ᠴᠤᠤᠯ ᠭᠣᠣᠯ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠨᠵᠸᠨ᠋ᠸᠷᠢᠩ᠎ᠤᠨ ᠪᠠᠷᠢᠯᠭ᠎ᠠ᠎ᠳᠤ ᠲᠤᠷᠰᠢᠨ ᠤᠰᠤ ᠨᠡᠪᠲᠡᠷᠡᠭᠦᠯᠪᠡ
2025-07-01 16:14:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 30᠎ᠤ ᠡᠳᠦᠷ᠂ ᠴᠤᠤᠯ ᠭᠣᠣᠯ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠵᠸᠨ᠋ᠸᠷᠢᠩ᠎ᠤᠨ ᠪᠠᠷᠢᠯᠭ᠎ᠠ᠎ᠳᠤ ᠪᠥᠬᠥ ᠱᠤᠭᠤᠮ᠎ᠢᠶᠠᠷ ᠲᠤᠷᠰᠢᠨ ᠤᠰᠤ ᠨᠡᠪᠲᠡᠷᠡᠭᠦᠯᠪᠡ᠂ ᠡᠨᠡ ᠨᠢ ᠲᠣᠰ ᠢᠨᠵᠸᠨ᠋ᠸᠷᠢᠩ ᠨᠢᠭᠡᠨᠲᠡ ᠪᠥᠬᠥ ᠱᠤᠭᠤᠮ᠎ᠢᠶᠠᠷ ᠤᠰᠤ ᠨᠡᠪᠲᠡᠷᠡᠭᠦᠯᠬᠦ ᠴᠢᠳᠠᠪᠤᠷᠢ ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃


QQ截图20240904155222.png


ᠴᠤᠤᠯ ᠭᠣᠣᠯ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠨᠵᠸᠨ᠋ᠸᠷᠢᠩ ᠨᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠡᠴᠠ ᠲᠣᠭᠲᠠᠭᠠᠭᠰᠠᠨ 《ᠠᠷᠪᠠᠨ ᠭᠤᠷᠪᠠᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠵᠢᠨ ᠬᠤᠭᠤᠴᠠᠭᠠᠨ᠎ᠳᠤ ᠬᠡᠷᠡᠭᠵᠢᠭᠦᠯᠬᠦ 172 ᠵᠦᠢᠯ ᠎ᠦᠨ ᠤᠰᠤ ᠠᠷᠪᠢᠯᠠᠵᠤ ᠤᠰᠤ ᠬᠠᠩᠭᠠᠬᠤ ᠴᠢᠬᠤᠯᠠ ᠶᠡᠬᠡ ᠤᠰᠤᠨ ᠠᠰᠢᠭ᠍ᠯᠠᠯᠲᠠ ᠵᠢᠨ ᠢᠨᠵᠸᠨ᠋ᠸᠷᠢᠩ᠎ᠤᠨ ᠨᠢᠭᠡ ᠪᠠᠢᠵᠤ᠂ ᠤᠯᠤᠰ᠎ᠤᠨ ᠤᠰᠤᠨ᠎ᠤ ᠲᠣᠣᠷ᠎ᠤᠨ ᠭᠣᠣᠯᠯᠠᠭ᠍ᠴᠢ ᠢᠨᠵᠸᠨ᠋ᠸᠷᠢᠩ ᠎ᠳᠤ ᠬᠠᠷᠢᠶᠠᠯᠠᠭᠳᠠᠨ᠎ᠠ᠃ ᠢᠨᠵᠸᠨ᠋ᠸᠷᠢᠩ᠎ᠤᠨ ᠴᠣᠬᠣᠯᠠᠪᠤᠷᠢᠯᠠᠭᠰᠠᠨ ᠶᠡᠷᠦᠩᠬᠡᠢ ᠪᠡᠯᠡ ᠣᠷᠣᠭᠤᠯᠤᠯᠲᠠ ᠨᠢ 311.55 ᠳ᠋ᠦᠩᠰᠢᠭᠤᠷ ᠲᠥᠭᠥᠷᠢᠭ᠎ᠲᠦ ᠬᠦᠷᠴᠦ᠂ ᠮᠠᠨ᠎ᠤ ᠤᠷᠤᠨ᠎ᠤ ᠣᠳᠣ᠌ ᠪᠣᠯᠲᠠᠯᠠᠬᠢ ᠪᠡᠯᠡ ᠣᠷᠣᠭᠤᠯᠤᠯᠲᠠ᠎ᠶᠢᠨ ᠬᠡᠪᠴᠢᠶ᠎ᠡ᠎ᠪᠠᠷ ᠬᠠᠮᠤᠭ᠎ᠤᠨ ᠶᠡᠬᠡ ᠤᠰᠤᠨ ᠠᠰᠢᠭ᠍ᠯᠠᠯᠲᠠ᠎ᠶᠢᠨ ᠢᠨᠵᠸᠨ᠋ᠸᠷᠢᠩ ᠪᠣᠯᠣᠨ᠎ᠠ᠃


QQ截图20241204103623.png


ᠴᠤᠤᠯ ᠭᠣᠣᠯ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠨᠵᠸᠨ᠋ᠸᠷᠢᠩ᠎ᠤᠨ ᠪᠠᠷᠢᠯᠭ᠎ᠠ ᠨᠢ ᠭᠣᠣᠯᠳᠠᠭᠤ ᠤᠰᠤᠨ᠎ᠤ ᠡᠬᠢ ᠰᠤᠷᠪᠤᠯᠵᠢ᠎ᠶᠢᠨ ᠪᠠᠷᠢᠯᠭ᠎ᠠ ᠪᠠ ᠤᠰᠤ ᠳᠠᠮᠵᠢᠭᠤᠯᠬᠤ ᠪᠠᠷᠢᠯᠭ᠎ᠠ ᠬᠣᠶᠠᠷ ᠬᠡᠰᠡᠭ᠎ᠢᠶᠡᠷ ᠪᠦᠷᠢᠯᠳᠦᠵᠡᠢ᠃ ᠭᠣᠣᠯ ᠱᠤᠭᠤᠮ᠎ᠤᠨ ᠪᠠᠷᠢᠯᠭ᠎ᠠ ᠨᠢ ᠥᠨᠳᠡᠭᠡᠨ ᠣᠰᠤᠨ ᠠᠰᠢᠭ᠍ᠯᠠᠯᠲᠠ᠎ᠶᠢᠨ ᠲᠥᠪ᠎ᠡᠴᠡ ᠡᠮᠦᠨᠡᠰᠢ᠎ᠪᠠᠨ ᠲᠦᠩᠯᠢᠶᠣᠣ ᠬᠤᠲᠠ᠎ᠶᠢᠨ ᠬᠣᠷᠴᠢᠨ ᠲᠣᠭᠣᠷᠢᠭ᠋ ᠬᠦᠷᠲᠡᠯ᠎ᠡ ᠪᠦᠬᠦ ᠤᠷᠳᠤ ᠨᠢ 391.036 ᠺᠢᠯᠣᠮᠧᠲᠷ ᠪᠠᠢᠨ᠎ᠠ; ᠰᠠᠯᠪᠤᠷᠢ ᠱᠤᠭᠤᠮ᠎ᠤᠨ ᠪᠠᠷᠢᠯᠭ᠎ᠠ ᠨᠢ ᠨᠡᠢᠲᠡ 9 ᠵᠤᠷᠪᠤᠰ᠂ ᠪᠦᠬᠦ ᠤᠷᠳᠤ ᠨᠢ 395.265 ᠺᠢᠯᠣᠮᠧᠲᠷ ᠪᠠᠢᠵᠤ᠂ ᠲᠤᠰ ᠲᠤᠰ ᠬᠢᠩᠭᠠᠨ ᠠᠢᠮᠠᠭ᠂ ᠲᠦᠩᠯᠢᠶᠣᠣ ᠬᠤᠲᠠ ᠬᠣᠶᠠᠷ ᠭᠠᠵᠠᠷ᠎ᠤᠨ 8 ᠬᠣᠰᠢᠭᠤ ᠰᠢᠶᠠᠨ ᠬᠤᠲᠠ ᠲᠣᠭᠣᠷᠢᠭ᠋᠂ 10 ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠢ ᠬᠣᠯᠪᠣᠵᠠᠢ᠃ ᠢᠨᠵᠸᠨ᠋ᠸᠷᠢᠩ᠎ᠤᠨ ᠪᠠᠷᠢᠯᠭ᠎ᠠ ᠵᠢᠨ ᠣᠯᠠᠨ ᠵᠢᠯ᠎ᠦᠨ ᠳᠤᠮᠳᠠᠴᠢ ᠤᠰᠤ ᠬᠠᠩᠭᠠᠬᠤ ᠬᠡᠮᠵᠢᠶ᠎ᠡ 4.36 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠵᠢᠯ ᠪᠦᠷᠢ ᠬᠢᠩᠭᠠᠨ ᠠᠢᠮᠠᠭ᠎ᠲᠤ 1.49 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠠᠩᠭᠠᠵᠤ᠂ ᠲᠦᠩᠯᠢᠶᠣᠣ ᠬᠤᠲᠠ᠎ᠳᠤ 2.87 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠠᠩᠭᠠᠬᠤ ᠪᠣᠯᠣᠨ᠎ᠠ᠃


