ᠬᠣᠪᠣᠷ ᠰᠢᠷᠣᠢ᠎ᠶᠢᠨ ᠠᠮᠢᠳᠤ ᠪᠣᠳᠠᠰ᠎ᠤᠨ ᠲᠡᠮᠦᠷᠯᠢᠭ ᠬᠠᠢᠯᠤᠭᠤᠯᠬᠤ ᠬᠠᠮᠲᠤᠷᠠᠭᠰᠠᠨ ᠰᠤᠳᠤᠯᠤᠨ ᠨᠡᠭᠡᠭᠡᠬᠦ ᠰᠠᠭᠤᠷᠢᠨ ᠪᠤᠭᠤᠲᠤ ᠎ᠳᠤ ᠪᠠᠢᠭᠤᠯᠤᠭᠳᠠᠪᠠ
2025-06-09 17:41:47
ᠵᠣᠬᠢᠶᠠᠭ᠍ᠴᠢ᠄
​ ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 8᠎ᠤ ᠡᠳᠦᠷ᠂《ᠬᠣᠶᠠᠷ ᠬᠣᠪᠣᠷ ᠰᠢᠷᠣᠢ ᠎ᠶᠢᠨ ᠰᠠᠭᠤᠷᠢᠨ》᠎ᠤ ᠪᠦᠲᠦᠭᠡᠨ ᠪᠠᠢᠭᠤᠯᠤᠯᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ ᠰᠤᠳᠤᠯᠤᠨ ᠶᠠᠷᠢᠯᠴᠠᠬᠤ ᠬᠤᠷᠠᠯ ᠪᠤᠭᠤᠲᠤ᠎ᠳᠤ ᠶᠠᠪᠤᠭᠳᠠᠪᠠ᠃ ᠬᠣᠪᠣᠷ ᠰᠢᠷᠣᠢ᠎ᠶᠢᠨ ᠬᠦᠷᠢᠶᠡᠨ᠎ᠦ ᠠᠺᠠᠳᠧᠮᠢᠴᠢ ᠲᠤᠰᠬᠠᠢ ᠮᠡᠷᠭᠡᠵᠢᠯᠲᠡᠨ ᠪᠣᠯᠣᠨ ᠠᠵᠢᠯ ᠲᠦᠷᠦᠯ᠎ᠦᠨ ᠡᠷᠳᠡᠮ ᠰᠢᠨᠵᠢᠯᠡᠭᠡᠨ᠎ᠦ ᠨᠡᠢᠭᠡᠮᠯᠢᠭ᠂ ᠶᠡᠬᠡ ᠳᠡᠭᠡᠳᠦ ᠰᠤᠷᠭᠠᠭᠤᠯᠢ᠎ᠶᠢᠨ ᠬᠦᠷᠢᠶᠡᠯᠡᠩ ᠭᠠᠵᠠᠷ᠂ ᠰᠢᠨ᠎ᠡ᠎ᠶᠢ ᠡᠭᠦᠳᠬᠦ ᠲᠠᠪᠴᠠᠩ᠂ ᠬᠣᠪᠣᠷ ᠰᠢᠷᠣᠢ᠎ᠶᠢᠨ ᠠᠵᠤ ᠠᠬᠤᠢᠯᠠᠯ᠎ᠤᠨ ᠲᠤᠰᠬᠠᠢ ᠮᠡᠷᠭᠡᠵᠢᠯ᠎ᠦᠨ ᠬᠥᠮᠥᠰ ᠪᠤᠭᠤᠲᠤ᠎ᠳᠤ ᠴᠤᠭᠯᠠᠷᠠᠵᠤ᠂《ᠬᠣᠶᠠᠷ ᠬᠣᠪᠣᠷ ᠰᠢᠷᠣᠢ᠎ᠶᠢᠨ ᠰᠠᠭᠤᠷᠢᠨ》᠎ᠤ ᠪᠦᠲᠦᠭᠡᠨ ᠪᠠᠢᠭᠤᠯᠤᠯᠲᠠ᠎ᠶᠢᠨ ᠣᠯᠣᠭᠰᠠᠨ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠬᠠᠮᠲᠤ᠎ᠪᠠᠷ ᠭᠡᠷᠡᠴᠢᠯᠡᠵᠦ᠂ ᠬᠣᠪᠣᠷ ᠰᠢᠷᠣᠢ᠎ᠶᠢᠨ ᠠᠵᠤ ᠦᠢᠯᠡᠰ᠎ᠦᠨ ᠬᠥᠭᠵᠢᠯᠲᠡ᠎ᠳᠦ ᠲᠤᠯᠭᠠᠷᠠᠵᠤ ᠪᠠᠢᠭ᠎ᠠ ᠪᠠᠢᠳᠠᠯ᠎ᠢ ᠬᠠᠮᠲᠤ᠎ᠪᠠᠷ ᠵᠠᠳᠠᠯᠵᠤ᠂ ᠬᠥᠭᠵᠢᠯᠲᠡ᠎ᠶᠢᠨ ᠰᠠᠢᠨ ᠪᠣᠳᠣᠯᠭ᠎ᠠ᠎ᠶᠢ ᠬᠠᠮᠲᠤ᠎ᠪᠠᠷ ᠵᠥᠪᠳᠡᠯᠴᠡᠵᠦ᠂《ᠬᠣᠶᠠᠷ ᠬᠣᠪᠣᠷ ᠰᠢᠷᠣᠢ᠎ᠶᠢᠨ ᠰᠠᠭᠤᠷᠢᠨ》᠎ᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠬᠣᠪᠣᠷ ᠰᠢᠷᠣᠢ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠨᠡᠩ ᠶᠡᠬᠡ ᠰᠢᠨ᠎ᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠪᠠ᠃

ᠡᠨᠡ ᠬᠤᠭᠤᠴᠠᠭᠠᠨ᠎ᠳᠤ᠂ ᠯᠦ᠍ ᠴᠧᠩ ᠲᠤᠷᠰᠢᠯᠲᠠ᠎ᠶᠢᠨ ᠲᠠᠰᠤᠭ᠎ᠤᠨ ᠡᠷᠳᠡᠮ ᠰᠢᠨᠵᠢᠯᠡᠭᠡᠨ᠎ᠦ ᠵᠥᠪᠯᠡᠯ ᠵᠢᠴᠢ ᠬᠡᠷᠡᠭ ᠡᠷᠬᠢᠯᠡᠭᠴᠢᠳ᠎ᠦᠨ ᠵᠦᠪᠯᠡᠯ᠎ᠤᠨ ᠬᠤᠷᠠᠯ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠲᠤᠰᠬᠠᠢ ᠮᠡᠷᠭᠡᠵᠢᠯᠲᠡᠨ᠎ᠦ ᠯᠠᠪᠯᠠᠭ᠎ᠠ᠎ᠶᠢᠨ ᠵᠥᠪᠯᠡᠯ ᠵᠢᠴᠢ ᠬᠡᠷᠡᠭ ᠡᠷᠬᠢᠯᠡᠭᠴᠢᠳ᠎ᠦᠨ ᠵᠦᠪᠯᠡᠯ᠎ᠤᠨ ᠬᠤᠷᠠᠯ᠂ ᠪᠠᠶᠠᠨ᠌ᠠᠤᠪᠤᠭ᠎ᠠ᠎ᠶᠢᠨ ᠪᠥᠬᠥ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠤᠨ ᠡᠷᠳᠡᠮ ᠰᠢᠨᠵᠢᠯᠡᠭᠡᠨ᠎ᠦ ᠵᠥᠪᠯᠡᠯ᠎ᠦᠨ ᠬᠤᠷᠠᠯ᠎ᠢ ᠵᠡᠷᠭᠡ᠎ᠪᠡᠷ ᠶᠠᠪᠤᠭᠳᠠᠭᠤᠯᠪᠠ᠃

2023 ᠣᠨ᠎ᠠᠴᠠ ᠨᠠᠭᠠᠰᠢ᠂ ᠪᠤᠭᠤᠲᠤ ᠬᠣᠲᠠ᠎ᠶᠢᠨ ᠬᠣᠪᠣᠷ ᠰᠢᠷᠣᠢ᠎ᠶᠢᠨ ᠠᠵᠤ ᠦᠢᠯᠡᠰ ᠦᠳᠲᠡᠷ ᠲᠦᠷᠭᠡᠨ ᠲᠥᠪᠯᠡᠷᠡᠨ ᠬᠥᠭᠵᠢᠵᠦ᠂ ᠲᠦᠭᠦᠬᠡᠢ ᠮᠠᠲᠧᠷᠢᠶᠠᠯ᠎ᠤᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠦ᠂ ᠪᠥᠬᠥ ᠤᠯᠤᠰ᠎ᠤᠨ ᠦᠢᠯᠡᠳᠪᠦᠷᠢᠯᠡᠬᠦ ᠴᠢᠳᠠᠪᠤᠷᠢ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠰᠠᠭᠤᠷᠢᠨ᠎ᠢ ᠪᠠᠢᠭᠤᠯᠤᠨ᠂ ᠪᠥᠬᠥ ᠲᠡᠯᠡᠬᠡᠢ᠎ᠳᠦ ᠲᠡᠷᠢᠭᠦᠯᠡᠭᠰᠡᠨ ᠬᠣᠪᠣᠷ ᠰᠢᠷᠣᠢ᠎ᠶᠢᠨ ᠬᠡᠷᠡᠭᠯᠡᠭᠡᠨ᠎ᠦ ᠰᠠᠭᠤᠷᠢᠨ ᠳᠠᠰᠢ ᠳᠡᠰ ᠳᠠᠪᠰᠢᠬᠦ᠎ᠪᠠᠨ ᠲᠦᠷᠭᠡᠳᠬᠡᠵᠦ᠂ ᠬᠣᠪᠣᠷ ᠰᠢᠷᠣᠢ᠎ᠶᠢᠨ ᠠᠵᠤ ᠦᠢᠯᠡᠰ᠎ᠦᠨ ᠦᠢᠯᠡᠳᠬᠦᠨ᠎ᠦ ᠥᠷᠲᠡᠭ ᠮᠢᠩᠭᠠᠨ ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠵᠤ᠂ 2022 ᠣᠨ᠎ᠤ ᠬᠢ᠎ᠡᠴᠡ 63% ᠪᠠᠷ ᠨᠡᠮᠡᠭᠳᠡᠵᠦ᠂《ᠬᠣᠶᠠᠷ ᠬᠣᠪᠣᠷ ᠰᠢᠷᠣᠢ᠎ᠶᠢᠨ ᠰᠠᠭᠤᠷᠢᠨ》᠎ᠤ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠪᠠ᠃

6 ᠰᠠᠷ᠎ᠠ᠎ᠶᠢᠨ 7᠎ᠤ ᠡᠳᠦᠷ᠂ ᠤᠮᠠᠷᠠᠲᠤ᠎ᠶᠢᠨ ᠬᠣᠪᠣᠷ ᠰᠢᠷᠣᠢ᠎ᠶᠢᠨ ᠠᠵᠤ ᠦᠢᠯᠡᠰ᠎ᠦᠨ ᠮᠡᠷᠭᠡᠵᠢᠯ᠎ᠦᠨ ᠰᠤᠳᠤᠯᠤᠨ ᠨᠡᠭᠡᠭᠡᠬᠦ ᠲᠥᠪ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠬᠣᠪᠣᠷ ᠰᠢᠷᠣᠢ᠎ᠶᠢᠨ ᠠᠮᠢᠳᠤ ᠪᠣᠳᠠᠰ᠎ᠤᠨ ᠲᠡᠮᠦᠷᠯᠢᠭ ᠬᠠᠢᠯᠤᠭᠤᠯᠬᠤ ᠬᠠᠮᠲᠤᠷᠠᠭᠰᠠᠨ ᠰᠤᠳᠤᠯᠤᠨ ᠨᠡᠭᠡᠭᠡᠬᠦ ᠰᠠᠭᠤᠷᠢᠨ ᠤᠮᠠᠷᠠᠲᠤ᠎ᠶᠢᠨ ᠬᠣᠪᠣᠷ ᠰᠢᠷᠣᠢ᠎ᠶᠢᠨ ᠲᠡᠮᠦᠷᠯᠢᠭ ᠬᠠᠢᠯᠤᠭᠤᠯᠬᠤ ᠬᠤᠪᠢᠶᠠᠷᠢ ᠺᠣᠮᠫᠠᠨᠢ(ᠬᠤᠸᠠ ᠮᠧᠢ ᠺᠣᠮᠫᠠᠨᠢ)ᠳ᠋ᠤ᠌ ᠫᠠᠢᠰᠠ ᠰᠡᠭᠦᠵᠦ᠂ ᠮᠠᠨ᠎ᠤ ᠤᠯᠤᠰ ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠪᠣᠬᠢᠷᠲᠤᠯ ᠦᠭᠡᠢ ᠥᠨᠳᠥᠷ ᠪᠦᠲᠦᠮᠵᠢᠲᠡᠢ᠎ᠪᠡᠷ ᠡᠭᠡᠭᠦᠯᠦᠨ ᠬᠤᠷᠢᠶᠠᠬᠤ ᠬᠦᠷᠢᠶᠡᠨ᠎ᠳᠦ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠯ᠎ᠠ᠃

ᠲᠠᠨᠢᠯᠴᠠᠭᠤᠯᠤᠭᠰᠠᠨ᠎ᠢᠶᠠᠷ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠬᠣᠪᠣᠷ ᠰᠢᠷᠣᠢ᠎ᠶᠢᠨ ᠠᠮᠢᠳᠤ ᠪᠣᠳᠠᠰ᠎ᠤᠨ ᠲᠡᠮᠦᠷᠯᠢᠭ ᠬᠠᠢᠯᠤᠭᠤᠯᠬᠤ ᠬᠠᠮᠲᠤᠷᠠᠭᠰᠠᠨ ᠰᠤᠳᠤᠯᠤᠨ ᠨᠡᠭᠡᠭᠡᠬᠦ ᠰᠠᠭᠤᠷᠢᠨ ᠨᠢ ᠬᠣᠪᠣᠷ ᠰᠢᠷᠣᠢ᠎ᠶᠢᠨ ᠠᠮᠢᠳᠤ ᠪᠣᠳᠠᠰ᠎ᠢ ᠰᠠᠯᠭᠠᠬᠤ ᠮᠡᠷᠭᠡᠵᠢᠯ᠎ᠢ ᠨᠡᠭᠡᠭᠡᠨ ᠬᠥᠭᠵᠢᠭᠦᠯᠬᠦ᠎ᠪᠡᠷ ᠴᠢᠷᠮᠠᠢᠵᠤ᠂ ᠮᠢᠺᠷᠣᠪ ᠵᠢᠡᠷ ᠨᠡᠢᠯᠡᠯᠭᠡᠵᠢᠭᠦᠯᠬᠦ ᠵᠡᠷᠭᠡ ᠲᠡᠷᠢᠭᠦᠨ᠎ᠦ ᠠᠷᠭ᠎ᠠ ᠪᠠᠷᠢᠯ᠎ᠢᠶᠠᠷ ᠳᠠᠮᠵᠢᠭᠤᠯᠤᠨ᠂ ᠢᠨᠵᠸᠨ᠋ᠸᠷᠢᠩᠵᠢᠭᠰᠡᠨ ᠮᠢᠺᠷᠣᠪ᠎ᠤᠨ ᠰᠢᠰᠲᠧᠮ᠎ᠢ ᠪᠠᠢᠭᠤᠯᠵᠤ᠂ ᠬᠣᠪᠣᠷ ᠰᠢᠷᠣᠢ᠎ᠶᠢᠨ ᠦᠯᠡᠳᠡᠭᠳᠡᠯ ᠬᠦᠳᠡᠷ ᠵᠢᠴᠢ ᠬᠣᠲᠠ᠎ᠶᠢᠨ ᠬᠣᠪᠣᠷ ᠰᠢᠷᠣᠢ᠎ᠶᠢᠨ ᠬᠠᠶᠠᠭᠳᠠᠮᠠᠯ ᠮᠠᠲᠧᠷᠢᠶᠠᠯ᠎ᠢ ᠥᠨᠳᠥᠷ ᠪᠦᠲᠦᠮᠵᠢᠲᠡᠶ᠎ᠪᠡᠷ ᠠᠭᠤᠰᠬᠠᠬᠤ᠂ ᠬᠤᠷᠠᠮᠳᠤᠭᠤᠯᠬᠤ ᠪᠠ ᠰᠠᠯᠭᠠᠬᠤ᠎ᠶᠢ ᠪᠡᠶᠡᠯᠡᠭᠦᠯᠦᠨ᠎ᠡ᠃ ᠣᠳᠣᠬᠠᠨ᠎ᠳᠤ᠂ ᠵᠢᠯ᠎ᠳᠦ 10 ᠲᠣᠨ᠎ᠤ ᠲᠡᠰ᠎ᠤᠨ ᠬᠣᠪᠣᠷ ᠰᠢᠷᠣᠢ᠎ᠶᠢᠨ ᠦᠯᠡᠳᠡᠭᠳᠡᠯ ᠬᠦᠳᠡᠷ᠎ᠢ ᠰᠢᠢᠳᠪᠦᠷᠢᠯᠡᠬᠦ ᠵᠢᠱ᠌ᠢᠶ᠎ᠡ ᠦᠵᠡᠭᠦᠯᠬᠦ ᠱᠤᠭᠤᠮ ᠪᠣᠯᠣᠨ ᠵᠢᠯ᠎ᠳᠤ ᠲᠣᠨ᠎ᠤ ᠲᠡᠰ᠎ᠤᠨ ᠬᠣᠪᠣᠷ ᠰᠢᠷᠣᠢ᠎ᠶᠢᠨ ᠬᠠᠶᠠᠭᠳᠠᠮᠠᠯ᠎ᠢ ᠰᠢᠢᠳᠪᠦᠷᠢᠯᠡᠬᠦ ᠵᠢᠱ᠌ᠢᠶ᠎ᠡ ᠦᠵᠡᠭᠦᠯᠬᠦ ᠱᠤᠭᠤᠮ᠎ᠢ ᠨᠢᠭᠡᠨᠲᠡ ᠪᠠᠶ᠋ᠢᠭᠤᠯᠬᠤ ᠪᠠ ᠲᠤᠷᠰᠢᠨ ᠭᠡᠷᠡᠴᠢᠯᠡᠪᠡ᠃ ᠲᠥᠷᠥᠯ ᠵᠦᠢᠯ ᠨᠢ ᠬᠣᠪᠣᠷ ᠰᠢᠷᠣᠢ᠎ᠶᠢᠨ ᠦᠯᠡᠳᠡᠭᠳᠡᠯ ᠬᠦᠳᠡᠷ / ᠮᠠᠲᠧᠷᠢᠶᠠᠯ᠎ᠢ ᠪᠣᠬᠢᠷᠲᠤᠯ ᠦᠭᠡᠢ ᠪᠥᠭᠡᠳ ᠥᠨᠳᠥᠷ ᠪᠦᠲᠦᠮᠵᠢᠲᠡᠶ᠎ᠪᠡᠷ ᠰᠠᠯᠭᠠᠬᠤ᠎ᠳᠤ ᠰᠢᠨ᠎ᠡ᠎ᠶᠢ ᠡᠭᠦᠳᠬᠦ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ᠂ ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠡᠭᠡᠭᠦᠯᠦᠨ ᠬᠤᠷᠢᠶᠠᠵᠤ ᠠᠰᠢᠭ᠍ᠯᠠᠬᠤ ᠦᠷ᠎ᠡ ᠪᠦᠲᠦᠮᠵᠢ ᠵᠢᠴᠢ ᠦᠢᠯᠡᠳᠬᠦᠨ᠎ᠦ ᠨᠡᠮᠡᠯᠲᠡ ᠥᠷᠲᠡᠭ ᠎ᠢ ᠢᠯᠡᠳᠲᠡ ᠳᠡᠭᠡᠭᠰᠢᠯᠡᠭᠦᠯᠪᠡ᠃

ᠣᠢᠯᠠᠭᠠᠭᠰᠠᠨ᠎ᠢᠶᠠᠷ᠂ ᠡᠨᠡ ᠵᠢᠯ ᠴᠢᠩᠬᠤᠸᠠ ᠶᠡᠬᠡ ᠰᠤᠷᠭᠠᠭᠤᠯᠢ ᠤᠮᠠᠷᠠᠲᠤ᠎ᠶᠢᠨ ᠬᠣᠪᠣᠷ ᠰᠢᠷᠣᠢ ᠵᠢᠨ ᠬᠢᠨ᠎ᠲᠠᠢ ᠬᠠᠮᠲᠤᠷᠠᠯᠴᠠᠵᠤ᠂ ᠬᠣᠪᠣᠷ ᠰᠢᠷᠣᠢ᠎ᠶᠢᠨ ᠠᠮᠢᠳᠤ ᠪᠣᠳᠠᠰ᠎ᠤᠨ ᠲᠡᠮᠦᠷᠯᠢᠭ ᠬᠠᠢᠯᠤᠭᠤᠯᠬᠤ ᠮᠢᠩᠭᠠᠨ ᠲᠣᠨ᠎ᠤ ᠲᠠᠰ᠎ᠤᠨ ᠰᠢᠢᠳᠪᠦᠷᠢᠯᠡᠬᠦ ᠴᠢᠳᠠᠪᠤᠷᠢ᠎ᠶᠢ ᠰᠢᠯᠭᠠᠨ ᠪᠠᠲᠤᠯᠠᠬᠤ᠂ ᠴᠢᠩᠬᠤᠸᠠ ᠶᠡᠬᠡ ᠰᠤᠷᠭᠠᠭᠤᠯᠢ᠎ᠶᠢᠨ ᠳᠡᠯᠡᠬᠡᠢ᠎ᠳᠦ ᠲᠡᠷᠢᠭᠦᠯᠡᠭᠰᠡᠨ ᠨᠡᠢᠯᠡᠮᠡᠯ ᠠᠮᠢᠳᠤ ᠪᠣᠳᠠᠰ᠎ᠤᠨ ᠬᠣᠪᠣᠷ ᠰᠢᠷᠣᠢ᠎ᠶᠢ ᠡᠭᠡᠭᠦᠯᠦᠨ ᠬᠤᠷᠢᠶᠠᠬᠤ ᠬᠥᠳᠡᠯᠭᠡᠭᠦᠷ ᠮᠡᠷᠭᠡᠵᠢᠯ᠂ ᠤᠮᠠᠷᠠᠲᠤ᠎ᠶᠢᠨ ᠬᠣᠪᠣᠷ ᠰᠢᠷᠣᠢ᠎ᠶᠢᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠡᠷᠡᠭᠯᠡᠭᠡᠨ᠎ᠦ ᠠᠬᠤᠢ ᠪᠠᠢᠳᠠᠯ ᠪᠠ ᠢᠵᠢ ᠪᠦᠷᠢᠳᠦᠭᠦᠯᠬᠦ ᠦᠢᠯᠡᠴᠢᠯᠡᠭᠡ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠮᠡᠷᠭᠡᠵᠢᠯ᠎ᠦᠨ ᠬᠤᠪᠢᠷᠠᠭᠤᠯᠤᠯᠲᠠ᠎ᠶᠢᠨ ᠲᠠᠪᠴᠠᠩ᠎ᠢ ᠲᠦᠯᠬᠢᠨ ᠠᠬᠢᠭᠤᠯᠬᠤ ᠪᠣᠯᠣᠨ᠎ᠠ᠂ ᠡᠢᠮᠦᠷᠬᠦᠤ《ᠶᠡᠬᠡ ᠳᠡᠭᠡᠳᠦ ᠰᠤᠷᠭᠠᠭᠤᠯᠢ᠎ᠶᠢᠨ ᠬᠣᠰᠢᠭᠤᠷᠠᠯ ᠰᠢᠨ᠎ᠡ᠎ᠶᠢ ᠡᠭᠦᠳᠬᠦ ᠮᠡᠷᠭᠡᠵᠢᠯ + ᠠᠵᠤ ᠠᠬᠤᠢᠯᠠᠯ ᠠᠵᠤ ᠦᠢᠯᠡᠰ᠎ᠲᠤ ᠰᠠᠭᠤᠷᠢᠰᠢᠬᠤ + ᠲᠠᠪᠴᠠᠩ᠎ᠤᠨ ᠬᠠᠮᠵᠢᠯᠴᠠᠭ᠎ᠠ᠎ᠪᠠᠷ ᠬᠦᠴᠦᠨ ᠣᠯᠭᠣᠬᠤ》ᠬᠠᠮᠲᠤᠷᠠᠯᠴᠠᠭᠠᠨ᠎ᠤ ᠵᠠᠭᠪᠤᠷ ᠨᠢ ᠲᠤᠷᠰᠢᠯᠲᠠ᠎ᠶᠢᠨ ᠲᠠᠰᠤᠭ ᠎ᠠᠴᠠ ᠦᠢᠯᠡᠳᠪᠦᠷᠢᠯᠡᠯ᠎ᠦᠨ ᠱᠤᠭᠤᠮ ᠬᠦᠷᠲᠡᠯᠡᠬᠢ 《ᠡᠴᠦᠰ᠎ᠦᠨ ᠨᠢᠭᠡ ᠺᠢᠯᠣᠮᠧᠲᠷ》᠎ᠢ ᠪᠦᠲᠦᠮᠵᠢᠲᠡᠶ ᠨᠡᠪᠲᠡᠷᠡᠭᠦᠯᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号