ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠲᠦᠷᠢᠮ᠎ᠢ ᠨᠠᠢᠳᠠᠪᠤᠷᠢᠵᠢᠭᠤᠯᠬᠤ ᠬᠠᠮᠢᠶᠠᠷᠤᠯᠲᠠ᠎ᠶ᠋ᠢᠨ ᠠᠷᠭ᠎ᠠ ᠨᠡᠢᠲᠡᠯᠡᠭᠳᠡᠪᠡ
2025-07-01 11:11:41
ᠵᠣᠬᠢᠶᠠᠭ᠍ᠴᠢ᠄
​ ᠸᠸᠢ ᠬᠤᠨᠭ᠌ ᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠢᠷ᠎ᠡ ᠵᠢᠨ ᠡᠳᠦᠷ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠲᠦᠷᠢᠮ᠎ᠢ ᠨᠠᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢ ᠦᠨᠡᠨ ᠬᠦ᠌ ᠴᠢᠩᠭᠠᠳᠭᠠᠨ᠂ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠣᠷᠴᠢᠨ ᠨᠥᠬᠥᠴᠡᠯ᠎ᠢ ᠦᠷᠭᠦᠯᠵᠢᠯᠡᠨ ᠰᠡᠷᠭᠦᠭᠡᠬᠦ᠌᠎ᠶ᠋ᠢᠨ ᠲᠥᠯᠥᠭᠡ᠂ ᠤᠰᠤᠨ ᠠᠱᠢᠭ᠍ᠯᠠᠯᠲᠠ᠎ᠶ᠋ᠢᠨ ᠶᠠᠮᠤᠨ ᠣᠢᠷ᠎ᠠ᠎ᠳᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ 《ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌) 》  ᠶ᠋ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠪᠡ᠃

ᠬᠠᠮᠢᠶᠠᠷᠤᠯᠲᠠ᠎ᠶ᠋ᠢᠨ ᠠᠷᠭ᠎ᠠ᠎ᠳᠤ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠂ ᠬᠠᠮᠢᠶᠠᠷᠤᠨ ᠡᠵᠡᠮᠳᠡᠬᠦ᠌ ᠬᠦᠢᠴᠡᠳᠭᠡᠯ ᠲᠣᠭ᠎ᠠ᠎ᠶ᠋ᠢ ᠲᠣᠭ᠍ᠲᠠᠭᠠᠬᠤ᠂ ᠭᠠᠳᠠᠭ᠍ᠰᠢᠯᠠᠭᠤᠯᠬᠤ ᠪᠠ ᠲᠣᠬᠢᠷᠠᠭᠤᠯᠬᠤ᠂ ᠬᠢᠨᠠᠨ ᠬᠡᠮᠵᠢᠬᠦ᠌ ᠪᠠ ᠤᠷᠢᠳᠴᠢᠯᠠᠨ ᠰᠡᠷᠡᠮᠵᠢᠯᠡᠭᠦᠯᠬᠦ᠌᠂ ᠬᠢᠨᠠᠯᠲᠠ ᠲᠠᠯᠪᠢᠵᠤ ᠦᠨᠡᠯᠡᠨ ᠵᠢᠱ᠌ᠢᠬᠦ᠌ ᠵᠡᠷᠭᠡ 5 ᠲᠠᠯ᠎ᠠ᠎ᠪᠠᠷ ᠲᠣᠭ᠍ᠲᠠᠭᠠᠯ ᠭᠠᠷᠭᠠᠵᠤ᠂ ᠲᠣᠳᠣᠷᠬᠠᠶ ᠱᠠᠭᠠᠷᠳᠠᠯᠭ᠎ᠠ ᠳᠤᠷᠠᠳᠪᠠ᠃

ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠬᠤ᠎ᠲᠠᠶ ᠤᠶᠠᠯᠳᠤᠭᠤᠯᠤᠨ᠂ ᠬᠠᠮᠢᠶᠠᠷᠤᠯᠲᠠ᠎ᠶ᠋ᠢᠨ ᠠᠷᠭ᠎ᠠ᠎ᠳᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠪᠠᠢᠭᠠᠯᠢ᠎ᠶ᠋ᠢᠨ ᠡᠬᠢ ᠪᠠᠶᠠᠯᠢᠭ᠂ ᠠᠮᠢ ᠠᠬᠤᠶ ᠣᠷᠴᠢᠨ ᠲᠤᠭᠤᠷᠢᠨ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠂ ᠡᠨᠧᠷᠭᠢ᠎ᠶ᠋ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠭᠤᠤᠯ ᠮᠥᠷᠡᠨ ᠨᠠᠭᠤᠷ ᠴᠥᠭᠥᠷᠥᠮ ᠪᠠ ᠤᠰᠤᠨ᠎ᠤ ᠢᠨᠵᠧᠨᠧᠷᠢᠩ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠲᠣᠳᠣᠷᠬᠠᠶ ᠲᠣᠭ᠍ᠲᠠᠭᠠᠵᠤ᠂ ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢ ᠠᠬᠢᠭᠤᠯᠬᠤ ᠲᠤᠱᠢᠶᠠᠯ ᠬᠠᠷᠢᠭᠤᠴᠠᠯᠭ᠎ᠠ ᠪᠠ ᠦᠶ᠋ᠯᠡᠳᠦᠯ᠎ᠢ ᠴᠢᠩᠭᠠᠳᠭᠠᠪᠠ᠃

ᠭᠠᠳᠠᠭ᠍ᠰᠢᠯᠠᠭᠤᠯᠬᠤ ᠪᠠ ᠲᠣᠬᠢᠷᠠᠭᠤᠯᠬᠤ ᠬᠠᠮᠢᠶᠠᠷᠤᠯᠲᠠ ᠵᠢ ᠴᠢᠨᠭᠳᠡᠯᠡᠬᠤ᠎ᠲᠠᠯ᠎ᠠ ᠪᠡᠷ ᠬᠠᠮᠢᠶᠠᠷᠤᠯᠲᠠ᠎ᠵᠢᠨ ᠠᠷᠭ᠎ᠠ ᠨᠢ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠬᠠᠮᠢᠶᠠᠷᠤᠯᠲᠠ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠪᠠᠲᠤᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠬᠤ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠬᠠᠮᠢᠶᠠᠷᠤᠯᠲᠠ᠂ ᠤᠰᠤᠨ᠎ᠤ ᠢᠨᠵᠧᠨᠧᠷᠢᠩ᠎ᠦᠨ ᠭᠠᠳᠠᠭᠰᠢᠯᠠᠭᠤᠯᠬᠤ ᠬᠠᠮᠢᠶᠠᠷᠤᠯᠲᠠ᠂ ᠭᠠᠳᠠᠭᠰᠢᠯᠠᠭᠤᠯᠬᠤ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠪᠠ ᠥᠭᠡᠷᠡᠴᠢᠯᠡᠯᠲᠡ᠂ ᠤᠰᠤ ᠠᠪᠴᠤ᠌ ᠬᠡᠷᠡᠭ᠌ᠯᠡᠬᠦ᠌ ᠬᠠᠮᠢᠶᠠᠷᠤᠯᠲᠠ ᠵᠡᠷᠭᠡ ᠲᠠᠯ᠎ᠠ᠎ᠪᠠᠷ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠪᠠᠲᠤᠯᠠᠭ᠎ᠠ᠎ᠶ᠋ᠢᠨ ᠪᠣᠳᠠᠲᠠᠶ ᠠᠷᠭ᠎ᠠ ᠬᠡᠮᠵᠢᠶ᠎ᠡ ᠪᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠶ ᠲᠣᠭ᠍ᠲᠠᠭᠠᠪᠠ᠃

ᠡᠭᠦᠨ᠎ᠡᠴᠡ ᠭᠠᠳᠠᠨ᠎ᠠ᠂ ᠬᠠᠷᠠᠯᠲᠠ᠎ᠪᠠᠨ ᠲᠣᠭ᠍ᠲᠠᠭᠠᠬᠤ ᠪᠠ ᠲᠣᠬᠢᠷᠠᠭᠤᠯᠤᠯᠲᠠ ᠬᠢᠬᠦ᠌᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠦᠷᠢᠨᠱᠢᠭᠦᠯᠬᠦ᠌ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠢᠶᠠᠷᠤᠯᠲᠠ᠎ᠶ᠋ᠢᠨ ᠠᠷᠭ᠎ᠠ᠎ᠳᠤ ᠪᠠᠰᠠ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢ ᠲᠣᠭ᠍ᠲᠠᠭᠠᠬᠤ ᠠᠵᠢᠯ᠎ᠢ ᠱᠠᠲᠤ ᠬᠤᠪᠢᠶᠠᠨ ᠵᠣᠬᠢᠶᠠᠨ ᠪᠠᠢᠭᠤᠯᠵᠤ ᠥᠷᠨᠢᠭᠦᠯᠦᠨ᠂ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢ ᠬᠢᠨᠠᠨ ᠬᠡᠮᠵᠢᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ ᠭᠡᠵᠦ᠍ ᠳᠤᠷᠠᠳᠤᠨ ᠭᠠᠷᠭᠠᠪᠠ᠃ ᠠᠮᠢ ᠠᠬᠤᠶ᠎ᠶ᠋ᠢᠨ ᠤᠷᠤᠰᠬᠠᠯ᠎ᠤᠨ ᠬᠡᠮᠵᠢᠶ᠎ᠡ᠎ᠵᠢᠨ ᠪᠠᠷᠢᠮᠵᠢᠶ᠎ᠠ᠎ᠳᠤ ᠬᠥᠷᠬᠥ᠌ ᠥᠬᠡᠶ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠥᠬᠡᠶ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠬᠠᠮᠢᠶᠠᠷᠤᠯᠲᠠ᠎ᠶ᠋ᠢᠨ ᠠᠷᠭ᠎ᠠ᠎ᠳᠤ ᠠᠰᠠᠭᠤᠳᠠᠯ᠎ᠢ ᠬᠢᠨᠠᠨ ᠬᠠᠷᠭᠤᠭᠤᠯᠬᠤ᠂ ᠬᠤᠭᠤᠴᠠᠭ᠎ᠠ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠬᠤ᠂ ᠬᠠᠤᠯᠢ ᠬᠡᠷᠡᠭ᠌ᠵᠢᠭᠦᠯᠦᠯᠲᠡ᠎ᠶ᠋ᠢ ᠪᠠᠢᠴᠠᠭᠠᠬᠤ ᠪᠠ ᠪᠠᠲᠤᠯᠠᠭ᠎ᠠ᠎ᠶ᠋ᠢ ᠦᠨᠡᠯᠡᠨ ᠵᠢᠱ᠌ᠢᠬᠦ᠌ ᠵᠡᠷᠭᠡ ᠲᠠᠯ᠎ᠠ᠎ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃

ᠰᠢᠨᠬᠤᠸᠠ ᠬᠤᠷᠢᠶ᠎ᠠ᠎ᠵᠢᠨ ᠪᠡᠭᠡᠵᠢᠩ᠎ᠤᠨ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号