ᠰᠢᠯᠢ ᠵᠢᠨ ᠭᠤᠤᠯ ᠠᠢᠮᠠᠭ᠎ᠤᠨ ᠤᠯᠠᠭᠠᠨᠮᠦ᠋ᠴᠢᠷ᠎ᠤᠨ ᠬᠠᠮᠲᠤᠷᠠᠭᠰᠠᠨ ᠲᠤᠭᠯᠠᠯᠲᠠ ᠬᠦᠰᠢᠭᠡ ᠪᠠᠨ ᠨᠡᠭᠡᠭᠡᠪᠡ
2025-06-09 17:42:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 8᠎ᠤ ᠣᠷᠣᠢ《ᠬᠦᠰᠡᠯ ᠨᠠᠶ᠋ᠢᠳᠠᠯᠭ᠎ᠠ ᠎ᠵᠢ ᠪᠠᠲᠤ ᠴᠡᠭᠡᠵᠢᠯᠡᠵᠦ᠂ ᠤᠮᠠᠷᠠᠲᠤ ᠬᠢᠯᠢ᠎ᠳᠦ ᠬᠦᠰᠡᠯ ᠵᠡᠭᠦᠳᠦ ᠎ᠪᠡᠨ ᠲᠡᠷᠭᠡᠯᠰᠢᠭᠦᠯᠬᠦ》 ᠰᠢᠯᠢ᠎ᠶᠢᠨ ᠭᠣᠣᠯ ᠠᠢᠮᠠᠭ᠎ᠤᠨ ᠬᠣᠷᠢᠨ ᠭᠤᠷᠪᠠᠳᠤᠭᠠᠷ ᠬᠤᠭᠤᠴᠠᠭᠠᠨ᠎ᠤ ᠤᠯᠠᠭᠠᠨᠮᠥ᠋ᠴᠢᠷ᠎ᠦᠨ ᠬᠠᠮᠲᠤᠷᠠᠭᠰᠠᠨ ᠲᠣᠭᠯᠠᠯᠲᠠ ᠰᠢᠯᠢᠩᠬᠣᠲᠠ᠎ᠳᠤ ᠡᠬᠢᠯᠡᠪᠡ᠃

ᠬᠦᠭᠵᠢᠮ᠎ᠤᠨ ᠡᠭᠡᠰᠢᠭ ᠤᠶᠠᠩᠭᠠᠷᠠᠵᠤ᠂ ᠪᠥᠵᠢᠭ᠎ᠤᠨ ᠨᠠᠬᠢᠯᠤᠯ ᠨᠡᠮᠪᠡᠯᠵᠡᠨ ᠲᠣᠭᠯᠠᠯᠲᠠ᠎ᠵᠢᠨ ᠬᠦᠰᠢᠭᠡ ᠰᠡᠭᠦᠭᠳᠡᠯ᠎ᠡ᠃《ᠬᠥᠳᠡᠭᠡ ᠨᠤᠲᠤᠭ ᠎ᠤᠨ ᠳᠠᠭᠤᠤ》᠂ 《ᠤᠮᠠᠷᠠᠲᠤ ᠬᠢᠯᠢ᠎ᠶᠢᠨ ᠳᠠᠭᠤᠤ》᠂《ᠮᠣᠩᠭᠣᠯ ᠮᠣᠷᠢ》ᠵᠡᠷᠭᠡ ᠨᠠᠷᠢᠨ ᠨᠢᠮᠪᠠᠢ ᠨᠠᠢᠷᠠᠭᠤᠯᠤᠨ ᠵᠣᠬᠢᠶᠠᠭᠰᠠᠨ ᠲᠣᠭᠯᠠᠯᠲᠠ᠎ᠶᠢ ᠡᠭᠡᠯᠵᠢᠯᠡᠨ ᠲᠣᠭᠯᠠᠵᠤ᠂ ᠤᠯᠠᠭᠠᠨᠮᠥ᠋ᠴᠢᠷ᠎ᠦᠨ ᠭᠡᠰᠢᠭᠦᠳ ᠭᠣᠢᠳᠠ ᠰᠠᠢᠬᠠᠨ ᠳᠠᠭᠤᠤ ᠪᠥᠵᠢᠭ᠎ᠦᠨ ᠤᠷ᠎ᠠ ᠮᠡᠷᠭᠡᠵᠢᠯ ᠪᠣᠯᠣᠨ ᠣᠷᠭᠢᠯᠤᠮ᠎ᠠ ᠬᠠᠯᠠᠭᠤᠨ ᠲᠣᠭᠯᠠᠯᠲᠠ᠎ᠪᠠᠷ᠎ᠢᠶᠠᠨ ᠲᠠᠯ᠎ᠠ ᠨᠤᠲᠤᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠯᠦᠭᠡᠢ ᠨᠤᠲᠤᠭ᠂ ᠡᠬᠡ ᠤᠯᠤᠰ᠎ᠢᠶᠠᠨ ᠬᠢᠵᠠᠭᠠᠯᠠᠰᠢ ᠦᠭᠡᠢ ᠬᠠᠢᠷᠠᠯᠠᠬᠤ ᠰᠡᠳᠬᠢᠯᠭᠡ᠎ᠶᠢ ᠢᠯᠡᠳᠬᠡᠵᠦ᠂ ᠤᠮᠠᠷᠠᠲᠤ ᠬᠢᠯᠢ᠎ᠶᠢᠨ ᠰᠣᠶᠣᠯ᠎ᠤᠨ ᠥᠪᠡᠷᠮᠢᠴᠡ ᠷᠢᠳᠢ ᠰᠢᠳᠢ᠎ᠶᠢ ᠢᠯᠡᠷᠡᠭᠦᠯᠪᠡ᠃ ᠰᠠᠶᠢᠬᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ《ᠲᠠᠪᠤᠨ ᠨᠢᠭᠡ᠎ᠶᠢᠨ ᠢᠨᠵᠧᠨᠧᠷᠢᠩ》᠎ᠤᠨ ᠰᠢᠯᠢᠳᠡᠭ ᠪᠦᠲᠦᠭᠡᠯ᠎ᠦᠨ ᠱᠠᠩᠨᠠᠯ᠎ᠢ ᠭᠥᠷᠳᠡᠭᠰᠡᠨ ᠰᠢᠯᠢ ᠎ᠶᠢᠨ ᠭᠣᠣᠯ ᠠᠢᠮᠠᠭ ᠎ᠤᠨ ᠤᠯᠠᠭᠠᠨᠮᠥ᠋ᠴᠢᠷ ᠎ᠦᠨ《ᠰᠦ · ᠴᠠᠢ》 ᠪᠥᠵᠢᠭ ᠨᠢ ᠦᠨᠳᠦᠰᠦᠲᠡᠨ᠎ᠦ ᠪᠦᠯᠬᠦᠮᠳᠡᠯ᠎ᠦᠨ ᠰᠦᠷᠯᠢᠭ ᠰᠠᠢᠬᠠᠨ ᠵᠢᠷᠤᠭ᠎ᠢ ᠤᠶᠠᠨ ᠵᠥᠭᠡᠯᠡᠨ᠎ᠢᠶᠡᠷ ᠵᠢᠷᠤᠬᠯᠠᠵᠤ᠂ ᠦᠵᠡᠭᠴᠢᠳ᠎ᠢ ᠰᠣᠭᠲᠣᠭᠤᠷᠠᠭᠤᠯᠵᠤ᠂ ᠠᠬᠤᠢ ᠲᠠᠯᠠᠪᠠᠶ᠎ᠳᠤ ᠪᠠᠢᠨ ᠪᠠᠢᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠢᠯ᠎ᠠ᠃

