2020 ᠣᠨ᠎ᠳᠤ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶ᠎ᠠ ᠡᠴᠡ 《ᠰᠢᠨ᠎ᠡ ᠴᠠᠭ ᠦᠶ᠎ᠡ᠎ᠶᠢᠨ ᠰᠤᠷᠭᠠᠨ ᠬᠥᠮᠦᠵᠢᠯ᠎ᠦᠨ ᠦᠨᠡᠯᠡᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ ᠶᠡᠷᠦᠩᠬᠡᠶ ᠲᠥᠰᠦᠯ》 ᠢ᠋ ᠳᠠᠷᠤᠮᠠᠯᠯᠠᠨ ᠲᠠᠷᠬᠠᠭᠠᠵᠤ 《ᠶᠣᠰᠣ᠌ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ᠎ᠶᠢ ᠪᠥᠬᠥ ᠲᠠᠯ᠎ᠠ᠎ᠪᠠᠷ ᠬᠥᠮᠦᠵᠢᠭᠦᠯᠬᠦ ᠰᠤᠷᠭᠠᠨ ᠬᠥᠮᠦᠵᠢᠯ᠎ᠦᠨ ᠰᠢᠰᠲᠧᠮ᠎ᠢ ᠪᠠᠶ᠋ᠢᠭᠤᠯᠤᠨ᠎ᠠ》 ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠶ᠋ᠢᠮᠦᠷᠬᠦᠦ ᠠᠬᠤᠢ ᠪᠠᠶ᠋ᠢᠳᠠᠯ ᠳᠣᠣᠷ᠎ᠠ ᠲᠡᠭᠡᠳᠦ ᠵᠡᠷᠭᠡ᠎ᠶᠢᠨ ᠰᠤᠷᠭᠠᠨ ᠬᠦᠮᠦᠵᠢᠯ᠎ᠨᠢ ᠴᠢᠳᠠᠪᠤᠷᠢᠲᠠᠨ᠎ᠢ ᠬᠦᠮᠦᠵᠢᠭᠦᠯᠬᠦ ᠭᠤᠤᠯ ᠵᠢᠭ᠍ᠰᠠᠭᠠᠯ᠎ᠤᠨ ᠭᠠᠵᠠᠷ ᠪᠤᠯᠤᠭᠰᠠᠨ᠎ᠤ ᠬᠤᠪᠢ᠎ᠳᠤ᠂ ᠶᠤᠰᠤ ᠰᠤᠷᠳᠠᠬᠤᠨ᠎ᠤ ᠬᠦᠮᠦᠵᠢᠯ᠂ ᠣᠶᠣᠨ ᠣᠬᠠᠭᠠᠨᠦ ᠬᠦᠮᠦᠵᠢᠯ ᠂ ᠪᠡᠶ᠎ᠡ ᠶ᠋ᠢᠨ ᠲᠠᠮᠢᠷ᠂ ᠭᠤᠸ᠎ᠠ ᠰᠠᠢᠬᠠᠨ᠂ ᠬᠦᠳᠡᠯᠮᠦᠷᠢ ᠵᠢᠨ ᠬᠦᠮᠦᠵᠢᠯ᠎ᠢ ᠲᠤᠰᠬᠠᠢ ᠮᠡᠷᠭᠡᠵᠢᠯ᠎ᠦᠨ ᠮᠡᠳᠡᠯᠭᠡ ᠤᠯᠠᠮᠵᠢᠯᠠᠬᠤ ᠪᠠ ᠴᠢᠳᠠᠪᠤᠷᠢ᠎ᠶᠢ ᠬᠦᠮᠦᠵᠢᠭᠦᠯᠬᠦ ᠪᠦᠬᠦ ᠶᠠᠪᠤᠴᠠ᠎ᠳᠤ ᠤᠷᠭᠠᠨᠢᠭ᠋ᠢᠶᠠᠷ ᠠᠭᠤᠰᠤᠯᠴᠠᠭᠤᠯᠵᠤ᠂ ᠡᠭᠦᠨ᠎ᠦ ᠤᠯᠠᠮ᠎ᠢᠶᠠᠷ ᠮᠡᠳᠡᠯᠭᠡ᠎ᠶᠢᠨ ᠬᠦᠮᠦᠵᠢᠯ ᠬᠢᠭᠡᠳ ᠦᠨ᠎ᠡ ᠦᠷᠳᠡᠭ᠎ᠢ ᠱᠤᠭᠤᠬᠤ᠂ ᠴᠢᠳᠠᠪᠤᠷᠢ᠎ᠶᠢ ᠲᠡᠭᠡᠭᠰᠢᠯᠡᠭᠦᠯᠬᠦ᠎ᠶᠢᠨ ᠭᠦᠨᠵᠡᠭᠡᠢ ᠠᠭᠤᠰᠤᠯᠴᠠᠯ᠎ᠢ ᠪᠡᠶᠡᠯᠡᠭᠦᠯᠬᠦ ᠬᠡᠷᠡᠭᠲᠡᠢ᠃
《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠢ᠋ᠶ᠋ᠠᠷ ᠵᠢᠱ᠌ᠢᠶᠡᠯᠡᠬᠦ᠎ᠳᠦ᠂ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠲᠦᠷᠦᠯ᠎ᠦᠨ ᠲᠤᠰᠬᠠᠢ ᠮᠡᠷᠭᠡᠵᠢᠯ᠎ᠦᠨ ᠭᠤᠤᠯᠯᠠᠬᠤ ᠬᠢᠴᠢᠶᠡᠯ ᠲᠦᠷᠦᠯ ᠪᠤᠯᠤᠭᠰᠠᠨ᠎ᠤ ᠬᠤᠪᠢ᠎ᠳᠤ᠂ ᠬᠢᠴᠢᠶᠡᠯ᠎ᠦᠨ ᠥᠭᠡᠷᠡᠴᠢᠯᠡᠯᠲᠡ᠎ᠨᠢ ᠤᠯᠠᠮᠵᠢᠯᠠᠯᠲᠤ ᠵᠢᠭᠠᠨ ᠰᠤᠷᠭᠠᠯᠲᠠ᠎ᠶ᠋ᠢᠨ ᠬᠡᠯᠪᠡᠷᠢ ᠪᠠᠨ ᠦᠭᠡᠷᠡᠴᠢᠯᠡᠵᠦ 《ᠲᠠᠪᠤᠨ ᠬᠥᠮᠦᠵᠢᠯ》 ᠤ᠋ᠨ ᠡᠯᠧᠮᠧᠨ᠋ᠲ᠎ᠢ ᠵᠢᠭᠠᠨ ᠰᠤᠷᠭᠠᠯᠲᠠ᠎ᠶᠢᠨ ᠬᠠᠷᠠᠯᠲᠠ᠂ ᠠᠭᠤᠯᠭ᠎ᠠ᠂ ᠠᠷᠭ᠎ᠠ ᠪᠠ ᠦᠨᠡᠯᠡᠯᠲᠡ᠎ᠶᠢᠨ ᠪᠥᠬᠥ ᠶᠠᠪᠤᠴᠠ᠎ᠳᠤ ᠣᠷᠭᠠᠨᠢᠭ᠋᠎ᠢᠶᠠᠷ ᠠᠭᠤᠰᠤᠯᠴᠠᠭᠤᠯᠵᠤ 《ᠬᠥᠮᠦᠨ ᠬᠥᠮᠦᠵᠢᠭᠦᠯᠬᠦ》 ᠪᠠ 《ᠴᠢᠳᠠᠪᠤᠷᠢᠲᠠᠨ ᠢ ᠬᠥᠮᠦᠵᠢᠭᠦᠯᠬᠦ》 ᠶ᠋ᠢᠨ ᠨᠢᠭᠡᠳᠦᠯ ᠢ ᠪᠡᠶᠡᠯᠡᠭᠦᠯᠬᠦ ᠬᠡᠷᠡᠭᠲᠡᠶ᠃ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠨᠢ ᠰᠤᠷᠤᠭ᠍ᠴᠢᠳ᠎ᠤᠨ ᠵᠠᠬ᠎ᠠ ᠲᠡᠯᠭᠡᠭᠦᠷ᠎ᠢ ᠪᠠᠢᠴᠠᠭᠠᠵᠤ ᠤᠢᠯᠠᠭᠠᠬᠤ ᠴᠢᠳᠠᠪᠤᠷᠢ᠂ ᠡᠵᠡᠩᠨᠡᠨ ᠪᠤᠷᠤᠯᠠᠭᠤᠯᠵᠤ ᠲᠦᠰᠦᠪᠯᠡᠬᠦ ᠴᠢᠳᠠᠪᠤᠷᠢ᠎ᠶᠢ ᠬᠦᠮᠦᠵᠢᠭᠦᠯᠬᠦ ᠦᠢᠯᠡᠳᠦᠯᠭᠡ᠎ᠶᠢᠨ ᠴᠢᠨᠠᠷ ᠲᠠᠢ ᠰᠢᠨᠵᠢᠯᠡᠭᠡᠨ᠎ᠤ ᠰᠠᠯᠠᠭ᠎ᠠ ᠪᠤᠯᠬᠤ᠎ᠪᠠᠷ ᠪᠠᠷᠠᠬᠤ ᠦᠭᠡᠢ ᠪᠠᠰᠠ ᠬᠤᠳᠠᠯᠳᠤᠭᠠᠨ᠎ᠤ ᠪᠤᠯᠪᠠᠰᠤᠨ᠎ᠢ ᠲᠠᠮᠵᠢᠭᠤᠯᠵᠤ ᠲᠦᠭᠡᠮᠡᠯᠵᠢᠭᠦᠯᠬᠦ᠂ ᠠᠵᠢᠯ ᠮᠡᠷᠭᠡᠵᠢᠯ᠎ᠦᠨ ᠬᠡᠪ ᠪᠤᠯᠪᠠᠰᠤᠷᠠᠯ᠎ᠢ ᠰᠤᠷᠭᠠᠨ ᠬᠦᠮᠦᠵᠢᠭᠦᠯᠬᠦ ᠴᠢᠬᠤᠯᠠ ᠠᠴᠢᠶᠠᠯᠠᠪᠤᠷᠢ ᠪᠤᠯᠤᠨ᠎ᠠ᠃ ᠵᠢᠭᠠᠨ ᠰᠤᠷᠭᠠᠯᠲᠠ᠎ᠶᠢᠨ ᠠᠭᠤᠯᠭ᠎ᠠ ᠨᠢ ᠬᠡᠷᠡᠭᠯᠡᠭᠴᠢᠳ᠎ᠦᠨ ᠦᠢᠯᠡ ᠠᠵᠢᠯᠯᠠᠭ᠎ᠠ᠂ ᠵᠠᠬ᠎ᠠ ᠲᠡᠯᠭᠡᠭᠦᠷ᠎ᠦᠨ ᠪᠠᠢᠷᠢ ᠲᠤᠭᠲᠠᠭᠠᠯᠲᠠ᠂ ᠲᠦᠷᠦᠯ ᠲᠡᠮᠳᠡᠭᠲᠦ᠎ᠶᠢᠨ ᠬᠠᠮᠢᠶᠠᠷᠤᠯᠲᠠ᠂ ᠲᠤᠭᠠᠴᠢᠯᠠᠭᠰᠠᠨ ᠡᠵᠡᠩᠨᠡᠨ ᠪᠤᠷᠤᠯᠠᠭᠤᠯᠤᠯᠲᠠ ᠵᠡᠷᠭᠡ ᠤᠨᠤᠯ ᠪᠠ ᠦᠢᠯᠡᠳᠦᠯᠭᠡᠶᠢᠨᠬᠡᠰᠡᠭ ᠢ ᠬᠠᠮᠤᠷᠴᠤ᠂ ᠦᠢᠯᠡᠳᠦᠯᠭᠡᠲᠦ ᠴᠢᠨᠠᠷ᠎ᠢᠶᠠᠷ ᠴᠢᠩᠭ᠎ᠠ᠂ ᠬᠢᠴᠢᠶᠡᠯ ᠲᠦᠷᠦᠯ ᠠᠯᠤᠰᠯᠠᠭᠰᠠᠨ ᠴᠢᠨᠠᠷ ᠪᠠ ᠨᠡᠢᠭᠡᠮ᠎ᠦᠨ ᠬᠤᠯᠪᠤᠭᠳᠠᠯᠲᠤ ᠴᠢᠨᠠᠷ᠎ᠢᠶᠠᠷ ᠴᠢᠩᠭ᠎ᠠ ᠵᠡᠷᠭᠡ ᠤᠨᠴᠠᠯᠢᠭ᠋ ᠲᠠᠢ᠃ ᠤᠯᠠᠮᠵᠢᠯᠠᠯᠲᠤ ᠵᠢᠭᠠᠨ ᠰᠤᠷᠭᠠᠯᠲᠠ᠎ᠳᠤ᠂ ᠬᠢᠴᠢᠶᠡᠯ ᠨᠢ ᠶᠡᠷᠦ᠎ᠳᠡᠭᠡᠨ ᠡᠵᠡᠩᠨᠡᠨ ᠪᠤᠷᠤᠯᠠᠭᠤᠯᠬᠤ ᠪᠠᠭᠠᠵᠢ ᠪᠤᠯᠤᠨ ᠵᠠᠭᠪᠤᠷ᠎ᠤᠨ ᠲᠠᠢᠯᠤᠮᠵᠢ᠎ᠳᠤ ᠠᠩᠬᠠᠷᠤᠯ᠎ᠢᠶᠠᠨ ᠲᠦᠪᠯᠡᠷᠡᠭᠦᠯᠵᠦ᠂ ᠤᠷ᠎ᠠ ᠴᠢᠳᠠᠪᠤᠷᠢ᠎ᠶᠢ ᠴᠢᠬᠤᠯᠠᠴᠢᠯᠠᠵᠤ ᠬᠠᠢᠷ᠎ᠠ ᠰᠡᠳᠭᠢᠯᠭᠡ᠎ᠶᠢ ᠬᠦᠩᠭᠡᠪᠴᠢᠯᠡᠬᠦ᠂ ᠦᠷ᠎ᠡ ᠳ᠋ᠦᠩ ᠢ ᠴᠢᠬᠤᠯᠠᠴᠢᠯᠠᠵᠤ ᠶᠠᠪᠤᠴᠠᠶᠢᠬᠦᠩᠭᠡᠪᠴᠢᠯᠡᠬᠦ ᠵᠡᠷᠭᠡ ᠠᠰᠠᠭᠤᠳᠠᠯ ᠤᠷᠤᠰᠢᠵᠤ᠂ ᠰᠢᠨ᠎ᠡ ᠴᠠᠭ ᠦᠶ᠎ᠡ᠎ᠶᠢᠨ ᠡᠵᠡᠩᠨᠡᠨ ᠪᠤᠷᠤᠯᠠᠭᠤᠯᠬᠤ ᠠᠷᠭ᠎ᠠ ᠲᠡᠮ᠎ᠢ ᠡᠵᠡᠮᠰᠢᠭᠰᠡᠨ᠂ ᠬᠠᠷᠢᠭᠤᠴᠠᠯᠭ᠎ᠠ ᠡᠭᠦᠷᠭᠡᠯᠡᠬᠦ᠂ ᠰᠢᠨ᠎ᠡ᠎ᠶᠢ ᠡᠭᠦᠳᠬᠦ ᠴᠢᠳᠠᠪᠤᠷᠢ ᠲᠠᠢ᠂ ᠬᠦᠴᠢᠷ᠎ᠢ ᠲᠠᠭᠠᠭᠠᠵᠤ ᠲᠡᠢᠯᠬᠦᠪᠦᠬᠦ ᠲᠠᠯ᠎ᠠ ᠶᠢ ᠬᠠᠮᠤᠷᠤᠭᠰᠠᠨ ᠡᠵᠡᠩᠨᠡᠨ ᠪᠤᠷᠤᠯᠠᠭᠤᠯᠬᠤ ᠴᠢᠳᠠᠪᠤᠷᠢᠳᠠᠨ᠎ᠢ ᠬᠦᠮᠦᠵᠢᠭᠦᠯᠬᠦ ᠲᠠᠯ᠎ᠠ᠎ᠪᠠᠷ ᠠᠰᠠᠭᠤᠳᠠᠯ ᠣᠷᠣᠰᠢᠵᠤ ᠪᠠᠢᠨ᠎ᠠ᠃ ᠡᠢᠮᠦᠷᠬᠦᠦ ᠠᠬᠤᠢ ᠪᠠᠢᠳᠠᠯ ᠲᠤᠤᠷ᠎ᠠ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠤ᠋ ᠵᠢᠭᠠᠨ ᠰᠤᠷᠭᠠᠯᠲᠠ᠎ᠶᠢᠨ 《ᠲᠠᠪᠤᠨ ᠬᠥᠮᠦᠵᠢᠯ ᠢ᠋ ᠠᠭᠤᠰᠤᠯᠴᠠᠭᠤᠯᠬᠤ》 ᠦᠢᠯᠡᠳᠦᠯᠭᠡ᠎ᠶᠢᠨ ᠠᠷᠭ᠎ᠠ ᠵᠠᠮ᠎ᠢ ᠰᠦᠪᠡᠭᠴᠢᠯᠡᠬᠦ ᠨᠢ ᠶᠤᠰᠤ ᠰᠤᠷᠳᠠᠬᠤᠨ᠎ᠢᠶᠠᠷ ᠬᠦᠮᠦᠨ ᠬᠦᠮᠦᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠶᠢᠨ ᠵᠠᠢᠯᠠᠰᠢ ᠦᠭᠡᠢ ᠱᠠᠭᠠᠷᠳᠠᠯᠭ᠎ᠠ ᠪᠤᠯᠬᠤ ᠪᠦᠭᠡᠳ ᠪᠠᠰᠠ ᠬᠢᠴᠢᠶᠡᠯ ᠲᠦᠷᠦᠯ᠎ᠦᠨ ᠵᠢᠭᠠᠨ ᠰᠤᠷᠭᠠᠯᠲᠠ᠎ᠶᠢᠨ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠵᠠᠮ ᠪᠤᠯᠤᠨ᠎ᠠ᠃
《ᠲᠠᠪᠤᠨ ᠬᠥᠮᠦᠵᠢᠯ ᠢ ᠠᠭᠤᠰᠤᠯᠴᠠᠭᠤᠯᠬᠤ》 ᠶ᠋ᠢᠨ ᠴᠢᠬᠤᠯᠠ ᠴᠢᠨᠠᠷ
《ᠲᠠᠪᠤᠨ ᠬᠥᠮᠦᠵᠢᠯ ᠢ ᠠᠭᠤᠰᠤᠯᠴᠠᠭᠤᠯᠬᠤ》 ᠨᠢ ᠳᠥᠭᠥᠮᠬᠡᠨ 《ᠲᠠᠪᠤᠨ ᠬᠥᠮᠦᠵᠢᠯ》 ᠢ᠋ ᠬᠠᠷᠢᠯᠴᠠᠨ 《ᠨᠡᠮᠡᠬᠦ》 ᠶᠠᠪᠤᠳᠠᠯ ᠪᠢᠰᠢ᠂ ᠬᠠᠷᠢᠨ ᠬᠥᠮᠦᠨ᠎ᠦ ᠪᠦᠬᠦ ᠲᠠᠯ᠎ᠠ᠎ᠶᠢᠨ ᠬᠥᠭᠵᠢᠯᠲᠡ᠎ᠶᠢᠨ ᠬᠠᠷᠠᠯᠲᠠ᠎ᠳᠤ ᠰᠠᠭᠤᠷᠢᠯᠠᠵᠤ᠂ ᠬᠢᠴᠢᠶᠡᠯ᠎ᠦᠨ ᠬᠠᠷᠠᠯᠲᠠ᠂ ᠲᠥᠯᠥᠪᠯᠡᠭᠡ᠂ ᠵᠢᠭᠠᠨ ᠰᠤᠷᠭᠠᠯᠲᠠ᠎ᠶᠢᠨ ᠠᠷᠭ᠎ᠠ ᠬᠢᠭᠡᠳ ᠦᠨᠡᠯᠡᠯᠲᠡ᠎ᠶᠢᠨ ᠰᠢᠰᠲᠧᠮ᠎ᠦᠨ ᠥᠭᠡᠷᠡᠴᠢᠯᠡᠯᠲᠡ᠎ᠪᠡᠷ ᠳᠠᠮᠵᠢᠨ 《ᠲᠠᠪᠤᠨ ᠬᠥᠮᠦᠵᠢᠯ》 ᠦ᠋ᠨ ᠡᠯᠧᠮᠧᠨ᠋ᠲ᠎ᠦᠨ ᠣᠷᠭᠠᠨᠢᠭ᠋ ᠨᠡᠪᠴᠢᠯᠲᠡ ᠪᠠ ᠬᠠᠮᠵᠢᠯᠴᠠᠨ ᠬᠠᠮᠲᠤ ᠣᠷᠣᠰᠢᠬᠤ᠎ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠭᠦᠨ᠎ᠦ ᠭᠣᠣᠯᠳᠠᠯᠭ᠎ᠠ ᠨᠢ ᠤᠯᠠᠮᠵᠢᠯᠠᠯᠲᠤ ᠰᠤᠷᠭᠠᠨ ᠬᠥᠮᠦᠵᠢᠯ᠎ᠳᠡᠬᠢ ᠶᠣᠰᠣ᠌ ᠰᠤᠷᠲᠠᠬᠤᠨ᠎ᠤ ᠬᠥᠮᠦᠵᠢᠯ᠂ ᠤᠶᠤᠨ ᠣᠬᠠᠭᠠᠨ᠎ᠤ ᠬᠥᠮᠦᠵᠢᠯ᠂ ᠪᠡᠶ᠎ᠡ᠎ᠶᠢᠨ ᠲᠠᠮᠢᠷ᠂ ᠭᠤᠸ᠎ᠠ ᠰᠠᠶ᠋ᠢᠬᠠᠨ᠎ᠤ ᠬᠥᠮᠦᠵᠢᠯ᠂ ᠬᠥᠳᠡᠯᠮᠦᠷᠢ ᠬᠥᠮᠦᠵᠢᠯ᠎ᠦᠨ ᠵᠠᠭᠠᠭ ᠬᠢᠵᠠᠭᠠᠷ ᠢ ᠡᠪᠳᠡᠵᠦ 《ᠬᠠᠷᠠᠯᠲᠠ ᠬᠠᠮᠲᠤ᠎ᠪᠠᠷ ᠠᠭᠤᠰᠤᠯᠴᠠᠭᠰᠠᠨ᠂ ᠠᠭᠤᠯᠭ᠎ᠠ ᠬᠠᠮᠲᠤ᠎ᠪᠠᠷ ᠪᠦᠷᠢᠯᠳᠦᠭᠰᠡᠨ᠂ ᠶᠠᠪᠤᠴᠠ᠎ᠶᠢ ᠬᠠᠮᠲᠤ᠎ᠪᠠᠷ ᠠᠬᠢᠭᠤᠯᠤᠭᠰᠠᠨ᠂ ᠡᠬᠢ ᠪᠠᠶᠠᠯᠢᠭ᠋ ᠢ ᠬᠠᠮᠲᠤ᠎ᠪᠠᠷ ᠡᠳ᠋ᠯᠡᠭᠰᠡᠨ》 ᠬᠦᠮᠦᠨ ᠬᠥᠮᠦᠵᠢᠭᠦᠯᠬᠦ ᠰᠢᠰᠲᠧᠮ ᠢ ᠪᠠᠶ᠋ᠢᠭᠤᠯᠬᠤ ᠶᠠᠪᠤᠳᠠᠯ ᠪᠣᠯᠤᠨ᠎ᠠ᠂ ᠶᠡᠭᠡ ᠲᠡᠭᠡᠳᠦ ᠰᠤᠷᠭᠠᠭᠤᠯᠢ᠎ᠶᠢᠨ ᠰᠤᠷᠭᠠᠨ ᠬᠦᠮᠦᠵᠢᠯ᠎ᠦᠨ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠤᠯᠪᠤᠭᠳᠠᠯ ᠲᠠᠢ᠃
《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠤ᠋ ᠰᠢᠨᠵᠢᠯᠡᠭᠡᠨ᠎ᠦ ᠣᠨᠴᠠᠯᠢᠭ᠋ ᠨᠢ 《ᠲᠠᠪᠤᠨ ᠬᠥᠮᠦᠵᠢᠯ ᠢ᠋ ᠠᠭᠤᠰᠤᠯᠴᠠᠭᠤᠯᠬᠤ》 ᠪᠦᠬᠦ ᠲᠠᠯ᠎ᠠ᠎ᠪᠠᠷ ᠬᠦᠭᠵᠢᠭᠰᠡᠨ ᠰᠢᠨ᠎ᠡ ᠴᠠᠭ ᠦᠶ᠎ᠡ᠎ᠶᠢᠨ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠢ ᠬᠦᠮᠦᠵᠢᠭᠦᠯᠬᠦ ᠲᠦᠷᠦᠯᠬᠢ ᠲᠠᠪᠠᠭᠤᠯᠢᠭ᠋ ᠤᠨᠴᠠᠯᠢᠭ᠋ ᠲᠠᠢ᠃ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠪᠤᠯ 《ᠰᠣᠯᠢᠯᠴᠠᠭ᠎ᠠ》 ᠪᠠᠷ ᠭᠣᠣᠯ ᠪᠣᠯᠭᠠᠵᠤ᠂ ᠠᠵᠤ ᠠᠬᠤᠢᠯᠠᠯ ᠪᠣᠯᠤᠨ ᠬᠤᠳᠠᠯᠳᠤᠨ ᠠᠪᠤᠭ᠍ᠴᠢ᠂ ᠨᠡᠶ᠋ᠢᠭᠡᠮ᠎ᠦᠨ ᠬᠣᠭᠣᠷᠣᠨᠳᠣᠬᠢ ᠥᠷᠲᠡᠭ᠎ᠦᠨ ᠡᠭᠦᠳᠦᠨ ᠪᠦᠳᠦᠭᠡᠯᠲᠡ ᠪᠠ ᠳᠠᠮᠵᠢᠭᠤᠯᠭ᠎ᠠ᠎ᠶᠢᠨ ᠶᠠᠪᠤᠴᠠ᠎ᠶᠢ ᠰᠤᠳᠤᠯᠳᠠᠭ᠂ ᠲᠡᠭᠦᠨ᠎ᠦ ᠮᠥᠨ ᠴᠢᠨᠠᠷ ᠨᠢ 《ᠬᠥᠮᠦᠨ》 ᠦ᠌ ᠰᠤᠳᠤᠯᠭᠠᠨ ᠪᠣᠯᠤᠨ᠎ᠠ᠃ ᠡᠨᠡ ᠬᠦ᠌ ᠰᠢᠨᠵᠢᠯᠡᠭᠡᠨ᠎ᠦ ᠣᠨᠴᠠᠯᠢᠭ᠋ ᠨᠢ 《ᠲᠠᠪᠤᠨ ᠬᠥᠮᠦᠵᠢᠯ᠎ᠦᠨ ᠠᠭᠤᠰᠤᠯᠴᠠᠯ》 ᠳ᠋ᠤ᠌ ᠠᠶᠠᠨᠳᠠᠭᠠᠨ᠎ᠤ ᠦᠢᠯᠡᠳᠦᠯᠭᠡ᠎ᠶᠢᠨ ᠤᠷᠴᠢᠨ ᠠᠬᠤᠢ᠎ᠶᠢ ᠬᠠᠩᠭᠠᠪᠠ᠃ ᠶᠣᠰᠣ᠌ ᠰᠤᠷᠲᠠᠬᠤᠨ᠎ᠤ ᠬᠥᠮᠦᠵᠢᠯ᠎ᠤᠨ ᠲᠠᠯ᠎ᠠ᠎ᠪᠡᠷ᠂ ᠶᠣᠰᠣ᠌ ᠰᠤᠷᠲᠠᠬᠤᠨ᠎ᠤ ᠬᠥᠮᠦᠵᠢᠯ᠎ᠢᠶᠡᠷ ᠴᠥᠮ᠎ᠡ ᠪᠣᠯᠭᠠᠵᠤ᠂ ᠬᠤᠳᠠᠯᠳᠤᠭᠠᠨ᠎ᠤ ᠶᠣᠰᠣ᠌ ᠰᠤᠷᠲᠠᠬᠤᠨ᠎ᠢ ᠬᠢᠴᠢᠶᠡᠯ᠎ᠦᠨ ᠬᠠᠷᠠᠯᠲᠠ᠎ᠳᠤ ᠠᠭᠤᠰᠤᠯᠴᠠᠭᠤᠯᠵᠤ᠂ ᠵᠥᠪ ᠣᠨᠣᠪᠴᠢᠲᠠᠶ ᠡᠵᠡᠩᠨᠡᠨ ᠪᠣᠷᠣᠯᠠᠭᠤᠯᠬᠤ ᠶᠣᠰᠣ᠌ ᠰᠤᠷᠲᠠᠬᠤᠨ᠎ᠤ ᠦᠵᠡᠯᠲᠡ᠎ᠶᠢ ᠪᠣᠶ ᠪᠣᠯᠭᠠᠵᠤ᠂ ᠠᠵᠤ ᠠᠬᠣᠢᠯᠠᠯ᠎ᠤᠨ ᠨᠡᠶ᠋ᠢᠭᠡᠮ᠎ᠦᠨ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠦᠨ᠎ᠡ᠃ ᠣᠶᠤᠨ᠎ᠤ ᠬᠥᠮᠦᠵᠢᠯ ᠤ᠋ᠨ ᠲᠠᠯ᠎ᠠ᠎ᠪᠠᠷ᠂ ᠣᠶᠤᠨ᠎ᠤ ᠬᠥᠮᠦᠵᠢᠯ᠎ᠢᠶᠡᠷ ᠰᠠᠭᠤᠷᠢ ᠪᠣᠯᠭᠠᠵᠤ᠂ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠵᠠᠳᠠᠯᠤᠯᠲᠠ᠎ᠶᠢᠨ ᠪᠣᠷᠣ᠌ ᠲᠥᠯᠥᠪ ᠪᠠ ᠪᠠᠭᠠᠵᠢ᠎ᠶᠢ ᠰᠢᠰᠲᠧᠮ᠎ᠲᠠᠢ ᠡᠵᠡᠮᠰᠢᠭᠦᠯᠵᠦ᠂ ᠰᠢᠨ᠎ᠡ ᠴᠠᠭ ᠦᠶ᠎ᠡ᠎ᠶᠢᠨ ᠰᠢᠨᠡᠴᠢᠯᠡᠯᠲᠡ᠎ᠶᠢᠨ ᠠᠷᠭ᠎ᠠ ᠪᠠᠷᠢᠯ᠎ᠢᠶᠡᠷ ᠲᠣᠭ᠎ᠠ ᠪᠠᠷᠢᠮᠲᠠ᠎ᠶᠢᠨ ᠵᠠᠳᠠᠯᠤᠯᠲᠠ ᠬᠢᠬᠦ ᠪᠠ AI ᠮᠡᠳᠦ᠎ᠶᠢᠨ ᠰᠢᠨ᠎ᠡ ᠮᠡᠷᠭᠡᠵᠢᠯ ᠢᠠᠰᠢᠭ᠍ᠯᠠᠵᠤ ᠯᠣᠭᠢᠭ᠋ ᠵᠦᠢᠴᠢᠯᠡᠯ ᠪᠠ ᠰᠢᠨ᠎ᠡ᠎ᠶᠢ ᠡᠭᠦᠳᠬᠦ ᠰᠡᠳᠬᠢᠬᠦᠶ᠎ᠶ᠋ᠢᠨ ᠴᠢᠳᠠᠪᠤᠷᠢ ᠶ᠋ᠢ ᠰᠢᠰᠲᠧᠮ᠎ᠲᠠᠢ᠎ᠪᠠᠷ ᠬᠦᠮᠦᠵᠢᠭᠦᠯᠬᠦ ᠬᠡᠷᠡᠭᠲᠡᠢ᠃ ᠪᠡᠶ᠎ᠡ᠎ᠶᠢᠨ ᠲᠠᠮᠢᠷ ᠤ᠋ᠨ ᠲᠠᠯ᠎ᠠ᠎ᠪᠠᠷ᠂ ᠡᠷᠡᠭᠦᠯ ᠮᠡᠨᠳᠦ᠎ᠶ᠋ᠢᠨ ᠬᠠᠮᠢᠶᠠᠷᠤᠯᠲᠠ ᠶ᠋ᠢᠨ ᠵᠢᠯᠤᠭᠤᠳᠤᠮᠵᠢ ᠬᠢᠵᠤ᠂ ᠰᠤᠷᠤᠭ᠍ᠴᠢᠳ᠎ᠲᠤ ᠪᠠᠶ᠎ᠡ ᠰᠡᠳᠭᠢᠴᠡ᠎ᠶᠢᠨ ᠡᠷᠡᠭᠦᠯ ᠰᠠᠷᠠᠭᠤᠯ᠎ᠤᠨ ᠴᠢᠬᠤᠯᠠ ᠴᠢᠨᠠᠷ᠎ᠢ ᠲᠠᠨᠢᠭᠤᠯᠵᠤ᠂ ᠡᠵᠡᠩᠨᠡᠨ ᠪᠣᠷᠣᠯᠠᠭᠤᠯᠬᠤ ᠠᠵᠢᠯ ᠤ᠋ᠨ ᠲᠤᠮᠳᠠᠬᠢ ᠬᠠᠮᠳᠤ ᠨᠡᠶ᠋ᠢᠲᠡ᠎ᠶᠢᠨ ᠬᠠᠮᠵᠢᠯᠴᠠᠭ᠎ᠠ᠂ ᠠᠵᠢᠯ ᠮᠡᠷᠭᠡᠵᠢᠯ᠎ᠦᠨ ᠵᠣᠬᠢᠴᠠᠬᠤ ᠴᠢᠳᠠᠪᠤᠷᠢ ᠪᠠ ᠳᠠᠷᠤᠯᠲᠠ᠎ᠶᠢ ᠡᠰᠡᠷᠭᠦᠴᠡᠬᠦ ᠴᠢᠳᠠᠪᠤᠷᠢ᠎ᠶᠢ ᠲᠡᠭᠡᠭᠰᠢᠯᠡᠭᠦᠯᠬᠦ᠎ᠶᠢ ᠰᠢᠰᠲᠧᠮ ᠲᠠᠢ ᠬᠦᠮᠦᠵᠢᠭᠦᠯᠬᠦ ᠬᠡᠷᠡᠭᠲᠡᠢ᠃ ᠭᠤᠸ᠎ᠠ ᠰᠠᠶ᠋ᠢᠬᠠᠨ᠎ᠤ ᠬᠥᠮᠦᠵᠢᠯ ᠤ᠋ᠨ ᠲᠠᠯ᠎ᠠ᠎ᠪᠠᠷ᠂ ᠲᠠᠸᠠᠷ᠎ᠦᠨ ᠲᠦ᠋ᠷᠦᠯ ᠲᠡᠮᠳᠡᠭ᠎ᠦᠨ ᠵᠢᠷᠤᠭ ᠲᠥᠯᠥᠪᠯᠡᠭᠡ᠂ ᠵᠠᠷ ᠮᠡᠳᠡᠭᠡᠨ᠎ᠦ ᠤᠬᠠᠭᠤᠯᠭ᠎ᠠ᠎ᠶᠢᠨ ᠪᠦᠲᠦᠭᠡᠯᠴᠢ ᠰᠡᠳᠬᠢᠮᠵᠢ᠂ ᠪᠦᠳᠦᠭᠡᠭᠳᠡᠭᠦᠨᠦ ᠰᠢᠨ᠎ᠡ ᠡᠭᠦᠳᠦᠯᠲᠡ᠎ᠳᠤ ᠴᠦᠮ ᠭᠤᠸ᠎ᠠ ᠰᠠᠢᠬᠠᠨ᠎ᠤ ᠬᠡᠪ ᠪᠣᠯᠪᠠᠰᠤᠷᠠᠯ ᠪᠠ ᠤᠷᠠᠯᠢᠭ᠋᠎ᠤᠨ ᠮᠡᠳᠡᠷᠡᠮᠵᠢ᠎ᠶᠢ ᠠᠭᠤᠰᠤᠯᠴᠠᠭᠤᠯᠵᠤ ᠬᠡᠷᠡᠭᠯᠡᠭᠴᠢᠳ᠎ᠦᠨ ᠤᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ᠎ᠶᠢ ᠨᠡᠩ ᠰᠠᠢᠨ ᠬᠠᠩᠭᠠᠬᠤ ᠬᠦᠮᠦᠵᠢᠯ ᠬᠦᠷᠳᠡᠭᠡᠬᠦ ᠬᠡᠷᠡᠭᠲᠡᠢ᠃ ᠬᠥᠳᠡᠯᠮᠦᠷᠢ ᠵᠢᠨ ᠬᠥᠮᠦᠵᠢᠯ᠎ᠤᠨ ᠲᠠᠯ᠎ᠠ᠎ᠪᠠᠷ᠂ ᠬᠥᠳᠡᠯᠮᠦᠷᠢ᠎ᠶᠢᠨ ᠤᠬᠠᠮᠰᠠᠷ ᠬᠢᠭᠡᠳ ᠦᠢᠯᠡᠴᠢᠯᠡᠭᠡᠨ᠎ᠦ ᠤᠬᠠᠮᠰᠠᠷ᠎ᠤᠨ ᠬᠦᠮᠦᠵᠢᠯ᠎ᠢ ᠴᠢᠩᠭᠠᠳᠬᠠᠬᠣ ᠬᠡᠷᠡᠭᠲᠡᠢ᠃
