ᠤᠶᠤᠳᠠᠳ ᠤ᠋ᠨ ᠰᠢᠨ᠎ᠡ ᠵᠢ ᠡᠬᠦᠳᠬᠦ ᠤᠷᠤᠯᠳᠤᠭᠠᠨ ᠡᠬᠢᠯᠡᠪᠡ
2025-07-15 10:02:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 13 ᠎ᠤ ᠡᠳᠦᠷ᠂ ᠳᠤᠮᠳᠠᠳᠤ ᠤᠯᠤᠰ᠎ᠤᠨ ᠤᠯᠠᠨ ᠤᠯᠤᠰ᠎ᠤᠨ ᠣᠶᠤᠲᠠᠳ᠎ᠤᠨ ᠰᠢᠨ᠎ᠡ᠎ᠶᠢ ᠡᠭᠦᠳᠬᠦ ᠤᠷᠤᠯᠳᠤᠭᠠᠨ (2025)᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠰᠢᠯᠭᠠᠷᠠᠭᠤᠯᠬᠤ ᠤᠷᠤᠯᠳᠤᠭᠠᠨ ᠪᠣᠷᠣᠳᠣᠬᠣᠢ ᠳᠡᠭᠡᠳᠦ ᠰᠤᠷᠭᠠᠭᠤᠯᠢ᠎ᠳᠤ ᠵᠢᠩᠬᠢᠨᠢ᠎ᠪᠡᠷ ᠡᠬᠢᠯᠡᠵᠦ᠂ ᠪᠦᠬᠦ ᠣᠷᠣᠨ᠎ᠤ 30 ᠭᠠᠷᠤᠢ ᠶᠡᠬᠡ ᠳᠡᠭᠡᠳᠦ ᠰᠤᠷᠭᠠᠭᠤᠯᠢ᠎ᠶᠢᠨ ᠣᠷᠣᠯᠴᠠᠭᠰᠠᠳ ᠣᠷᠣᠯᠴᠠᠪᠠ᠃   

ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠤᠤᠯ ᠤᠷᠤᠯᠳᠤᠭᠠᠨ᠎ᠤ ᠲᠦᠷᠦᠯ᠎ᠤᠨ 5 ᠳ᠋ᠤᠭᠠᠷ ᠳᠤᠭᠤᠢᠯᠠᠩ᠎ᠤᠨ ᠤᠷᠤᠯᠳᠤᠭᠠᠨ᠎ᠤ ᠲᠠᠯᠠᠪᠤᠷ᠎ᠲᠤ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠣᠷᠣᠯᠴᠠᠭᠴᠢ ᠶᠤᠸᠠᠢ ᠳ᠋ᠢᠶᠠᠨ ᠪᠢᠨ ᠥᠪᠡᠷ᠎ᠤᠨ ᠲᠦᠷᠦᠯ ᠵᠦᠢᠯ᠎ᠦᠨ ᠲᠣᠢᠮᠣ᠌ ᠪᠠᠢᠳᠠᠯ᠂ ᠥᠪᠡᠷᠮᠢᠴᠡ ᠳᠠᠪᠠᠭᠤᠯᠢᠭ᠋᠎ᠠᠴᠠ ᠰᠢᠨ᠎ᠡ᠎ᠶᠢ ᠡᠭᠦᠳᠬᠦ ᠭᠢᠯᠠᠰ ᠴᠡᠭ᠂ ᠬᠥᠭᠵᠢᠯᠲᠡ᠎ᠶᠢᠨ ᠠᠯᠤᠰ ᠢᠷᠡᠭᠡᠳᠦᠢ ᠬᠦᠷᠲᠡᠯ᠎ᠡ ᠢᠲᠡᠭᠡᠯ ᠳᠡᠬᠦᠯᠳᠡᠷ ᠵᠢᠡᠷ ᠲᠠᠨᠢᠯᠴᠠᠭᠤᠯᠵᠤ ᠪᠠᠢᠯ᠎ᠠ᠃

《ᠡᠨᠡ ᠤᠳᠠᠭᠠᠨ᠎ᠤ ᠰᠢᠯᠭᠠᠷᠠᠭᠤᠯᠬᠤ ᠤᠷᠤᠯᠳᠤᠭᠠᠨ᠎ᠳᠤ ᠣᠷᠣᠯᠴᠠᠭᠰᠠᠨ ᠳ᠋ᠠᠭᠠᠨ ᠮᠠᠰᠢ ᠠᠵᠠᠲᠠᠢ ᠰᠠᠨᠠᠭᠳᠠᠵᠤ ᠪᠠᠢᠨ᠎ᠠ᠂ ᠳᠡᠭᠡᠳᠦ ᠳᠡᠰ᠎ᠤᠨ᠂ ᠥᠨᠳᠥᠷ ᠬᠢᠷᠢ ᠲᠦᠪᠰᠢᠨ ᠪᠦᠬᠦᠢ ᠤᠯᠤᠰ᠎ᠤᠨ ᠳᠡᠰ᠎ᠤᠨ ᠤᠷᠤᠯᠳᠤᠭᠠᠨ ᠪᠣᠯᠤᠭᠰᠠᠨ᠎ᠤ ᠬᠤᠪᠢ᠎ᠳᠤ᠂ ᠳᠤᠰ ᠤᠷᠤᠯᠳᠤᠭᠠᠨ ᠨᠢ ᠣᠶᠤᠲᠠᠳ᠎ᠤᠨ ᠥᠰᠦᠨ ᠪᠣᠶ᠋ᠢᠵᠢᠯᠲᠠ ᠪᠠ ᠬᠥᠭᠵᠢᠯᠲᠡ᠎ᠳᠦ ᠮᠠᠰᠢ ᠶᠡᠬᠡ ᠠᠴᠢ ᠬᠣᠯᠪᠣᠭᠳᠠᠯ᠎ᠲᠠᠢ ᠶᠤᠮ᠂ ᠣᠯᠠᠨ᠎ᠢᠶᠠᠷ᠎ᠢᠶᠠᠨ ᠰᠠᠢᠨ ᠬᠢᠷᠢ ᠪᠦᠲᠦᠮᠵᠢ ᠣᠯᠬᠤ ᠶ᠋ᠢ ᠬᠦᠰᠡᠵᠦ ᠪᠠᠢᠨ᠎ᠠ》 ᠭᠡᠵᠦ ᠶᠤᠸᠠᠢ ᠳ᠋ᠢᠶᠠᠨ ᠪᠢᠨ ᠬᠡᠯᠡᠨ᠎ᠡ᠃

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ᠎ᠢ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠤᠤᠯ ᠤᠷᠤᠯᠳᠤᠭᠠᠨ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷᠤᠯᠳᠤᠭᠠᠨ᠂ 《ᠵᠠᠯᠠᠭᠤᠴᠤᠳ᠎ᠤᠨ ᠬᠤᠪᠢᠰᠬᠠᠯ᠎ᠤᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠠᠶᠠᠨ》 ᠭᠡᠬᠦ ᠭᠤᠷᠪᠠᠨ ᠤᠷᠤᠯᠳᠤᠭᠠᠨ᠎ᠤ ᠲᠦᠷᠦᠯ ᠪᠤᠯᠭᠠᠨ ᠬᠤᠪᠢᠶᠠᠵᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠤᠤᠯ ᠤᠷᠤᠯᠳᠤᠭᠠᠨ᠎ᠤ ᠲᠦᠷᠦᠯ ᠨᠢ ᠭᠣᠣᠯᠳᠠᠭᠤ ᠡᠩ᠎ᠦᠨ ᠶᠡᠬᠡ ᠳᠡᠭᠡᠳᠦ ᠰᠤᠷᠭᠠᠭᠤᠯᠢ ᠵᠢᠨ ᠤᠷᠤᠯᠴᠠᠭᠰᠠᠳ᠎ᠲᠦ ᠬᠠᠨᠳᠤᠭᠤᠯᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷᠤᠯᠳᠤᠭᠠᠨ᠎ᠤ ᠲᠦᠷᠦᠯ᠎ᠨᠢ ᠭᠣᠣᠯᠳᠠᠭᠤ ᠠᠵᠢᠯ ᠮᠡᠷᠭᠡᠵᠢᠯ᠎ᠦᠨ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠤᠷᠤᠯᠴᠠᠭᠰᠠᠳ᠎ᠲᠦ ᠬᠠᠨᠳᠤᠭᠤᠯᠵᠤ᠂ 《ᠵᠠᠯᠠᠭᠤᠴᠤᠳ᠎ᠤᠨ ᠬᠤᠪᠢᠰᠬᠠᠯ᠎ᠤᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠠᠶᠠᠨ》᠎ᠤ ᠤᠷᠤᠯᠳᠤᠭᠠᠨ᠎ᠤ ᠲᠦᠷᠦᠯ ᠨᠢ ᠶᠡᠬᠡ ᠳᠡᠭᠡᠳᠦ ᠰᠤᠷᠭᠠᠭᠤᠯᠢ ᠭᠡᠵᠦ ᠢᠯᠭᠠᠬᠤ ᠦᠭᠡᠢ᠂ ᠤᠷᠤᠯᠳᠤᠭᠠᠨ᠎ᠳᠤ ᠣᠷᠣᠯᠴᠠᠬᠤ ᠲᠦᠷᠦᠯ ᠵᠦᠢᠯ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠨᠡᠶ᠋ᠢᠲᠡ᠎ᠶᠢᠨ ᠠᠰᠠᠷᠠᠮᠵᠢ᠎ᠶᠢᠨ ᠲᠦᠷᠦᠯ ᠵᠦᠢᠯ᠎ᠢᠶᠡᠷ ᠭᠣᠣᠯ ᠪᠣᠯᠭᠠᠨ᠎ᠠ᠃

