬᠤᠪᠢᠶᠠᠵᠤ᠂ ᠲᠤᠰᠠᠭᠠᠷ ᠬᠢᠨᠠᠨ ᠲᠣᠭᠲᠠᠭᠠᠬᠤ ᠪᠤᠶᠤ ᠲᠤᠰᠬᠠᠢ ᠵᠦᠢᠯ᠎ᠦᠨ ᠬᠢᠨᠠᠨ ᠲᠣᠭᠲᠠᠭᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠦᠨ᠎ᠡ᠃ ᠮᠡᠷᠭᠡᠵᠢᠯ᠎ᠦᠨ ᠰᠢᠨ᠎ᠡ᠎ᠶᠢ ᠡᠭᠦᠳᠬᠦ᠂ ᠲᠤᠰᠬᠠᠢ ᠠᠰᠢᠭ᠋᠎ᠤᠨ ᠡᠭᠦᠳᠦᠯᠲᠡ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠲᠠᠯ᠎ᠠ᠎ᠪᠠᠷ ᠣᠯᠣᠭᠰᠠᠨ ᠠᠵᠢᠯ᠎ᠤᠨ ᠠᠮᠵᠢᠯᠲᠠ ᠪᠦᠲᠦᠮᠵᠢ᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠮᠡᠷᠭᠡᠵᠢᠯ᠎ᠦᠨ ᠴᠣᠯᠠ ᠬᠢᠨᠠᠨ ᠲᠣᠭᠲᠠᠭᠠᠯᠳᠠ᠎ᠶᠢᠨ ᠭᠣᠣᠯ ᠦᠨᠡᠯᠡᠬᠦ ᠭᠦᠢᠴᠡᠳᠬᠡᠯ ᠲᠣᠭ᠎ᠠ ᠪᠣᠯᠭᠠᠨ᠎ᠠ᠃

(ᠬᠣᠶᠠᠷ)ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠰᠠᠭᠠᠳ ᠦᠭᠡᠢ ᠨᠡᠪᠲᠡᠷᠡᠬᠦ ᠵᠠᠮ᠎ᠢ ᠰᠢᠯᠢᠳᠡᠭᠵᠢᠭᠦᠯᠦᠨ᠎ᠡ