《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠤ᠋ ᠦᠢᠯᠡᠳᠦᠯᠭᠡ᠎ᠶᠢᠨ ᠬᠡᠷᠡᠭᠴᠡᠭᠡ ᠱᠠᠭᠠᠷᠳᠠᠯᠭ᠎ᠠ ᠨᠢ ᠰᠢᠨ᠎ᠡ ᠴᠠᠭ ᠦᠶ᠎ᠡ᠎ᠶᠢᠨ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠤ ᠪᠥᠬᠥ ᠲᠠᠯ᠎ᠠ᠎ᠶᠢᠨ ᠬᠦᠭᠵᠢᠯᠲᠡ᠎ᠶᠢ ᠱᠠᠭᠠᠷᠳᠠᠨ᠎ᠠ᠃ ᠲᠣᠭᠠᠴᠢᠯᠠᠭᠰᠠᠨ ᠠᠵᠤ ᠠᠬᠤᠶ᠎ᠶᠢᠨ ᠴᠠᠭ ᠦᠶ᠎ᠡ᠎ᠳᠦ᠂ ᠡᠵᠡᠩᠨᠡᠨ ᠪᠣᠷᠣᠯᠠᠭᠤᠯᠬᠤ ᠣᠷᠴᠢᠨ ᠲᠣᠭᠣᠷᠢᠨ᠎ᠳᠤ 《ᠲᠣᠭᠠᠴᠢᠯᠠᠭᠰᠠᠨ ᠥᠪᠡᠷᠮᠢᠴᠡᠵᠢᠭᠰᠡᠨ ᠨᠡᠶ᠋ᠢᠭᠡᠮᠴᠢᠯᠡᠭᠰᠡᠨ》 ᠣᠨᠴᠠᠯᠢᠭ᠋ ᠢᠯᠡᠷᠡᠵᠦ᠂ ᠠᠵᠤ ᠠᠬᠣᠢᠯᠠᠯ᠎ᠤᠨ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠨᠢᠭᠡᠨᠲᠡ 《ᠤᠷ᠎ᠠ ᠴᠢᠳᠠᠪᠤᠷᠢ᠎ᠶᠢᠨ ᠬᠡᠯᠪᠡᠷᠢ》 ᠠ᠋ᠴᠠ 《ᠥᠷᠲᠡᠭ᠎ᠦᠨ ᠬᠡᠯᠪᠡᠷᠢ》 ᠳᠠᠢᠰᠢ ᠰᠢᠯᠵᠢᠪᠡ᠃ ᠲᠣᠮᠣ᠌ ᠳ᠋ᠠᠢᠲ᠋ᠠ᠎ᠶᠢᠨ ᠮᠡᠷᠭᠡᠵᠢᠯ᠂ ᠨᠡᠶ᠋ᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠡᠵᠡᠩᠨᠡᠨ ᠪᠣᠷᠣᠯᠠᠭᠤᠯᠤᠯᠲᠠ ᠵᠡᠷᠭᠡ ᠮᠡᠷᠭᠡᠵᠢᠯ᠎ᠦᠨ ᠪᠠᠭᠠᠵᠢ ᠶ᠋ᠢ ᠡᠵᠡᠮᠰᠢᠬᠦ᠎ᠪᠡᠷ ᠪᠠᠷᠠᠬᠤ ᠥᠬᠡᠶ᠂ ᠪᠠᠰᠠ ᠦᠨᠡᠨᠴᠢ ᠢᠲᠡᠭᠡᠮᠵᠢᠲᠡᠶ᠎ᠪᠡᠷ ᠡᠵᠡᠩᠨᠡᠬᠦ᠂ ᠲᠥᠪ ᠭᠤᠤᠯᠴᠢ᠎ᠪᠠᠷ ᠥᠷᠢᠰᠦᠯᠳᠦᠬᠦ ᠠᠵᠢᠯ ᠮᠡᠷᠭᠡᠵᠢᠯ᠎ᠦᠨ ᠶᠣᠰᠣ᠌ ᠰᠤᠷᠳᠠᠬᠤᠨ᠎ᠲᠠᠢ ᠪᠠᠢᠬᠣ ᠬᠡᠷᠡᠭᠲᠡᠶ; ᠪᠦᠲᠦᠭᠡᠯᠴᠢ ᠲᠦᠰᠦᠪᠯᠡᠬᠦ ᠴᠢᠳᠠᠪᠤᠷᠢ ᠲᠠᠢ᠎ᠪᠠᠷ ᠪᠠᠷᠠᠬᠤ ᠦᠭᠡᠢ ᠪᠠᠰᠠ ᠬᠣᠷᠴᠠ ᠰᠢᠷᠦᠬᠦᠨ ᠥᠷᠢᠰᠥᠯᠳᠦᠭᠡᠨ᠎ᠦ ᠳᠤᠮᠳᠠ ᠤᠶᠠᠨ ᠬᠠᠳᠠᠨ ᠴᠢᠨᠠᠷ ᠲᠠᠢ ᠪᠠᠢᠬᠣ ᠬᠡᠷᠡᠭᠲᠡᠶ; ᠬᠥᠳᠡᠯᠮᠦᠷᠢ᠎ᠶᠢᠨ ᠦᠷᠳᠡᠭ᠎ᠢ ᠡᠭᠦᠳᠦᠨ ᠪᠦᠲᠦᠭᠡᠬᠦ ᠮᠥᠨ ᠴᠢᠨᠠᠷ᠎ᠢ ᠣᠶ᠋ᠢᠯᠠᠭᠠᠬᠤ ᠬᠡᠷᠡᠭᠲᠡᠢ ᠮᠥᠷᠲᠡᠭᠡᠨ ᠪᠠᠰᠠ ᠬᠥᠳᠡᠯᠮᠦᠷᠢ᠎ᠶᠢᠨ ᠦᠢᠯᠡᠳᠦᠯᠭᠡ᠎ᠪᠡᠷ ᠲᠠᠮᠵᠢᠨ ᠵᠠᠬ᠎ᠠ ᠳᠡᠯᠭᠡᠭᠦᠷ᠎ᠦᠨ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠬᠦ ᠬᠡᠷᠡᠭᠲᠡᠢ᠃ ᠡᠳᠡᠭᠡᠷ ᠨᠢ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠳ᠋ᠤ᠌ 《ᠲᠠᠪᠤᠨ ᠬᠥᠮᠦᠵᠢᠯ ᠢ᠋ ᠠᠭᠤᠰᠤᠯᠴᠠᠭᠤᠯᠬᠤ》 ᠳ᠋ᠤ᠌ ᠲᠣᠳᠣᠷᠬᠠᠢ ᠬᠠᠷᠠᠯᠲᠠ᠎ᠶᠢᠨ ᠤᠳᠤᠷᠢᠳᠤᠮᠵᠢ᠎ᠶᠢ ᠬᠠᠩᠭᠠᠵᠤ᠂ ᠰᠢᠨ᠎ᠡ ᠴᠠᠭ ᠦᠶᠡᠶ᠋ᠢᠨ᠌ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠢ ᠬᠦᠮᠦᠵᠢᠭᠦᠯᠬᠦ᠎ᠳᠦ ᠲᠤᠢᠯ᠎ᠤᠨ ᠴᠢᠬᠤᠯᠠ ᠴᠠᠭ ᠦᠶ᠎ᠡ᠎ᠶᠢᠨ ᠦᠨ᠎ᠡ ᠦᠷᠳᠡᠭ ᠲᠠᠢ᠃
