ᠣᠢᠷ᠎ᠠ᠎ᠳᠤ᠂
ᠳᠣᠲᠣᠭᠠᠳᠤ᠎ᠶᠢ ᠬᠠᠮᠠᠭᠠᠯᠠᠬᠤ ᠶᠠᠮᠤᠨ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢᠴᠢᠯᠠᠯᠲᠠ ᠵᠢᠨ ᠠᠯᠪᠠᠨ
ᠭᠡᠷ᠂ ᠠᠷᠠᠳ᠎ᠤᠨ ᠶᠠᠪᠤᠳᠠᠯ ᠤ᠋ᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ
ᠡᠷᠡᠭᠦᠯ ᠮᠡᠨᠳᠦ᠎ᠶᠢᠨ ᠵᠥᠪᠯᠡᠯ᠂ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ ᠵᠡᠷᠭᠡ ᠵᠢᠷᠭᠤᠭᠠᠨ
ᠰᠠᠯᠠᠭ᠎ᠠ ᠮᠥᠴᠢᠷ ᠬᠠᠮᠲᠤᠷᠠᠨ 《ᠤᠯᠤᠰ᠎ᠤᠨ ᠰᠦᠯᠵᠢᠶᠡᠨ᠎ᠦ ᠪᠡᠶ᠎ᠡ ᠬᠡᠮ᠎ᠦᠨ ᠭᠡᠷᠡᠴᠢᠯᠡᠯ᠎ᠦᠨ ᠣᠯᠠᠨ ᠨᠡᠶ᠋ᠢᠲᠡ᠎ᠶᠢᠨ
ᠦᠢᠯᠡᠴᠢᠯᠡᠭᠡᠨ ᠦ ᠬᠠᠮᠢᠶᠠᠷᠤᠯᠲᠠ ᠶᠢᠨ ᠠᠷᠭ᠎ᠠ》(ᠳᠣᠷᠣᠭ᠍ᠰᠢ 《ᠬᠠᠮᠢᠶᠠᠷᠤᠯᠲᠠ ᠶᠢᠨ ᠠᠷᠭ᠎ᠠ》 ᠭᠡᠵᠦ ᠲᠣᠪᠴᠢᠯᠠᠨ᠎ᠠ)᠎ᠶ᠋ᠢ
ᠨᠡᠢᠲᠡᠯᠡᠵᠦ᠂ 2025 ᠣᠨ ᠤ 7 ᠰᠠᠷ᠎ᠠ᠎ᠶᠢᠨ 15 ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ ᠭᠡᠵᠡᠢ᠃
ᠤᠯᠤᠰ᠎ᠤᠨ ᠰᠦᠯᠵᠢᠶᠡᠨ᠎ᠦ ᠪᠡᠶ᠎ᠡ ᠬᠡᠮ᠎ᠦᠨ
ᠭᠡᠷᠡᠴᠢᠯᠡᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ ᠨᠢ ᠬᠠᠤᠯᠢ᠎ᠪᠠᠷ ᠲᠣᠭᠲᠠᠭᠠᠭᠰᠠᠨ ᠪᠡᠶ᠎ᠡ
ᠬᠡᠮ᠎ᠦᠨ ᠭᠡᠷᠡᠴᠢ ᠦᠨᠡᠮᠯᠡᠯ᠎ᠦᠨ ᠮᠡᠳᠡᠭᠡ ᠵᠠᠩᠭᠢ᠎ᠪᠠᠷ ᠰᠠᠭᠤᠷᠢ ᠪᠣᠯᠭᠠᠵᠤ᠂ ᠰᠦᠯᠵᠢᠶᠡᠨ᠎ᠦ ᠨᠤᠮᠸᠷ᠂ ᠰᠦᠯᠵᠢᠶᠡᠨ᠎ᠦ ᠪᠡᠶ᠎ᠡ ᠵᠢᠨ ᠦᠨᠡᠮᠯᠡᠯ᠂ ᠰᠦᠯᠵᠢᠶᠡᠨ᠎ᠦ ᠪᠡᠶ᠎ᠡ
ᠬᠡᠮ᠎ᠦᠨ ᠬᠡᠷᠡᠭᠯᠡᠯᠲᠡ᠎ᠶᠢᠨ ᠲᠡᠮᠳᠡᠭ᠎ᠢᠶᠡᠷ ᠢᠯᠡᠷᠡᠭᠦᠯᠬᠦ ᠠᠷᠭ᠎ᠠ ᠮᠠᠶᠢᠭ᠋ ᠪᠣᠯᠭᠠᠵᠤ᠂ ᠪᠡᠶ᠎ᠡ ᠬᠡᠮ᠎ᠢ ᠭᠡᠷᠡᠴᠢᠯᠡᠵᠦ
ᠴᠢᠳᠠᠬᠤ ᠮᠥᠷᠲᠡᠭᠡᠨ ᠪᠠᠰᠠ ᠬᠤᠪᠢ ᠬᠥᠮᠥᠨ᠎ᠦ ᠮᠡᠳᠡᠭᠡ ᠵᠠᠩᠭᠢ᠎ᠶᠢ ᠵᠠᠳᠠᠷᠠᠭᠤᠯᠬᠤ᠎ᠠᠴᠠ ᠵᠠᠢᠯᠠᠰᠬᠢᠵᠦ ᠴᠢᠳᠠᠨ᠎ᠠ᠃
ᠬᠠᠮᠢᠶᠠᠷᠤᠯᠲᠠ᠎ᠶᠢᠨ ᠠᠷᠭ᠎ᠠ᠎ᠳᠤ ᠬᠠᠤᠯᠢ
ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ᠎ᠢ ᠦᠨᠳᠦᠰᠦᠯᠡᠨ᠂ ᠢᠨᠲᠧᠷ ᠰᠦᠯᠵᠢᠶᠡᠨ᠎ᠦ
ᠦᠢᠯᠡᠴᠢᠯᠡᠭᠡ ᠳᠤᠮᠳᠠ ᠬᠡᠷᠡᠭᠯᠡᠭᠴᠢ᠎ᠶᠢᠨ ᠵᠢᠨᠭᠭᠢᠨᠢ ᠪᠡᠶᠡᠬᠡᠮᠤᠨ ᠮᠡᠳᠡᠭᠡ ᠵᠠᠩᠭᠢ᠎ᠶᠢ ᠳᠡᠩᠰᠡᠯᠡᠵᠦ
ᠬᠢᠨᠠᠨ ᠰᠢᠯᠭᠠᠬᠤ ᠴᠢᠬᠤᠯᠠᠲᠠᠢ ᠪᠠᠢᠪᠠᠯ᠂ ᠰᠦᠯᠵᠢᠶᠡᠨ᠎ᠦ ᠨᠤᠮᠸᠷ᠂ ᠰᠦᠯᠵᠢᠶᠡᠨ᠎ᠦ ᠪᠡᠶ᠎ᠡ ᠵᠢᠨ ᠦᠨᠡᠮᠯᠡᠯ᠎ᠢ
ᠬᠡᠷᠡᠭᠯᠡᠨ ᠬᠠᠤᠯᠢ ᠶᠣᠰᠣᠭᠠᠷ ᠳᠡᠩᠰᠡᠯᠡᠵᠦ ᠬᠢᠨᠠᠨ ᠰᠢᠯᠭᠠᠵᠤ ᠪᠣᠯᠣᠨ᠎ᠠ᠃ ᠬᠤᠪᠢ ᠬᠥᠮᠥᠨ᠎ᠦ ᠪᠡᠶ᠎ᠡ ᠬᠡᠮ᠎ᠦᠨ
ᠮᠡᠳᠡᠭᠡ ᠵᠠᠩᠭᠢ᠎ᠶᠢ ᠴᠤᠭᠯᠠᠭᠤᠯᠬᠤ᠂ ᠦᠯᠡᠳᠡᠭᠡᠨ ᠬᠠᠳᠠᠭᠠᠯᠠᠬᠤ᠎ᠶᠢ ᠪᠠᠭᠠᠰᠬᠠᠵᠤ᠂ ᠪᠡᠶ᠎ᠡ ᠬᠡᠮ᠎ᠦᠨ ᠲᠣᠭ᠎ᠠ
ᠪᠠᠷᠢᠮᠲᠠ᠎ᠶᠢ 《ᠬᠡᠷᠡᠭᠯᠡᠵᠦ ᠪᠣᠯᠬᠤ ᠪᠤᠯᠪᠠᠴᠤ ᠥᠯᠥ ᠦᠵᠡᠭᠳᠡᠭᠦ》 ᠦᠷ᠎ᠡ ᠪᠦᠲᠦᠮᠵᠢ᠎ᠶᠢ ᠪᠡᠶᠡᠯᠡᠭᠦᠯᠬᠦ᠎ᠶᠢᠨ
ᠬᠠᠮᠲᠤ᠂ ᠬᠤᠪᠢ ᠬᠥᠮᠥᠨ᠎ᠦ ᠮᠡᠳᠡᠭᠡ ᠵᠠᠩᠭᠢ᠎ᠶᠢ ᠬᠠᠮᠠᠭᠠᠯᠠᠬᠤ ᠲᠠᠯ᠎ᠠ᠎ᠪᠠᠷ ᠬᠢ ᠪᠡᠯᠡ ᠣᠷᠣᠭᠤᠯᠤᠯᠲᠠ᠎ᠶᠢᠨ
ᠥᠪᠡᠷ᠎ᠦᠨ ᠥᠷᠲᠡᠭ᠎ᠢ ᠪᠠᠭᠤᠷᠠᠭᠤᠯᠤᠨ᠎ᠠ᠃
ᠣᠳᠣᠬᠠᠨ᠎ᠳᠤ᠂ ᠤᠯᠤᠰ᠎ᠤᠨ ᠰᠦᠯᠵᠢᠶᠡᠨ᠎ᠦ
ᠪᠡᠶ᠎ᠡ ᠬᠡᠮ᠎ᠦᠨ ᠭᠡᠷᠡᠴᠢᠯᠡᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ᠎ᠢ ᠨᠢᠭᠡᠨᠲᠡ ᠰᠦᠯᠵᠢᠶᠡᠨ᠎ᠳᠦ
ᠠᠵᠢᠯᠯᠠᠭᠤᠯᠵᠤ᠂ ᠥᠷᠭᠡᠨ ᠣᠯᠠᠨ ᠬᠡᠷᠡᠭᠯᠡᠭᠴᠢ ᠤᠯᠤᠰ᠎ᠤᠨ ᠰᠦᠯᠵᠢᠶᠡᠨ᠎ᠦ ᠪᠡᠶ᠎ᠡ ᠬᠡᠮ᠎ᠦᠨ ᠭᠡᠷᠡᠴᠢᠯᠡᠯ App ᠵᠢᠡᠷ ᠳᠠᠮᠵᠢᠭᠤᠯᠤᠨ ᠰᠦᠯᠵᠢᠶᠡᠨ᠎ᠦ
ᠨᠤᠮᠸᠷ᠂ ᠰᠦᠯᠵᠢᠶᠡᠨ᠎ᠦ ᠪᠡᠶ᠎ᠡ ᠵᠢᠨ ᠦᠨᠡᠮᠯᠡᠯ ᠭᠤᠶᠤᠴᠢᠯᠠᠨ
ᠠᠪᠬᠤ᠎ᠶᠢᠨ ᠬᠠᠮᠲᠤ ᠬᠡᠷᠡᠭᠯᠡᠵᠦ᠂ ᠢᠨᠲᠧᠷ ᠰᠦᠯᠵᠢᠶᠡᠨ᠎ᠦ ᠦᠢᠯᠡᠴᠢᠯᠡᠭᠡ ᠵᠢᠴᠢ ᠬᠣᠯᠪᠣᠭᠳᠠᠯ ᠪᠦᠬᠦᠢ ᠰᠠᠯᠠᠭ᠎ᠠ
ᠮᠥᠴᠢᠷ ᠠᠵᠢᠯ ᠲᠥᠷᠥᠯ᠎ᠦᠨ ᠬᠠᠮᠢᠶᠠᠷᠤᠯᠲᠠ ᠳᠤᠮᠳᠠ ᠵᠢᠨᠭᠭᠢᠨᠢ ᠪᠡᠶᠡᠬᠡᠮᠤᠨ ᠮᠡᠳᠡᠭᠡ ᠵᠠᠩᠭᠢ᠎ᠶᠢ ᠬᠠᠷᠭᠤᠭᠤᠯᠤᠨ
ᠪᠠᠢᠴᠠᠭᠠᠬᠤ᠎ᠳᠤ ᠲᠥᠬᠥᠮ ᠦᠵᠡᠭᠦᠯᠦᠨ᠎ᠡ᠃
ᠰᠦᠯᠵᠢᠶᠡᠨ᠎ᠦ
ᠪᠡᠶ᠎ᠡ ᠬᠡᠮ᠎ᠢ ᠭᠤᠶᠤᠴᠢᠯᠠᠬᠤ ᠠᠷᠭ᠎ᠠ
NFC ᠴᠢᠳᠠᠮᠵᠢ᠎ᠶᠢ ᠳᠡᠮᠵᠢᠬᠦ ᠭᠠᠷ ᠤᠲᠠᠰᠤ
ᠪᠠᠢᠬᠤ ᠬᠡᠷᠡᠭᠲᠡᠢ᠃ ᠭᠠᠷ ᠤᠳᠠᠰᠤᠨ᠎ᠤ ᠪᠠᠨ ᠬᠡᠷᠡᠭᠯᠡᠭᠡᠨ᠎ᠦ ᠳᠡᠯᠭᠡᠭᠦᠷ᠎ᠡᠴᠡ ᠡᠷᠢᠵᠦ ᠪᠠᠭᠤᠯᠭᠠᠬᠤ ᠵᠢᠨ
ᠬᠠᠮᠲᠦ 《ᠳᠠᠷᠤᠢ ᠲᠦᠷᠭᠡᠨ ᠭᠤᠶᠤᠴᠢᠯᠠᠬᠤ》᠎ᠶᠢ ᠲᠣᠪᠴᠢᠳᠠᠭᠰᠠᠨᠤ ᠳᠠᠷᠠᠭ᠎ᠠ ᠳᠣᠣᠷᠠᠬᠢ ᠵᠢᠷᠤᠭ᠎ᠤᠨ ᠵᠢᠭᠠᠯᠲᠠ
ᠶᠣᠰᠣᠭᠠᠷ ᠬᠢᠭᠡᠷᠡᠢ!

ᠨᠠᠰᠤᠨ᠎ᠳᠤ ᠥᠯᠥ ᠭᠦᠷᠦᠭᠰᠡᠳᠴᠤ
ᠬᠡᠰᠡᠨ ᠭᠤᠶᠤᠴᠢᠯᠠᠨ ᠠᠪᠴᠦ ᠪᠣᠯᠣᠨ᠎ᠠ᠂ ᠭᠡᠪᠡᠴᠦ ᠰᠦᠯᠵᠢᠶᠡᠨ᠎ᠦ ᠪᠡᠶ᠎ᠡ ᠬᠡᠮ᠎ᠦᠨ ᠮᠡᠳᠡᠭᠡ ᠵᠠᠩᠭᠢ᠎ᠶᠢ ᠨᠢᠭᠡᠨᠲᠡ
ᠭᠤᠶᠤᠴᠢᠯᠠᠨ ᠠᠪᠤᠭᠰᠠᠨ ᠬᠠᠷᠠᠭᠠᠯᠵᠠᠨ ᠬᠠᠮᠠᠭᠠᠯᠠᠭ᠍ᠴᠢ ᠪᠡᠷ ᠬᠠᠪᠰᠤᠷᠤᠨ ᠬᠢᠯᠭᠡᠬᠦ ᠬᠡᠷᠡᠭᠲᠡᠢ᠃

ᠢᠷᠡᠯᠲᠡ᠄ ᠲᠡᠭᠦᠯᠢᠯᠲᠡ
ᠬᠠᠮ ᠵᠠᠭᠤᠴᠢᠯᠠᠭᠤᠷ