《ᠪᠦᠬᠦᠶ᠋ᠢᠯᠡ ᠲᠣᠭᠯᠠᠯᠲᠠ ᠨᠢ ᠤᠯᠠᠭᠠᠨᠮᠥ᠋ᠴᠢᠷ᠎ᠤᠨ ᠠᠮᠢᠳᠤᠷᠠᠯ᠎ᠳᠤ ᠦᠨᠳᠦᠰᠦᠯᠡᠵᠦ᠂ ᠮᠠᠯᠴᠢᠨ ᠲᠠᠷᠢᠶᠠᠴᠢᠨ᠎ᠳᠦ ᠦᠢᠯᠡᠴᠢᠯᠡᠵᠦ᠂ ᠤᠳᠬ᠎ᠠ ᠤᠷᠠᠯᠢᠭ᠋᠎ᠤᠨ ᠰᠢᠨ᠎ᠡ᠎ᠶᠢ ᠡᠭᠦᠳᠬᠦ᠎ᠶᠢ ᠠᠬᠢᠭᠤᠯᠬᠤ ᠤᠶᠤᠨ ᠰᠠᠨᠠᠭᠠᠨ᠎ᠤ ᠴᠥᠮ᠎ᠡ᠎ᠶᠢ ᠲᠤᠭᠯᠠᠯᠲᠠ ᠵᠢᠨ ᠨᠠᠢᠷᠠᠭᠤᠯᠭ᠎ᠠ᠎ᠳᠤ ᠠᠭᠤᠰᠤᠯᠴᠠᠭᠤᠯᠤᠨ᠂ ᠰᠢᠨ᠎ᠡ ᠴᠠᠭ ᠦᠶ᠎ᠡ᠎ᠶᠢᠨ ᠤᠯᠠᠭᠠᠨᠮᠥ᠋ᠴᠢᠷ᠎ᠦᠨ ᠤᠷᠠᠯᠢᠭ᠋᠎ᠤᠨ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠵᠦ᠂ ᠡᠯᠪᠡᠭ ᠪᠠᠶᠠᠯᠢᠭ᠋ ᠠᠭᠤᠯᠤᠭᠳᠠᠬᠤᠨ᠎ᠲᠠᠢ᠂ ᠤᠯᠠᠨ ᠬᠢᠯᠠᠰ ᠴᠡᠭ ᠢᠯᠡᠷᠡᠨ᠂ ᠪᠢᠳᠡᠨ᠎ᠳᠦ ᠥᠪᠡᠷᠮᠢᠴᠡ ᠰᠠᠢᠬᠠᠨ ᠬᠠᠷᠠᠭᠠᠨ ᠰᠡᠷᠡᠯ᠎ᠦᠨ ᠦᠪᠡᠳᠡᠭᠰᠢ ᠳᠠᠶ᠋ᠢᠯᠠᠯᠭ᠎ᠠ᠎ᠶᠢ ᠳᠡᠯᠭᠡᠨ ᠦᠵᠡᠭᠦᠯᠵᠡᠢ》ᠭᠡᠵᠦ ᠲᠤᠬᠠᠢ᠎ᠶᠢᠨ ᠲᠠᠯᠠᠪᠠᠢ᠎ᠶᠢᠨ ᠦᠵᠡᠭᠴᠢ ᠯᠢ ᠵᠢᠶᠠ ᠬᠡᠯᠡᠨ᠎ᠡ᠃

ᠲᠤᠰ ᠬᠤᠭᠤᠴᠠᠭᠠᠨ᠎ᠤ ᠬᠠᠮᠲᠤᠷᠠᠭᠰᠠᠨ ᠲᠣᠭᠯᠠᠯᠲᠠ ᠨᠢ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ᠎ᠶᠢᠨ《ᠬᠤᠪᠢᠰᠬᠠᠯᠲᠤ ᠤᠳᠬ᠎ᠠ ᠤᠷᠠᠯᠢᠭ᠋᠎ᠤᠨ ᠬᠥᠩᠭᠡᠨ ᠮᠣᠷᠢᠲᠤ ᠴᠡᠷᠢᠭ》᠎ᠤᠨ ᠭᠣᠢᠳᠠ ᠰᠠᠢᠬᠠᠨ ᠴᠣᠭ ᠵᠢᠪᠬᠤᠭ᠎ᠠ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃ ᠬᠠᠮᠲᠤᠷᠠᠭᠰᠠᠨ ᠲᠤᠭᠯᠠᠯᠲᠠ ᠨᠢ 6 ᠰᠠᠷ᠎ᠠ᠎ᠶᠢᠨ 17᠎ᠤ ᠡᠳᠦᠷ ᠪᠣᠯᠲᠠᠯ᠎ᠠ ᠶᠠᠪᠤᠭᠳᠠᠵᠤ᠂ ᠪᠥᠬᠥ ᠠᠢᠮᠠᠭ᠎ᠤᠨ 14 ᠤᠯᠠᠭᠠᠨᠮᠥ᠋ᠴᠢᠷ ᠲᠥᠪᠯᠡᠷᠡᠩᠭᠦᠢ ᠦᠵᠡᠭᠦᠯᠭᠡ᠎ᠶᠢᠨ ᠲᠣᠭᠯᠠᠯᠲᠠ᠂ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ᠂ 《ᠨᠢᠭᠡ᠎ᠳᠦ ᠮᠡᠷᠭᠡᠰᠢᠵᠦ ᠣᠯᠠᠨ ᠲᠠᠯ᠎ᠠ᠎ᠳᠤ ᠴᠠᠭᠠᠷᠠᠭᠰᠠᠨ》 ᠤᠷᠤᠯᠳᠤᠭᠠᠨ᠂ 《ᡀᠠᠵᠠᠪ ᠬᠤᠨᠳᠠᠭᠠᠲᠤ》︱ ᠮᠣᠩᠭᠣᠯ ᠦᠨᠳᠦᠰᠦᠲᠡᠨ᠎ᠦ ᠤᠷᠲᠤ᠎ᠶᠢᠨ ᠳᠠᠭᠤᠤ ᠴᠤᠭᠤᠷ ᠳᠠᠭᠤᠤ᠎ᠶᠢᠨ ᠤᠷᠤᠯᠳᠤᠭᠠᠨ᠂ 《ᠤᠯᠠᠭᠠᠨᠮᠥ᠋ᠴᠢᠷ᠎ᠲᠠᠢ ᠲᠠᠨᠢᠯᠴᠠᠬᠤ》 ᠪᠡᠶᠡᠳᠡᠨ ᠤᠢᠯᠠᠭᠠᠯᠴᠠᠭ᠎ᠠ᠂ 《ᠮᠣᠷᠳᠠᠯᠲᠠ ︱ ᠬᠥᠩᠭᠡᠨ ᠮᠣᠷᠢᠲᠤ ᠴᠡᠷᠢᠭ》ᠵᠡᠷᠭᠡ ᠰᠢᠷᠢᠰ ᠠᠵᠢᠯᠯᠠᠭ᠎ᠠ ᠪᠡᠷ ᠳᠠᠮᠵᠢᠭᠤᠯᠤᠨ᠂ ᠥᠷᠭᠡᠨ ᠤᠯᠠᠨ ᠲᠦᠮᠡᠨ᠎ᠳᠦ ᠭᠣᠢᠳᠠ ᠰᠠᠢᠬᠠᠨ ᠤᠳᠬ᠎ᠠ ᠤᠷᠠᠯᠢᠭ᠋᠎ᠤᠨ ᠲᠣᠭᠯᠠᠯᠲᠠ᠎ᠶᠢ ᠰᠣᠨᠢᠷᠬᠠᠭᠤᠯᠬᠤ ᠪᠤᠯᠤᠨ᠎ᠠ᠃

ᠢᠷᠡᠯᠲᠡ᠄  ᠰᠢᠯᠢ ᠵᠢᠨ ᠭᠤᠤᠯ ᠠᠢᠮᠠᠭ᠎ᠤᠨ ᠬᠠᠮ ᠵᠠᠭᠤᠴᠢᠠᠯᠭᠤᠷ᠎ᠤᠨ ᠵᠢᠷᠭᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号