《ᠲᠠᠪᠤᠨ ᠬᠥᠮᠦᠵᠢᠯ ᠢ ᠠᠭᠤᠰᠤᠯᠴᠠᠭᠤᠯᠬᠤ》 ᠳ᠋ᠦ᠍ ᠤᠷᠤᠰᠢᠵᠤ ᠪᠠᠢᠭ᠎ᠠ ᠠᠰᠠᠭᠤᠳᠠᠯ
ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠬᠤ ᠲᠤᠰᠬᠠᠶ ᠮᠡᠷᠭᠡᠵᠢᠯ᠎ᠦᠨ ᠪᠠᠭ᠍ᠰᠢᠶ᠋ᠢᠨ᠌ ᠡᠩᠨᠡᠭᠡᠨ᠎ᠳᠦ᠂ ᠣᠯᠠᠩᠬᠢ ᠨᠢ ᠠᠷᠠᠯᠵᠢᠶ᠎ᠠ ᠬᠤᠳᠠᠯᠳᠤᠭᠠᠨ᠎ᠤ ᠤᠬᠠᠭᠠᠨ᠎ᠤ ᠮᠡᠳᠡᠯᠭᠡᠡᠵᠡᠮᠰᠢᠭᠰᠡᠨᠢᠶᠡᠷ ᠭᠤᠤᠯᠳᠠᠭᠤᠯᠵᠤ᠂ ᠪᠡᠶ᠎ᠡ ᠵᠢᠨ ᠲᠠᠮᠢᠷ᠎ᠤᠨ ᠬᠥᠮᠦᠵᠢᠯ᠂ ᠭᠤᠸ᠎ᠠ ᠰᠠᠶ᠋ᠢᠬᠠᠨ᠎ᠤ ᠬᠥᠮᠦᠵᠢᠯ ᠵᠡᠷᠭᠡ ᠪᠤᠰᠤᠳ ᠰᠤᠷᠭᠠᠨ ᠬᠥᠮᠦᠵᠢᠯ᠎ᠦᠨ ᠬᠠᠷᠠᠭᠠᠰᠤ᠎ᠶᠢᠨ ᠣᠨᠣᠯ᠎ᠤᠨ ᠮᠡᠳᠡᠯᠭᠡ ᠪᠠ ᠵᠢᠭᠠᠨ ᠰᠤᠷᠭᠠᠬᠤ ᠠᠷᠭ᠎ᠠ᠎ᠶᠢ ᠡᠵᠡᠮᠰᠢᠭᠰᠡᠨ᠎ᠢᠶᠡᠷ ᠲᠤᠳᠠᠮᠠᠭ᠎ᠡᠴᠡ ᠪᠣᠯᠵᠤ᠂ ᠬᠢᠴᠢᠶᠡᠯ᠎ᠦᠨ ᠲᠥᠯᠥᠪᠯᠡᠭᠡ ᠲᠤᠬᠢᠷᠠᠭᠤᠯᠤᠯᠳᠠ ᠳᠤᠮᠳᠠ ᠵᠢᠩᠬᠢᠨᠢ 《ᠲᠠᠪᠤᠨ ᠬᠥᠮᠦᠵᠢᠯ᠎ᠦᠨ ᠠᠭᠤᠰᠤᠯᠴᠠᠯ 》 ᠢ᠋ ᠪᠡᠶᠡᠯᠡᠭᠦᠯᠬᠦ᠎ᠳᠦ ᠬᠦᠴᠢᠷᠳᠡᠯ ᠲᠤᠯᠭᠠᠷᠠᠵᠤ ᠪᠤᠢ᠃ ᠵᠠᠷᠢᠮ ᠪᠠᠭ᠍ᠰᠢ᠎ᠶᠢᠨ 《ᠲᠠᠪᠤᠨ ᠬᠥᠮᠦᠵᠢᠯ ᠢ᠋ ᠠᠭᠤᠰᠤᠯᠴᠠᠭᠤᠯᠬᠤ》 ᠣᠶ᠋ᠢᠯᠠᠭᠠᠭᠳᠠᠬᠤᠨ᠎ᠤ ᠲᠤᠬᠠᠢ ᠣᠶ᠋ᠢᠯᠠᠭᠠᠯᠲᠠ᠎ᠶᠢᠨ ᠵᠥᠷᠢᠶ᠎ᠡ ᠠ᠋ᠴᠠ ᠪᠤᠯᠵᠤ᠂ ᠬᠢᠴᠢᠶᠡᠯ᠎ᠦᠨ ᠰᠢᠰᠲᠧᠮ᠎ᠦᠨ ᠲᠥᠯᠥᠪᠯᠡᠭᠡ᠎ᠶᠢᠨ ᠲᠠᠯ᠎ᠠ᠎ᠪᠠᠷ᠂ ᠲᠤᠰᠬᠠᠶ ᠮᠡᠷᠭᠡᠵᠢᠯ᠎ᠦᠨ ᠮᠡᠳᠡᠯᠭᠡ ᠤᠯᠠᠮᠵᠢᠯᠠᠬᠤ᠎ᠪᠠᠷ ᠭᠤᠤᠯ ᠪᠣᠯᠭᠠᠵᠤ 《ᠲᠠᠪᠤᠨ ᠬᠥᠮᠦᠵᠢᠯ᠎ᠢ ᠠᠭᠤᠰᠤᠯᠴᠠᠭᠤᠯᠬᠤ》 ᠳ᠋ᠤ᠌ ᠬᠡᠷᠡᠭᠰᠡᠬᠦ ᠬᠢᠴᠢᠶᠡᠯ ᠲᠦᠷᠦᠯ ᠠᠯᠤᠰᠯᠠᠭᠰᠠᠨ ᠮᠡᠳᠡᠯᠭᠡ ᠪᠠ ᠬᠠᠷᠢᠮᠠᠬᠠᠶ ᠴᠢᠨᠠᠷᠲᠠᠶ ᠰᠤᠷᠤᠯᠴᠠᠬᠤ ᠣᠷᠣᠨ ᠵᠠᠶ᠎ᠪᠠᠷ ᠬᠦᠷᠦᠯᠴᠡᠬᠦ ᠥᠬᠡᠶ᠃ ᠠᠵᠤ ᠠᠬᠤᠢᠯᠠᠯ᠎ᠤᠨ ᠦᠢᠯᠡᠳᠦᠯᠭᠡ᠎ᠶᠢᠨ ᠲᠤᠷᠰᠢᠯᠭ᠎ᠠ᠎ᠪᠠᠷ ᠳᠤᠲᠠᠮᠠᠭ ᠡᠴᠡ ᠪᠤᠯᠵᠤ 《ᠲᠠᠪᠤ᠎ᠶᠢ ᠬᠥᠮᠦᠵᠢᠭᠦᠯᠬᠦ ᠡᠯᠧᠮᠧᠨ᠋ᠲ》 ᠪᠠ ᠲᠤᠰᠬᠠᠶ ᠮᠡᠷᠭᠡᠵᠢᠯ᠎ᠦᠨ ᠬᠢᠴᠢᠶᠡᠯ᠎ᠦᠨ ᠣᠷᠭᠠᠨᠢᠭ᠋ᠠᠭᠤᠰᠤᠯᠴᠠᠯ ᠵᠢᠡᠷ ᠠᠨᠠᠢ ᠪᠠᠢᠨ᠎ᠠ᠃
