​70 ᠭᠠᠷᠤᠢ ᠠᠭᠠᠷ᠎ᠤᠨ ᠠᠶᠠᠯᠠᠯ᠎ᠤᠨ ᠱᠤᠭᠤᠮ᠎ᠢ ᠨᠡᠮᠡᠨ᠎ᠡ
2025-07-02 15:34:20
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 1᠎ᠤ ᠡᠳᠦᠷ᠂ 2025 ᠣᠨ᠎ᠤ ᠵᠣᠨ᠎ᠤ ᠠᠮᠠᠷᠠᠯᠲᠠ᠎ᠶᠢᠨ ᠠᠷᠠᠳ᠎ᠤᠨ ᠠᠭᠠᠷ᠎ᠤᠨ ᠵᠦᠭᠡᠭᠡᠪᠦᠷᠢ ᠵᠢᠩᠬᠢᠨᠢ᠎ᠪᠡᠷ ᠡᠬᠢᠯᠡᠪᠡ᠃ ᠵᠤᠨ᠎ᠤ ᠠᠮᠠᠷᠠᠯᠲᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠠᠬᠢ ᠥᠷᠭᠡᠨ ᠤᠯᠠᠨ ᠠᠶᠠᠨᠴᠢᠳ᠎ᠤᠨ ᠠᠶᠠᠯᠠᠯ᠎ᠤᠨ ᠬᠡᠷᠡᠭᠴᠡᠭᠡ᠎ᠶᠢ ᠨᠡᠩ ᠰᠠᠢᠨ ᠬᠠᠩᠭᠠᠬᠤ᠎ᠶᠢᠨ ᠲᠥᠯᠥᠭᠡ᠂ ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠦᠨ ᠬᠢᠨ ᠠᠭᠠᠷ᠎ᠤᠨ ᠠᠶᠠᠯᠠᠯ᠎ᠤᠨ ᠺᠣᠮᠫᠠᠨᠢ᠎ᠶᠢ ᠢᠳᠡᠪᠬᠢᠲᠡᠢ ᠵᠣᠬᠢᠴᠠᠭᠤᠯᠵᠤ᠂ ᠠᠭᠠᠷ᠎ᠤᠨ ᠠᠶᠠᠯᠠᠯ᠎ᠤᠨ ᠱᠤᠭᠤᠮ᠎ᠤᠨ ᠲᠣᠣᠷ᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠬᠠᠯᠠᠮᠰᠢᠯ ᠠᠭᠠᠷ᠎ᠤᠨ ᠠᠶᠠᠯᠠᠯ᠎ᠤᠨ ᠱᠤᠭᠤᠮ᠎ᠤᠨ ᠡᠭᠡᠯᠵᠢ᠎ᠶᠢᠨ ᠨᠢᠰᠬᠡᠯ᠎ᠢ ᠨᠡᠮᠡᠵᠤ᠂ 70 ᠭᠠᠷᠤᠢ ᠵᠤᠷᠪᠤᠰ ᠠᠭᠠᠷ᠎ᠤᠨ ᠠᠶᠠᠯᠠᠯ᠎ᠤᠨ ᠱᠤᠭᠤᠮ᠎ᠢ ᠨᠡᠮᠡᠵᠦ ᠶᠠᠪᠤᠭᠤᠯᠬᠤ᠎ᠪᠠᠷ ᠲᠥᠯᠥᠪᠯᠡᠵᠦ᠂ ᠡᠳᠦᠷ ᠪᠦᠷᠢ 75 ᠡᠭᠡᠯᠵᠢ᠎ᠶᠢᠨ ᠨᠢᠰᠬᠡᠯ ᠨᠡᠮᠡᠭᠳᠡᠬᠦᠯᠬᠦ ᠪᠠᠷ ᠪᠤᠢ᠃

ᠣᠢᠯᠠᠭᠠᠭᠰᠠᠨ᠎ᠢᠶᠠᠷ᠂ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠦᠨ ᠡᠯ᠎ᠡ ᠬᠡᠰᠢᠬᠦᠨ ᠨᠢᠰᠬᠡᠯ᠎ᠦᠨ ᠪᠠᠭᠤᠳᠠᠯ᠎ᠤᠨ ᠡᠭᠡᠯᠵᠢ᠎ᠶᠢᠨ ᠨᠢᠰᠬᠡᠯ᠎ᠦᠨ ᠲᠣᠭ᠎ᠠ ᠴᠥᠮ ᠢᠯᠡᠳᠲᠡ ᠨᠡᠮᠡᠭᠳᠡᠬᠦ ᠪᠤᠯᠤᠨ᠎ᠡ᠃ ᠡᠭᠦᠨ᠎ᠳᠦ᠂ ᠬᠥᠯᠥᠨ ᠪᠣᠶ᠋ᠢᠷ᠎ᠤᠨ ᠨᠢᠰᠬᠡᠯ᠎ᠦᠨ ᠪᠠᠭᠤᠳᠠᠯ᠎ᠤᠨ ᠡᠭᠡᠯᠵᠢ᠎ᠶᠢᠨ ᠨᠢᠰᠬᠡᠯ᠎ᠦᠨ ᠲᠣᠭ᠎ᠠ ᠡᠳᠦᠷ ᠪᠦᠷᠢ ᠳᠤᠮᠳᠠᠴᠢ᠎ᠪᠠᠷ 42 — 43 ᠡᠭᠡᠯᠵᠢ ᠨᠡᠮᠡᠭᠳᠡᠨ᠎ᠡ; ᠬᠥᠬᠡᠬᠣᠲᠠ᠎ᠶᠢᠨ ᠨᠢᠰᠬᠡᠯ᠎ᠦᠨ ᠪᠠᠭᠤᠳᠠᠯ᠎ᠤᠨ ᠡᠭᠡᠯᠵᠢ᠎ᠶᠢᠨ ᠨᠢᠰᠬᠡᠯ᠎ᠦᠨ ᠲᠣᠭ᠎ᠠ ᠡᠳᠦᠷ ᠪᠦᠷᠢ ᠳᠤᠮᠳᠠᠴᠢ᠎ᠪᠠᠷ 14 — 15 ᠡᠭᠡᠯᠵᠢ ᠨᠡᠮᠡᠭᠳᠡᠨ᠎ᠡ; ᠪᠤᠭᠤᠲᠤ᠂ ᠤᠯᠠᠭᠠᠨᠬᠠᠳᠠ᠂ ᠰᠢᠯᠢᠩᠬᠣᠲᠠ᠎ᠶᠢᠨ ᠨᠢᠰᠬᠡᠯ᠎ᠦᠨ ᠪᠠᠭᠤᠳᠠᠯ᠎ᠤᠨ ᠡᠭᠡᠯᠵᠢ᠎ᠶᠢᠨ ᠨᠢᠰᠬᠡᠯ᠎ᠦᠨ ᠲᠣᠭ᠎ᠠ ᠡᠳᠦᠷ ᠪᠦᠷᠢ ᠳᠤᠮᠳᠠᠴᠢ᠎ᠪᠠᠷ 3 — 5 ᠡᠭᠡᠯᠵᠢ ᠨᠡᠮᠡᠭᠳᠡᠨ᠎ᠡ; ᠲᠦᠩᠯᠢᠶᠣᠣ᠂ ᠤᠯᠠᠭᠠᠨᠬᠣᠲᠠ᠂ ᠦᠬᠠᠢ᠂ ᠬᠣᠥᠯᠢᠨ ᠭᠣᠣᠯ᠂ ᠷᠠᠰᠢᠶᠠᠨ ᠵᠡᠷᠭᠡ ᠨᠢᠰᠬᠡᠯ᠎ᠦᠨ ᠪᠠᠭᠤᠳᠠᠯ ᠡᠳᠦᠷ ᠪᠦᠷᠢ ᠳᠤᠮᠳᠠᠴᠢ᠎ᠪᠠᠷ 1 — 3 ᠡᠭᠡᠯᠵᠢ ᠨᠡᠮᠡᠭᠳᠡᠨ᠎ᠡ᠃ ᠡᠭᠦᠨ᠎ᠡᠴᠡ ᠭᠠᠳᠠᠨ᠎ᠠ᠂ ᠣᠷᠣᠨ᠎ᠤ ᠳᠣᠲᠣᠷᠠᠬᠢ ᠠᠭᠠᠷ᠎ᠤᠨ ᠠᠶᠠᠯᠠᠯ᠎ᠤᠨ ᠱᠤᠭᠤᠮ᠎ᠤᠨ ᠲᠠᠯ᠎ᠠ᠎ᠪᠠᠷ᠂ 10 ᠵᠤᠷᠪᠤᠰ 《ᠰᠢᠭᠤᠳ ᠨᠡᠪᠲᠡᠷᠡᠬᠦ》 ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠮᠡᠵᠦ᠂ ᠪᠤᠭᠤᠲᠤ ᠠ᠋ᠴᠠ ᠬᠣᠥᠯᠢᠨ ᠭᠣᠣᠯ ᠬᠦᠷᠬᠦ ᠠᠭᠠᠷ᠎ᠤᠨ ᠠᠶᠠᠯᠠᠯ᠎ᠤᠨ ᠱᠤᠭᠤᠮ᠂ ᠰᠢᠯᠢᠩᠬᠣᠲᠠ ᠠ᠋ᠴᠠ ᠬᠣᠥᠯᠢᠨ ᠭᠣᠣᠯ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠪᠲᠡᠷᠡᠭᠦᠯᠬᠦ᠎ᠪᠡᠷ ᠲᠥᠯᠥᠪᠯᠡᠵᠦ ᠪᠣᠶ᠃ ᠤᠯᠠᠨ ᠤᠯᠤᠰ᠎ᠤᠨ ᠪᠠ ᠭᠠᠵᠠᠷ ᠣᠷᠣᠨ᠎ᠤ ᠠᠭᠠᠷ᠎ᠤᠨ ᠠᠶᠠᠯᠠᠯ᠎ᠤᠨ ᠱᠤᠭᠤᠮ᠎ᠤᠨ ᠲᠠᠯ᠎ᠠ᠎ᠪᠠᠷ᠂ ᠬᠥᠬᠡᠬᠣᠲᠠ  ᠠ᠋ᠴᠠ ᠤᠯᠠᠭᠠᠨᠪᠠᠭᠠᠲᠤᠷ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠨᠡᠮᠡᠵᠤ᠂ ᠡᠷᠢᠶᠡᠨ ᠬᠣᠲᠠ ᠠ᠋ᠴᠠ ᠤᠯᠠᠭᠠᠨᠪᠠᠭᠠᠲᠤᠷ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠡᠷᠭᠦᠭᠡᠵᠦ᠂ ᠬᠥᠯᠥᠨ ᠪᠣᠶ᠋ᠢᠷ ᠠ᠋ᠴᠠ ᠰᠢᠶᠠᠩᠭᠠᠩ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠨᠡᠮᠡᠬᠦ ᠪᠡᠷ ᠲᠥᠯᠥᠪᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号