《ᠰᠢᠨ᠎ᠡ ᠴᠠᠭ ᠦᠶ᠎ᠡ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠰᠢᠯᠢᠨ ᠰᠣᠩᠭᠣᠵᠤ ᠬᠥᠮᠥᠵᠢᠭᠦᠯᠬᠦ ᠲᠥᠷᠥᠯ ᠵᠦᠢᠯ》᠎ᠤᠨ ᠲᠠᠰ ᠳᠠᠪᠬᠤᠷᠭ᠎ᠠ᠎ᠳᠤ ᠰᠣᠩᠭᠣᠭᠳᠠᠭᠰᠠᠨ ᠪᠠᠢᠪᠠᠯ᠂ ᠵᠢᠩᠬᠢᠨᠢ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠪᠠᠷ ᠰᠢᠭᠤᠳ ᠭᠤᠶᠤᠴᠢᠯᠠᠵᠤ ᠪᠣᠯᠣᠨ᠎ᠠ; 《ᠰᠢᠨ᠎ᠡ ᠴᠠᠭ ᠦᠶ᠎ᠡ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠰᠣᠩᠭᠣᠨ ᠬᠥᠮᠥᠵᠢᠭᠦᠯᠬᠦ ᠲᠥᠷᠥᠯ ᠵᠦᠢᠯ》᠎ᠤᠨ ᠬᠣᠶᠠᠳᠤᠭᠠᠷ ᠳᠡᠰ ᠪᠤᠶᠤ ᠥᠪᠡᠷᠲᠡᠭᠡᠨ ᠵᠠᠰᠠᠬᠤ ᠣᠷᠣᠨ᠎ᠤ《ᠴᠢᠳᠠᠪᠤᠷᠢᠲᠠᠨ ᠵᠢᠡᠷ ᠥᠪᠥᠷ ᠮᠣᠩᠭᠣᠯ ᠎ᠢᠶᠠᠨ ᠮᠠᠨᠳᠤᠭᠤᠯᠬᠤ》 ᠢᠨᠵᠧᠨᠧᠷᠢᠩ᠎ᠦᠨ ᠵᠠᠯᠠᠭᠤ ᠣᠷᠣᠢᠯᠠᠭᠰᠠᠨ ᠴᠢᠳᠠᠪᠤᠷᠢᠲᠠᠨ᠎ᠢ ᠲᠤᠰᠬᠠᠢ ᠬᠥᠮᠥᠵᠢᠭᠦᠯᠬᠦ ᠲᠥᠯᠥᠪᠯᠡᠭᠡ᠎ᠳᠦ ᠰᠣᠩᠭᠣᠭᠳᠠᠭᠰᠠᠨ ᠪᠠᠢᠪᠠᠯ᠂ ᠰᠢᠭᠤᠳ ᠦᠨᠳᠦᠷ ᠨᠢᠭᠡ ᠳᠡᠰ᠎ᠤᠨ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠵᠦ ᠪᠣᠯᠣᠨ᠎ᠠ;《ᠰᠢᠨ᠎ᠡ ᠴᠠᠭ ᠦᠶ᠎ᠡ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠰᠣᠩᠭᠣᠨ ᠬᠥᠮᠥᠵᠢᠭᠦᠯᠬᠦ ᠲᠥᠷᠥᠯ ᠵᠦᠢᠯ》᠎ᠤᠨ ᠭᠤᠷᠪᠠᠳᠤᠭᠠᠷ ᠲᠠᠰ ᠳᠠᠪᠬᠤᠷᠭ᠎ᠠ᠎ᠳᠤ ᠰᠣᠩᠭᠣᠭᠳᠠᠭᠰᠠᠨ ᠪᠥᠭᠡᠳ ᠬᠣᠰᠢᠭᠤ ᠰᠢᠶᠠᠨ(ᠬᠣᠲᠠ᠂ ᠲᠣᠭᠣᠷᠢᠭ᠋) ᠵᠢᠴᠢ ᠲᠡᠭᠦᠨ᠎ᠡᠴᠡ ᠳᠣᠷᠣᠭ᠍ᠰᠢᠬᠢ ᠭᠠᠵᠠᠷ ᠣᠷᠣᠨ᠎ᠤ ᠨᠢᠭᠡᠴᠢ᠎ᠳᠦ ᠠᠵᠢᠯᠯᠠᠵᠤ ᠪᠠᠢᠪᠠᠯ᠂ ᠳᠤᠮᠳᠠ ᠵᠡᠷᠭᠡ᠎ᠶᠢᠨ ᠮᠡᠷᠭᠡᠵᠢᠯ᠎ᠦᠨ ᠴᠣᠯᠠ᠎ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃

(ᠭᠤᠷᠪᠠ)ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠎ᠤᠨ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ᠎ᠦᠨ ᠴᠣᠯᠠ᠎ᠶᠢᠨ ᠬᠠᠷᠠᠭᠠᠯᠵᠠᠯ ᠦᠵᠡᠭᠦᠯᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ

1. ᠬᠣᠰᠢᠭᠤ ᠰᠢᠶᠠᠨ(ᠬᠣᠲᠠ᠂ ᠲᠣᠭᠣᠷᠢᠭ᠋)᠎ᠳᠤ ᠲᠤᠰᠬᠠᠢ ᠮᠡᠷᠭᠡᠵᠢᠯ᠎ᠦᠨ ᠠᠵᠢᠯ ᠬᠢᠭᠡᠳ ᠪᠦᠬᠦᠯᠢ 30 ᠵᠢᠯ ᠪᠣᠯᠤᠭᠰᠠᠨ ᠪᠤᠶᠤ ᠰᠤᠮᠤ ᠰᠢᠶᠠᠩ ᠪᠠᠯᠭᠠᠰᠤ᠎ᠳᠤ ᠲᠤᠰᠬᠠᠢ ᠮᠡᠷᠭᠡᠵᠢᠯ᠎ᠦᠨ ᠠᠵᠢᠯ ᠬᠢᠭᠡᠳ ᠪᠦᠬᠦᠯᠢ 20 ᠵᠢᠯ ᠪᠣᠯᠤᠭᠰᠠᠨ ᠰᠢᠯᠢᠳᠡᠭ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠳᠤ ᠰᠤᠷᠤᠯᠭ᠎ᠠ᠎ᠶᠢᠨ ᠨᠠᠮᠲᠠᠷ᠂ ᠲᠤᠰᠬᠠᠢ ᠮᠡᠷᠭᠡᠵᠢᠯ ᠪᠠ ᠨᠢᠭᠡᠴᠢ᠎ᠶᠢᠨ ᠠᠵᠢᠯ᠎ᠤᠨ ᠪᠠᠢᠷᠢ᠎ᠶᠢᠨ ᠲᠤᠰᠢᠶᠠᠯ᠎ᠤᠨ ᠲᠣᠭ᠎ᠠ᠎ᠶᠢᠨ ᠬᠢᠵᠠᠭᠠᠷᠯᠠᠯ᠎ᠢ ᠬᠦᠯᠢᠶᠡᠬᠦ ᠦᠭᠡᠢ᠂ ᠠᠵᠢᠯ᠎ᠤᠨ ᠠᠮᠵᠢᠯᠲᠠ ᠦᠷ᠎ᠡ ᠪᠦᠲᠦᠭᠡᠯ ᠵᠡᠷᠭᠡ ᠪᠤᠰᠤᠳ ᠨᠥᠬᠥᠴᠡᠯ᠎ᠳᠦ ᠨᠡᠢᠴᠡᠭᠰᠡᠨ ᠪᠠᠢᠳᠠᠯ ᠳᠣᠣᠷ᠎ᠠ᠂ ᠱᠠᠲᠤ ᠦᠰᠦᠷᠦᠭᠦᠯᠦᠨ ᠳᠡᠭᠡᠳᠦ ᠨᠢᠭᠡ ᠳᠡᠰ᠎ᠤᠨ ᠮᠡᠷᠭᠡᠵᠢᠯ᠎ᠦᠨ ᠴᠣᠯᠠ ᠲᠣᠭᠲᠠᠭᠠᠬᠤ ᠪᠠ ᠤᠷᠢᠨ ᠬᠡᠷᠡᠭᠯᠡᠬᠦ᠎ᠳᠦ ᠣᠷᠣᠯᠴᠠᠵᠤ ᠪᠣᠯᠣᠨ᠎ᠠ᠃

2. ᠰᠤᠮᠤ ᠰᠢᠶᠠᠩ ᠪᠠᠯᠭᠠᠰᠤ᠎ᠶᠢᠨ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠪᠦᠬᠦᠯᠢ 2 ᠵᠢᠯ ᠠᠵᠢᠯᠯᠠᠭᠰᠠᠨ ᠵᠢᠩᠬᠢᠨᠢ ᠠᠩᠭᠢ᠎ᠠᠴᠠ ᠲᠡᠭᠦᠰᠦᠭᠰᠡᠳ ᠪᠠ ᠪᠦᠬᠦᠯᠢ 4 ᠵᠢᠯ ᠠᠵᠢᠯᠯᠠᠭᠰᠠᠨ ᠲᠤᠰᠬᠠᠢ ᠮᠡᠷᠭᠡᠵᠢᠯ᠎ᠦᠨ ᠰᠤᠷᠭᠠᠭᠤᠯᠢ ᠲᠡᠭᠦᠰᠦᠭᠰᠡᠳ ᠬᠢᠨᠠᠨ ᠰᠢᠯᠭᠠᠭᠠᠳ ᠬᠢᠷᠢ ᠲᠡᠩᠴᠡᠪᠡᠯ᠂ ᠳᠤᠮᠳᠠ ᠵᠡᠷᠭᠡ᠎ᠶᠢᠨ ᠮᠡᠷᠭᠡᠵᠢᠯ᠎ᠦᠨ ᠴᠣᠯᠠ᠎ᠶᠢᠨ ᠬᠢᠨᠠᠨ ᠲᠣᠭᠲᠠᠭᠠᠯᠳᠠ᠎ᠳᠤ ᠰᠢᠭᠤᠳ ᠣᠷᠣᠯᠴᠠᠵᠤ ᠪᠣᠯᠣᠨ᠎ᠠ᠃

3. ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠂ ᠡᠮᠴᠢ ᠨᠠᠷ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠳᠤ ᠳᠡᠪᠰᠢᠬᠦ᠎ᠳᠦ᠂ ᠵᠠᠷᠴᠢᠮ ᠳᠡᠭᠡᠷ᠎ᠡ᠎ᠪᠡᠨ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠳᠤ 1 ᠵᠢᠯ᠎ᠡᠴᠡ ᠳᠡᠭᠡᠭᠰᠢ ᠠᠵᠢᠯᠯᠠᠭᠰᠠᠨ ᠥᠩᠭᠡᠷᠡᠯᠲᠡ᠎ᠲᠠᠢ ᠪᠠᠢᠵᠤ᠂ ᠨᠡᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠦᠨᠳᠦᠰᠦᠨ ᠱᠠᠲᠤᠨ᠎ᠳᠤ ᠣᠴᠢᠵᠤ ᠦᠢᠯᠡᠴᠢᠯᠡᠬᠦ᠎ᠶᠢ ᠵᠣᠷᠢᠭ᠍ᠵᠢᠭᠤᠯᠤᠨ ᠬᠥᠲᠥᠯᠥᠨ ᠵᠢᠯᠤᠭᠣᠳᠬᠤ ᠬᠡᠷᠡᠭᠲᠡᠢ᠃ ᠬᠣᠲᠠ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠲᠤᠬᠠᠢ᠎ᠶᠢᠨ ᠵᠢᠯ᠎ᠦᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ᠎ᠳᠤ ᠦᠢᠯᠡᠴᠢᠯᠡᠭᠰᠡᠨ ᠴᠠᠭ ᠨᠢ 3 ᠰᠠᠷ᠎ᠠ᠎ᠠᠴᠠ ᠳᠡᠭᠡᠭᠰᠢ ᠪᠣᠯᠤᠭᠰᠠᠨ ᠪᠣᠯ ᠮᠡᠷᠭᠡᠵᠢᠯ᠎ᠦᠨ ᠴᠣᠯᠠ ᠮᠡᠳᠡᠭᠦᠯᠬᠦ᠎ᠳᠡᠭᠡᠨ ᠲᠤᠰ ᠵᠢᠯ᠎ᠦᠨ ᠦᠷᠭᠦᠯᠵᠢᠯᠡᠭᠰᠡᠨ ᠰᠤᠷᠭᠠᠨ ᠬᠥᠮᠥᠵᠢᠯ᠎ᠤᠨ ᠬᠢᠴᠢᠶᠡᠯ᠎ᠦᠨ ᠴᠠᠭ᠎ᠤᠨ ᠱᠠᠭᠠᠷᠳᠠᠯᠭ᠎ᠠ᠎ᠶᠢ ᠬᠡᠯᠲᠦᠷᠢᠭᠦᠯᠵᠦ ᠪᠣᠯᠣᠨ᠎ᠠ; ᠣᠲᠣ᠌᠎ᠶᠢᠨ ᠪᠠᠢᠭ᠎ᠠ ᠮᠡᠷᠭᠡᠵᠢᠯ᠎ᠦᠨ ᠴᠣᠯᠠ᠎ᠶᠢ ᠣᠯᠣᠭᠰᠠᠨ᠎ᠤ ᠳᠠᠷᠠᠭ᠎ᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ᠎ᠳᠤ ᠦᠢᠯᠡᠴᠢᠯᠡᠭᠰᠡᠨ ᠵᠢᠯ ᠬᠤᠭᠤᠴᠠᠭ᠎ᠠ ᠨᠢ 3 ᠵᠢᠯ᠎ᠡᠴᠡ ᠳᠡᠭᠡᠭᠰᠢ ᠪᠣᠯᠤᠭᠰᠠᠨ ᠪᠥᠭᠡᠳ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠪᠠᠢᠪᠠᠯ᠂ 1 ᠵᠢᠯ ᠤᠷᠢᠳᠴᠢᠯᠠᠨ  ᠦᠨᠳᠦᠷ ᠨᠢᠭᠡ ᠳᠡᠰ᠎ᠤᠨ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠣᠷᠣᠯᠴᠠᠵᠤ ᠪᠣᠯᠣᠨ᠎ᠠ᠃

