ᠮᠠᠨ᠎ᠤ ᠤᠷᠤᠨ᠎ᠤ 1 ᠬᠡᠷᠡᠭ᠎ᠦᠨ ᠵᠢᠱ᠌ᠢᠶ᠎ᠡ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠬᠣᠶᠠᠳᠤᠭᠠᠷ ᠪᠦᠯᠦᠭ᠎ᠦᠨ ᠵᠢᠱ᠌ᠢᠶ᠎ᠡ ᠦᠵᠡᠭᠦᠯᠬᠦ ᠲᠣᠪᠬᠢᠮᠠᠯ᠎ᠢ ᠬᠡᠷᠡᠭᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠤᠩᠭᠤᠬᠲᠠᠪᠠ
2025-07-15 09:49:29
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠵᠢᠱ᠌ᠢᠶ᠎ᠡ ᠦᠵᠡᠭᠦᠯᠬᠦ ᠲᠣᠪᠬᠢᠮᠠᠯ᠎ᠢ ᠳᠡᠯᠭᠡᠷᠡᠭᠦᠯᠦᠨ ᠬᠡᠷᠡᠭᠯᠡᠬᠦ᠎ᠶᠢ ᠴᠢᠨᠠᠬᠰᠢᠲᠠ ᠬᠦᠨᠵᠡᠭᠡᠢᠷᠡᠭᠦᠯᠦᠨ ᠪᠤᠲᠠᠲᠠᠢᠵᠢᠭᠤᠯᠵᠦ᠂ ᠤᠯᠠᠨ ᠲᠦᠮᠡᠨ᠎ᠦ ᠵᠠᠷᠭᠤ ᠬᠢᠬᠦ᠎ᠳᠦ ᠲᠥᠬᠥᠮ ᠦᠵᠡᠭᠦᠯᠬᠦ᠂ ᠭᠣᠮᠣᠳᠠᠯ ᠱᠠᠭᠠᠷᠳᠠᠯᠭ᠎ᠠ᠎ᠪᠠᠨ ᠣᠨᠣᠪᠴᠢᠲᠠᠶ ᠢᠯᠡᠳᠬᠡᠬᠦ᠂ ᠵᠠᠭᠤᠷᠠᠯᠳᠤᠭᠠᠨ᠎ᠢ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠬᠦ᠎ᠶᠢ ᠠᠬᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ᠂ ᠣᠢᠷ᠎ᠠ᠎ᠳᠤ ᠠᠷᠠᠳ᠎ᠤᠨ ᠳᠡᠭᠡᠳᠦ ᠰᠢᠭᠦᠬᠦ ᠬᠣᠷᠢᠶ᠎ᠠ ᠬᠣᠶᠠᠳᠤᠭᠠᠷ ᠪᠦᠯᠦᠭ᠎ᠦᠨ ᠵᠢᠱ᠌ᠢᠶ᠎ᠡ ᠦᠵᠡᠭᠦᠯᠬᠦ ᠲᠣᠪᠬᠢᠮᠠᠯ᠎ᠢ ᠬᠡᠷᠡᠭᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠡᠭᠦᠨ᠎ᠳᠦ᠂ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠠᠷᠠᠳ᠎ᠤᠨ ᠰᠢᠭᠦᠬᠦ ᠬᠣᠷᠢᠶ᠎ᠠ ᠵᠢᠨ ᠨᠢᠭᠡᠨ ᠬᠡᠷᠡᠭ᠎ᠤᠨ ᠵᠢᠱ᠌ᠢᠶ᠎ᠡ — ᠸᠠᠩ ᠣᠪᠣᠭᠲᠤ ᠵᠡᠷᠭᠡ ᠮᠠᠰᠢᠨ ᠲᠡᠷᠭᠡᠨ᠎ᠤ ᠡᠵᠡᠨ ᠬᠢᠭᠡᠳ ᠨᠢᠭᠡᠨ ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ᠎ᠦ ᠺᠣᠮᠫᠠᠨᠢ᠎ᠶᠢᠨ ᠬᠤᠳᠠᠯᠳᠤᠭᠠᠯᠠᠬᠤ ᠭᠡᠷ᠎ᠡ᠎ᠶᠢᠨ ᠵᠠᠭᠤᠷᠠᠯᠳᠤᠭᠠᠨ᠎ᠤ ᠬᠡᠷᠡᠭ ᠨᠢ ᠨᠡᠢᠲᠡᠯᠢᠭ ᠬᠡᠷᠡᠭ᠎ᠤᠨ ᠵᠢᠱ᠌ᠢᠶ᠎ᠡ ᠪᠡᠷ ᠰᠤᠩᠭᠤᠬᠲᠠᠪᠠ᠃

ᠲᠤᠰ ᠬᠡᠷᠡᠭ ᠪᠣᠯ ᠬᠤᠳᠠᠯᠳᠤᠭᠠᠯᠠᠬᠤ ᠭᠡᠷ᠎ᠡ᠎ᠶᠢᠨ ᠵᠠᠭᠤᠷᠠᠯᠳᠤᠭᠠᠨ᠎ᠤ ᠵᠠᠭᠠᠯᠳᠤᠬᠤ ᠪᠢᠴᠢᠭ᠂ ᠬᠠᠷᠢᠭᠤ ᠮᠠᠷᠭᠤᠬᠤ ᠪᠢᠴᠢᠭ᠎ᠦᠨ ᠵᠢᠱ᠌ᠢᠶ᠎ᠡ ᠦᠵᠡᠭᠦᠯᠬᠦ ᠲᠤᠪᠬᠢᠮᠠᠯ᠎ᠤᠨ ᠬᠡᠷᠡᠭᠯᠡᠭᠡᠨ᠎ᠦ ᠬᠡᠷᠡᠭ᠎ᠦᠨ ᠵᠢᠱ᠌ᠢᠶ᠎ᠡ ᠪᠣᠯᠣᠨ᠎ᠠ᠃ ᠬᠡᠰᠡᠭ ᠤᠯᠠᠨ ᠲᠦᠮᠡᠨ ᠶᠡᠷᠦᠩᠬᠡᠢᠯᠡᠨ ᠵᠠᠰᠠᠬᠤ ᠲᠦᠪ ᠲᠸ᠋ ᠵᠠᠭᠤᠷᠠᠯᠳᠤᠭᠠᠨ ᠢ᠋ ᠲᠤᠰᠬᠠᠵᠤ᠂ ᠲᠤᠰᠠᠯᠠᠮᠵᠢ ᠭᠤᠶᠤᠴᠢᠯᠠᠬᠤ᠎ᠳ᠋ᠤ ᠪᠡᠯᠡᠳᠬᠡᠭᠰᠡᠨ ᠮᠠᠲᠸᠷᠢᠶᠠᠯ ᠨᠢ ᠶᠡᠷᠦ ᠨᠢ ᠪᠦᠷᠢᠨ ᠪᠤᠰᠤ ᠪᠠᠢᠲᠠᠭ᠃ ᠲᠤᠰ ᠬᠡᠷᠡᠭ᠎ᠲᠦ᠂ ᠶᠡᠷᠦᠩᠬᠡᠢᠯᠡᠨ ᠵᠠᠰᠠᠬᠤ ᠲᠥᠪ ᠡᠴᠡ ᠵᠢᠱ᠌ᠢᠶ᠎ᠡ ᠦᠵᠡᠭᠦᠯᠬᠦ ᠲᠣᠪᠬᠢᠮᠠᠯ᠎ᠢ ᠤᠯᠠᠨ ᠲᠦᠮᠡᠨ᠎ᠳᠤ ᠬᠠᠩᠭᠠᠬᠰᠠᠨ ᠢ᠋ᠢᠡᠷ ᠪᠠᠷᠠᠬᠤ ᠦᠭᠡᠢ᠂ ᠰᠢᠭᠦᠬᠦ ᠬᠣᠷᠢᠶ᠎ᠠ《ᠠᠷᠠᠳ᠎ᠤᠨ ᠰᠢᠭᠦᠬᠦ ᠬᠣᠷᠢᠶᠠᠨ᠎ᠤ ᠰᠦᠯᠵᠢᠶᠡᠨ ᠳᠡᠭᠡᠷᠡᠬᠢ ᠦᠢᠯᠡᠴᠢᠯᠡᠭᠡ》ᠪᠡᠷ ᠳᠠᠮᠵᠢᠨ ᠡᠯᠧᠺᠲᠷᠣᠨ ᠬᠡᠪᠯᠡᠯ᠎ᠦᠨ ᠵᠢᠱ᠌ᠢᠶ᠎ᠡ ᠦᠵᠡᠭᠦᠯᠬᠦ ᠲᠣᠪᠬᠢᠮᠠᠯ᠎ᠢ ᠪᠠᠭᠤᠯᠭᠠᠨ ᠠᠪᠬᠤ ᠦᠢᠯᠡᠴᠢᠯᠡᠭᠡ ᠬᠠᠩᠭᠠᠵᠤ᠂ ᠡᠶᠡᠳᠡᠭᠦᠯᠦᠭᠴᠢ ᠡᠴᠡ ᠲᠤᠬᠠᠢ᠎ᠶᠢᠨ ᠲᠠᠯᠠᠪᠤᠷ᠎ᠲᠤ ᠵᠠᠭᠤᠷᠠᠯᠳᠤᠭᠠᠨ᠎ᠢ ᠰᠢᠢᠳᠪᠦᠷᠢᠯᠡᠬᠦ ᠬᠡᠷᠡᠭᠴᠡᠭᠡ᠎ᠲᠠᠢ ᠲᠤᠬᠠᠢ᠎ᠶᠢᠨ ᠬᠥᠮᠥᠨ᠎ᠢ ᠵᠢᠯᠣᠭᠣᠳᠤᠨ ᠲᠠᠭᠯᠠᠭᠤᠯᠤᠨ ᠲᠤᠰᠢᠶᠠᠯᠭᠠᠵᠦ᠂ ᠤᠯᠠᠨ ᠲᠦᠮᠡᠨ᠎ᠦ ᠵᠠᠭᠤᠷᠠᠯᠳᠤᠭᠠᠨ᠎ᠢ ᠰᠢᠢᠳᠪᠦᠷᠢᠯᠡᠬᠦ ᠥᠪᠡᠷ᠎ᠦᠨ ᠦᠷᠳᠡᠭ᠎ᠢ ᠦᠨᠡᠨ ᠬᠦ᠌ ᠬᠥᠩᠭᠡᠷᠡᠭᠦᠯᠪᠡ; ᠵᠢᠱ᠌ᠢᠶ᠎ᠡ ᠦᠵᠡᠭᠦᠯᠬᠦ ᠲᠤᠪᠬᠢᠮᠠᠯ ᠨᠢ ᠲᠤᠬᠠᠢ᠎ᠶᠢᠨ ᠬᠥᠮᠥᠨ᠎ᠳᠦ ᠵᠢᠭᠠᠨ ᠵᠢᠯᠤᠭᠣᠳᠬᠤ ᠦᠢᠯᠡᠳᠦᠯ ᠦᠵᠡᠭᠦᠯᠦᠭᠰᠡᠨ᠎ᠦ ᠳᠠᠷᠠᠭ᠎ᠠ᠂ ᠠᠳᠠᠯᠢ ᠬᠦᠰᠡᠯ ᠱᠠᠭᠠᠷᠳᠠᠯᠭ᠎ᠠ᠎ᠲᠠᠢ ᠪᠤᠰᠤᠳ ᠲᠡᠷᠭᠡᠨ᠎ᠦ ᠡᠵᠡᠳ ᠵᠢᠱ᠌ᠢᠶ᠎ᠡ ᠦᠵᠡᠭᠦᠯᠬᠦ ᠲᠤᠪᠬᠢᠮᠠᠯ᠎ᠤᠨ ᠰᠠᠨᠠᠭᠤᠯᠤᠮᠵᠢ᠎ᠶᠢ ᠦᠨᠳᠦᠰᠦᠯᠡᠨ ᠵᠠᠭᠠᠯᠳᠤᠬᠤ ᠪᠢᠴᠢᠭ᠎ᠢ ᠥᠪᠡᠰᠦᠪᠡᠨ ᠲᠠᠭᠯᠠᠬᠰᠠᠨ ᠮᠦᠷᠲᠡᠭᠡᠨ 4S ᠳᠡᠯᠭᠡᠭᠦᠷ ᠨᠢ ᠪᠠᠰᠠ ᠡᠯᠧᠮᠧᠨ᠋ᠲ᠎ᠦᠨ ᠬᠡᠯᠪᠡᠷᠢ᠎ᠶᠢᠨ ᠬᠠᠷᠢᠭᠤ ᠮᠠᠷᠭᠤᠬᠤ ᠪᠢᠴᠢᠭ ᠵᠣᠬᠢᠶᠠᠪᠠ᠃ ᠡᠶᠡᠳᠡᠭᠦᠯᠦᠭᠴᠢ ᠨᠢ ᠰᠢᠭᠦᠭᠦ ᠲᠤᠰᠢᠶᠠᠯᠲᠠᠨ᠎ᠤ ᠵᠢᠯᠣᠭᠣᠳᠤᠯᠭ᠎ᠠ ᠳᠣᠣᠷ᠎ᠠ᠂ ᠨᠢᠭᠡᠳᠦᠯᠲᠡᠢ ᠵᠢᠷᠤᠮᠵᠢᠭ᠍ᠰᠠᠨ ᠵᠠᠭᠠᠯᠳᠤᠬᠤ ᠪᠢᠴᠢᠭ ᠪᠠ ᠮᠠᠷᠭᠤᠬᠤ ᠪᠢᠴᠢᠭ᠎ᠢ ᠬᠠᠷᠢᠴᠠᠭᠤᠯᠵᠤ᠂ ᠮᠠᠷᠭᠤᠯᠳᠤᠭᠠᠨ ᠦᠭᠡᠢ ᠪᠣᠳᠠᠲᠤ ᠶᠠᠪᠤᠳᠠᠯ᠎ᠢ ᠲᠦᠷᠭᠡᠨ ᠨᠤᠲᠠᠯᠠᠵᠤ᠂ ᠬᠡᠮ ᠰᠣᠭᠣᠭ᠎ᠢ ᠣᠨᠣᠪᠴᠢᠲᠠᠶ ᠢᠯᠭᠠᠨ ᠲᠠᠨᠢᠵᠤ᠂ 50 ᠬᠤᠪᠢ ᠵᠠᠭᠤᠷᠠᠯᠳᠤᠭᠠᠨ᠎ᠢ ᠲᠥᠪᠯᠡᠷᠡᠭᠦᠯᠦᠨ ᠡᠶᠡᠳᠡᠭᠦᠯᠬᠦ᠎ᠶᠢ ᠪᠡᠶᠡᠯᠡᠭᠦᠯᠬᠦ᠎ᠶᠢᠨ ᠬᠠᠮᠲᠤ ᠠᠳᠠᠯᠢ ᠲᠦᠷᠦᠯ᠎ᠦᠨ ᠨᠢᠭᠤᠭᠳᠠᠮᠠᠯ ᠵᠠᠭᠤᠷᠠᠯᠳᠤᠭᠠᠨ᠎ᠢ ᠪᠦᠬᠦᠨ᠎ᠢ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠬᠦ᠎ᠶᠢ ᠠᠬᠢᠭᠤᠯᠪᠠ; ᠶᠡᠷᠦᠩᠬᠡᠢᠯᠡᠨ ᠵᠠᠰᠠᠬᠤ ᠲᠥᠪ᠎ᠦᠨ ᠠᠵᠢᠯᠲᠠᠨ ᠪᠣᠯᠣᠨ ᠡᠶᠡᠳᠡᠭᠦᠯᠦᠭᠴᠢ᠎ᠶᠢᠨ ᠵᠠᠭᠤᠷᠠᠯᠳᠤᠭᠠᠨ᠎ᠢ ᠰᠢᠢᠳᠪᠦᠷᠢᠯᠡᠬᠦ ᠴᠢᠳᠠᠪᠤᠷᠢ᠎ᠶᠢ ᠴᠢᠨᠠᠬᠰᠢᠲᠠ ᠳᠡᠭᠡᠭᠰᠢᠯᠡᠭᠦᠯᠬᠦ᠎ᠶᠢᠨ ᠲᠥᠯᠥᠭᠡ᠂ ᠬᠥᠬᠡᠬᠣᠲᠠ᠎ᠶᠢᠨ ᠰᠢᠭᠦᠬᠦ ᠬᠣᠷᠢᠶ᠎ᠠ ᠵᠢᠱ᠌ᠢᠶ᠎ᠡ ᠦᠵᠡᠭᠦᠯᠬᠦ ᠲᠤᠪᠬᠢᠮᠠᠯ᠎ᠳᠤ ᠲᠦᠰᠢᠭᠯᠡᠨ ᠡᠶᠡᠳᠡᠭᠦᠯᠭᠡ᠎ᠶᠢ ᠵᠢᠯᠤᠭᠣᠳᠬᠤ ᠡᠭᠦᠷᠭᠡ ᠴᠢᠳᠠᠪᠬᠢ᠎ᠪᠠᠨ ᠪᠣᠳᠠᠲᠠᠢᠵᠢᠭᠤᠯᠵᠤ᠂ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠬᠦ ᠠᠵᠢᠯ᠎ᠤᠨ ᠯᠧᠺᠲ᠋ᠣᠷ᠎ᠤᠨ ᠪᠦᠯᠬᠦᠮ᠎ᠢ ᠵᠣᠬᠢᠶᠠᠨ ᠪᠠᠢᠭᠤᠯᠵᠤ᠂ ᠲᠣᠭᠣᠷᠢᠨ ᠲᠠᠢᠯᠪᠤᠷᠢᠯᠠᠬᠤ᠎ᠪᠠᠷ ᠳᠠᠮᠵᠢᠨ ᠵᠢᠱ᠌ᠢᠶ᠎ᠡ ᠦᠵᠡᠭᠦᠯᠬᠦ ᠲᠤᠪᠬᠢᠮᠠᠯ᠎ᠤᠨ ᠪᠦᠲᠦᠴᠡ ᠪᠠ ᠲᠠᠭᠯᠠᠬᠤ ᠠᠯᠬᠤᠮ ᠲᠠᠷᠠᠭᠠᠯᠠᠯ ᠢ᠋ ᠬᠦᠨᠵᠡᠭᠡᠢ ᠪᠦᠭᠡᠳ ᠤᠢᠯᠠᠭᠠᠮᠵᠢᠲᠠᠢ ᠲᠠᠢᠯᠪᠤᠷᠢᠯᠠᠵᠦ᠂ ᠵᠢᠱ᠌ᠢᠶ᠎ᠡ ᠦᠵᠡᠭᠦᠯᠬᠦ ᠲᠤᠪᠬᠢᠮᠠᠯ ᠢ᠋ ᠲᠤᠬᠠᠢ ᠢ᠋ᠢᠨ ᠬᠦᠮᠦᠨ᠎ᠤ 《ᠵᠠᠷᠭᠤ ᠬᠢᠬᠦ ᠪᠠᠭᠠᠵᠢ》 ᠪᠤᠯᠭᠠᠬᠰᠠᠨ ᠪᠦᠭᠡᠳ ᠥᠷᠭᠡᠨ ᠤᠯᠠᠨ ᠡᠶᠡᠳᠡᠭᠦᠯᠬᠦ ᠵᠣᠬᠢᠶᠠᠨ ᠪᠠᠢᠭᠤᠯᠤᠯᠲᠠ ᠪᠠ ᠡᠶᠡᠳᠡᠭᠦᠯᠦᠭᠴᠢ ᠢ᠋ᠢᠨ 《ᠡᠶᠡᠳᠡᠭᠦᠯᠭᠡ᠎ᠶᠢᠨ ᠵᠦᠭᠯᠡᠭᠦᠷ》 ᠪᠣᠯᠭᠠᠵᠤ᠂ ᠵᠠᠭᠤᠷᠠᠯᠳᠤᠭᠠᠨ᠎ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ᠎ᠶᠢ ᠦᠨᠡᠨ᠎ᠬᠦ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号