QQ截图20250224163902.png


ᠴᠤᠤᠯ ᠭᠣᠣᠯ᠎ᠤᠨ ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠨᠵᠸᠨ᠋ᠸᠷᠢᠩ᠎ᠢ ᠪᠠᠢᠭᠤᠯᠵᠤ ᠳᠠᠭᠤᠰᠤᠭᠰᠠᠨ᠎ᠤ ᠳᠠᠷᠠᠭ᠎ᠠ᠂ ᠴᠤᠤᠯ ᠭᠣᠣᠯ᠎ᠤᠨ ᠳᠣᠣᠷ᠎ᠠ ᠤᠷᠤᠰᠬᠠᠯ᠎ᠤᠨ ᠲᠠᠷᠢᠶᠠᠯᠠᠩ᠎ᠤᠨ ᠤᠰᠤᠯᠠᠯᠲᠠ ᠎ᠶᠢᠨ ᠨᠥᠬᠥᠴᠡᠯ᠎ᠢ ᠰᠠᠢᠵᠢᠷᠠᠭᠤᠯᠵᠤ᠂ ᠤᠰᠤ ᠬᠦᠷᠳᠡᠬᠦ ᠣᠷᠣᠨ᠎ᠤ ᠦᠢᠯᠡᠳᠪᠦᠷᠢᠯᠡᠯ ᠠᠮᠢᠳᠤᠷᠠᠯ ᠎ᠳᠤ ᠬᠡᠷᠡᠭᠯᠡᠬᠦ ᠤᠰᠤᠨ ᠎ᠤ ᠠᠰᠠᠭᠤᠳᠠᠯ᠎ᠢ ᠰᠢᠢᠳᠪᠦᠷᠢᠯᠡᠨ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠵᠤ ᠬᠡᠷᠡᠭᠯᠡᠭᠰᠡᠨ ᠪᠠᠢᠳᠠᠯ᠎ᠢ ᠪᠦᠲᠦᠮᠵᠢᠲᠠᠶ ᠨᠠᠮᠳᠠᠭᠤᠯᠵᠤ᠂ ᠮᠠᠨ᠎ᠤ ᠤᠷᠤᠨ᠎ᠤ ᠵᠡᠭᠦᠨ ᠬᠡᠰᠡᠭ᠎ᠦᠨ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠦᠷᠭᠦᠯᠵᠢᠯᠡᠨ ᠬᠥᠭᠵᠢᠬᠦ᠎ᠶᠢ ᠠᠬᠢᠭᠤᠯᠬᠤ᠂ ᠤᠮᠠᠷᠠᠲᠤ ᠬᠢᠯᠢ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠲᠤᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃


QQ截图20250224163936.png


ᠢᠷᠡᠯᠲᠡ᠄ ᠰᠢᠨᠬᠤᠸᠠ ᠬᠤᠷᠢᠶ᠎ᠠ᠂ ᠲᠠᠯ᠎ᠠ ᠨᠤᠲᠤᠬ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号