ᠰᠢᠯᠭᠠᠷᠠᠭᠤᠯᠬᠤ ᠶᠠᠪᠤᠴᠠ᠎ᠶᠢᠨ ᠲᠠᠯ᠎ᠠ᠎ᠪᠠᠷ᠂ ᠲᠣᠰ ᠤᠳᠠᠭᠠᠨ᠎ᠤ ᠥᠪᠥᠷ ᠮᠣᠩᠭᠣᠯ᠎ᠤᠨ ᠰᠢᠯᠭᠠᠷᠠᠭᠤᠯᠬᠤ ᠤᠷᠤᠯᠳᠤᠭᠠᠨ ᠨᠢ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠤᠤᠯ ᠤᠷᠤᠯᠳᠤᠭᠠᠨ᠎ᠤ ᠲᠦᠷᠦᠯ ᠠ᠋ᠴᠠ 50 ᠠᠯᠲᠠᠨ ᠮᠧᠳᠠᠯ᠎ᠤᠨ ᠲᠥᠷᠥᠯ ᠵᠦᠢᠯ ᠢ᠋ ᠰᠣᠩᠭᠣᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠷᠤᠯᠳᠤᠭᠠᠨ᠎ᠤ ᠲᠦᠷᠦᠯ ᠠ᠋ᠴᠠ 30 ᠠᠯᠲᠠᠨ ᠮᠧᠳᠠᠯ᠎ᠤᠨ ᠲᠥᠷᠥᠯ ᠵᠦᠢᠯ ᠢ᠋ ᠰᠣᠩᠭᠣᠵᠤ᠂《ᠵᠠᠯᠠᠭᠤᠴᠤᠳ᠎ᠤᠨ ᠬᠤᠪᠢᠰᠬᠠᠯ᠎ᠤᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠠᠶᠠᠨ》᠎ᠤ ᠤᠷᠤᠯᠳᠤᠭᠠᠨ᠎ᠤ ᠲᠦᠷᠦᠯ ᠠ᠋ᠴᠠ 20 ᠠᠯᠲᠠᠨ ᠮᠧᠳᠠᠯ᠎ᠤᠨ ᠲᠥᠷᠥᠯ ᠵᠦᠢᠯ ᠢ᠋ ᠰᠣᠩᠭᠣᠨ᠎ᠠ᠃ ᠵᠣᠬᠢᠶᠠᠨ ᠪᠠᠶ᠋ᠢᠭᠤᠯᠬᠤ ᠺᠣᠮᠢᠰ ᠨᠢ ᠡᠴᠦᠰ᠎ᠲᠡᠬᠡᠨ 《ᠠᠯᠲᠠᠨ ᠮᠧᠳᠠᠯ᠎ᠤᠨ ᠵᠢᠭ᠍ᠰᠠᠭᠠᠯᠲᠠ᠎ᠶᠢᠨ ᠤᠷᠤᠯᠳᠤᠭᠠᠨ》᠎ᠤ ᠨᠡᠷᠡᠰ᠎ᠦᠨ ᠵᠢᠭ᠍ᠰᠠᠭᠠᠯᠲᠠ᠎ᠪᠠᠷ ᠦᠨᠳᠦᠰᠦᠯᠡᠯ ᠪᠣᠯᠭᠠᠵᠤ᠂ ᠤᠯᠤᠰ᠎ᠤᠨ ᠤᠷᠤᠯᠳᠤᠭᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠮᠠᠨ᠎ᠤ ᠣᠷᠣᠨ᠎ᠳᠤ ᠬᠤᠪᠢᠶᠠᠷᠢᠯᠠᠨ ᠥᠭᠭᠦᠭᠰᠡᠨ ᠬᠢᠵᠠᠭᠠᠷ ᠲᠣᠭ᠎ᠠ᠎ᠲᠠᠢ ᠤᠶᠠᠯᠳᠤᠭᠤᠯᠤᠨ᠂ ᠤᠯᠤᠰ᠎ᠤᠨ ᠤᠷᠤᠯᠳᠤᠭᠠᠨ᠎ᠳᠤ ᠣᠷᠣᠯᠴᠠᠬᠤ᠎ᠪᠠᠷ ᠲᠠᠨᠢᠯᠴᠠᠭᠤᠯᠬᠤ ᠲᠥᠷᠥᠯ ᠵᠦᠢᠯ᠎ᠢ ᠲᠣᠭᠲᠠᠭᠠᠨ᠎ᠠ᠃

ᠢᠷᠡᠯᠳᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号