(ᠳᠥᠷᠪᠡ)ᠨᠡᠶ᠋ᠢᠲᠡ᠎ᠶᠢᠨ ᠥᠮᠴᠢᠯᠡᠯ᠎ᠦᠨ ᠪᠤᠰᠤ ᠬᠦᠷᠢᠶᠡᠨ᠎ᠦ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ᠎ᠦᠨ ᠴᠣᠯᠠ᠎ᠳᠤ ᠬᠡᠯᠪᠡᠢᠯᠭᠡᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ

 ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠂ ᠨᠡᠢᠭᠡᠮ᠎ᠦᠨ ᠪᠦᠯᠬᠦᠮ ᠵᠢᠴᠢ ᠪᠤᠰᠤᠳ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠨᠢ ᠡᠩ᠎ᠦᠨ ᠪᠠᠢᠳᠠᠯ᠎ᠳᠤ ᠬᠥᠳᠡᠯᠮᠦᠷᠢ᠎ᠶᠢᠨ ᠬᠠᠷᠢᠴᠠᠭ᠎ᠠ᠎ᠶᠢᠨ ᠪᠠᠢᠭ᠎ᠠ ᠭᠠᠵᠠᠷ᠎ᠲᠤ ᠮᠡᠷᠭᠡᠵᠢᠯ᠎ᠦᠨ ᠴᠣᠯᠠ ᠬᠢᠨᠠᠨ ᠲᠣᠭᠲᠠᠭᠠᠯᠭᠠᠬᠤ᠎ᠪᠠᠷ ᠮᠡᠳᠡᠭᠦᠯᠵᠦ᠂ ᠠᠯᠪᠠᠨ᠎ᠠᠴᠠ ᠪᠠᠢᠭᠤᠯᠤᠭᠰᠠᠨ ᠪᠠᠢᠭᠤᠯᠤᠮᠵᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠯᠤᠭ᠎ᠠ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠲᠠᠯ᠎ᠠ᠎ᠪᠠᠷ ᠠᠳᠠᠯᠢ ᠲᠡᠭᠰᠢ ᠣᠯᠭᠣᠮᠵᠢ ᠭᠥᠷᠳᠡᠨ᠎ᠡ᠃

(ᠲᠠᠪᠤ)ᠨᠥᠬᠥᠴᠡᠯ᠎ᠳᠦ ᠨᠡᠢᠴᠡᠬᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠭᠥᠷᠳᠡᠭᠰᠡᠨ ᠦᠭᠡᠢ ᠨᠢᠭᠡᠳᠦᠭᠡᠷ ᠹᠷᠣᠨᠲ᠎ᠤᠨ ᠡᠮᠴᠢᠯᠡᠭᠡᠨ᠎ᠦ ᠠᠵᠢᠯᠲᠠᠨ᠎ᠳᠤ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ ᠬᠡᠯᠪᠡᠢᠯᠭᠡᠬᠦ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ

ᠨᠥᠬᠥᠴᠡᠯ᠎ᠳᠦ ᠨᠡᠢᠴᠡᠬᠦ ᠬᠥᠮᠥᠰ ᠵᠠᠷᠴᠢᠮ ᠳᠡᠭᠡᠷ᠎ᠡ᠎ᠪᠡᠨ ᠨᠢᠭᠡ ᠯᠡ ᠤᠳᠠᠭ᠎ᠠ ᠲᠥᠷᠥ᠎ᠶᠢᠨ ᠪᠣᠳᠣᠯᠭ᠎ᠠ᠎ᠶᠢᠨ ᠬᠠᠷᠠᠭᠠᠯᠵᠠᠯ ᠭᠥᠷᠳᠡᠨ᠎ᠡ᠃ ᠲᠥᠷᠥ᠎ᠶᠢᠨ ᠪᠣᠳᠣᠯᠭ᠎ᠠ ᠨᠢ 2026 ᠣᠨ᠎ᠤ ᠡᠴᠦᠰ ᠪᠣᠯᠲᠠᠯ᠎ᠠ ᠦᠷᠭᠦᠯᠵᠢᠯᠡᠨ᠎ᠡ᠃ 

ᠢᠷᠡᠯᠲᠡ᠄ ᠥᠪᠥᠷ ᠮᠣᠩᠭᠣᠯ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠯᠪᠠᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号