ᠵᠢᠭᠠᠨ ᠰᠤᠷᠭᠠᠯᠲᠠ᠎ᠶᠢᠨ ᠠᠷᠭ᠎ᠠ᠎ᠶᠢᠨ ᠲᠠᠯ᠎ᠠ᠎ᠪᠠᠷ ᠦᠢᠯᠡᠳᠦᠯᠭᠡ ᠶᠢᠨ ᠲᠠᠪᠴᠠᠩ ᠳᠤᠲᠠᠭᠳᠠᠵᠤ ᠪᠤᠢ᠃ 《ᠲᠠᠪᠤᠨ ᠬᠥᠮᠦᠵᠢᠯ ᠢ᠋ ᠠᠭᠤᠰᠤᠯᠴᠠᠭᠤᠯᠬᠤ》ᠢᠯᠠᠩᠭᠤᠶ᠎ᠠ ᠬᠥᠳᠡᠯᠮᠦᠷᠢ ᠵᠢᠨ ᠬᠥᠮᠦᠵᠢᠯ ᠪᠠ ᠭᠤᠸ᠎ᠠ ᠰᠠᠶ᠋ᠢᠬᠠᠨ᠎ᠤ ᠬᠥᠮᠦᠵᠢᠯ᠎ᠢ ᠬᠡᠷᠡᠭᠵᠢᠭᠦᠯᠬᠦ᠎ᠳᠦ ᠡᠯᠪᠡᠭ ᠪᠠᠶᠠᠯᠢᠭ᠋ ᠦᠢᠯᠡᠳᠦᠯᠭᠡ᠎ᠶᠢᠨ ᠲᠠᠪᠴᠠᠩ ᠱᠠᠭᠠᠷᠳᠠᠭᠳᠠᠬᠤ ᠪᠣᠯᠪᠠᠴᠤ ᠵᠠᠷᠢᠮ ᠶᠡᠬᠡ ᠳᠡᠭᠡᠳᠦ ᠰᠤᠷᠭᠠᠭᠤᠯᠢ᠎ᠶᠢᠨ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠬᠤ ᠲᠤᠰᠬᠠᠶ ᠮᠡᠷᠭᠡᠵᠢᠯ᠎ᠨᠢ ᠲᠣᠭᠲᠠᠪᠤᠷᠢᠲᠠᠶ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠰᠠᠭᠤᠷᠢᠨ ᠪᠠ ᠰᠢᠨ᠎ᠡ᠎ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠳᠦᠯᠭᠡ᠎ᠶᠢᠨ ᠲᠠᠪᠴᠠᠩ ᠳᠤᠲᠠᠭᠳᠠᠵᠤ ᠪᠤᠢ᠃
ᠦᠨᠡᠯᠡᠯᠲᠡ᠎ᠶᠢᠨ ᠰᠢᠰᠲᠧᠮ᠎ᠤᠨ ᠲᠠᠯ᠎ᠠ ᠳ᠋ᠦ᠍᠂ ᠤᠯᠠᠨ ᠲᠠᠯ᠎ᠠ᠎ᠶᠢᠨ ᠦᠨᠡᠯᠡᠯᠲᠡ᠎ᠶᠢᠨ ᠠᠷᠭ᠎ᠠ᠎ᠶᠢ ᠬᠠᠢᠨ ᠰᠦᠪᠡᠭᠴᠢᠯᠡᠵᠦ ᠨᠡᠯᠢᠶᠡᠳ ᠠᠮᠵᠢᠯᠲᠡ ᠤᠯᠤᠭᠰᠠᠨ ᠪᠤᠯᠪᠠᠴᠤ ᠰᠤᠷᠤᠭ᠍ᠴᠢᠳ᠎ᠤᠨ ᠰᠤᠷᠤᠯᠴᠠᠬᠤ ᠶᠠᠪᠤᠴᠠ᠎ᠳᠤ ᠢᠯᠡᠷᠡᠭᠰᠡᠨ ᠬᠠᠮᠳᠤ ᠨᠡᠶ᠋ᠢᠲᠡ᠎ᠶᠢᠨ ᠬᠠᠮᠵᠢᠯᠴᠠᠭ᠎ᠠ᠂ ᠰᠢᠨ᠎ᠡ᠎ᠶᠢ ᠡᠭᠦᠳᠬᠦ ᠰᠡᠳᠬᠢᠬᠦᠶ ᠵᠡᠷᠭᠡ ᠬᠡᠪ ᠴᠢᠨᠠᠷ᠎ᠲᠤ ᠦᠷᠭᠦᠯᠵᠢᠯᠡᠨ ᠮᠥᠷᠳᠡᠬᠦ ᠪᠠ ᠬᠠᠷᠢᠭᠤ ᠲᠤᠰᠬᠠᠬᠤ ᠲᠣᠭᠲᠠᠴᠠ ᠳᠤᠲᠠᠭᠳᠠᠵᠤ ᠪᠠᠶ᠋ᠢᠨ᠎ᠠ᠃
《ᠲᠠᠪᠤᠨ ᠬᠥᠮᠦᠵᠢᠯ ᠢ ᠠᠭᠤᠰᠤᠯᠴᠠᠭᠤᠯᠬᠤ》 ᠠᠷᠭ᠎ᠠ ᠪᠤᠳᠤᠯᠭ᠎ᠠ
ᠨᠢᠭᠡ᠎ᠳᠦ᠂ ᠬᠢᠴᠢᠶᠡᠯ ᠲᠦᠷᠦᠯ ᠠᠯᠤᠰᠯᠠᠭᠰᠠᠨ ᠪᠠᠭ᠍ᠰᠢᠶ᠋ᠢᠨ᠌ ᠡᠩᠨᠡᠭᠡᠨ᠎ᠦ ᠪᠠᠶ᠋ᠢᠭᠤᠯᠤᠯᠲᠠ᠎ᠶᠢ ᠴᠢᠬᠤᠯᠠᠴᠢᠯᠠᠨ᠎ᠠ᠃ ᠠᠵᠤ ᠠᠬᠤᠢᠯᠠᠯ᠎ᠤᠨ ᠵᠢᠯᠣᠭᠣᠳᠣᠭ᠍ᠴᠢ ᠪᠠᠭ᠍ᠰᠢ᠂ ᠰᠡᠳᠬᠢᠴᠡ ᠵᠦᠶ᠎ᠶᠢᠨ ᠪᠠᠭ᠍ᠰᠢ᠂ ᠲᠠᠮᠢᠷ᠂ ᠤᠷᠠᠯᠢᠭ᠋᠎ᠤᠨ ᠲᠤᠰᠬᠠᠶ ᠮᠡᠷᠭᠡᠵᠢᠯ᠎ᠦᠨ ᠪᠠᠭ᠍ᠰᠢ᠎ᠲᠠᠢ ᠬᠠᠮᠵᠢᠯᠴᠠᠨ ᠬᠢᠴᠢᠶᠡᠯ ᠲᠦᠷᠦᠯ ᠠᠯᠤᠰᠯᠠᠭᠰᠠᠨ ᠪᠠᠭ᠍ᠰᠢ᠎ᠶᠢᠨ ᠡᠩᠨᠡᠭᠡᠨ᠎ᠦ ᠬᠠᠮᠳᠤᠷᠠᠯᠴᠠᠭ᠎ᠠ᠎ᠶᠢ ᠪᠠᠢᠭᠤᠯᠵᠤ 《ᠲᠠᠪᠤᠨ ᠬᠥᠮᠦᠵᠢᠯ ᠢ᠋ ᠠᠭᠤᠰᠤᠯᠴᠠᠭᠤᠯᠬᠣ》 ᠵᠢᠭᠠᠨ ᠰᠤᠷᠭᠠᠯᠲᠠ᠎ᠶᠢᠨ ᠵᠢᠱ᠌ᠢᠶ᠎ᠡ᠎ᠶᠢ ᠬᠠᠮᠲᠤ᠎ᠪᠠᠷ ᠨᠡᠭᠡᠭᠡᠨ ᠬᠥᠭᠵᠢᠭᠦᠯᠦᠨ᠎ᠡ᠃ ᠪᠠᠭ᠍ᠰᠢ᠎ᠶᠢᠨ ᠪᠣᠯᠪᠠᠰᠤᠷᠠᠯ᠎ᠢ ᠴᠢᠩᠭᠠᠳᠬᠠᠵᠤ᠂ ᠲᠤᠭᠲᠠᠮᠠᠯ ᠬᠤᠭᠤᠴᠠᠭ᠎ᠠ ᠲᠠᠢ᠎ᠪᠠᠷ ᠪᠠᠭ᠍ᠰᠢ᠎ᠶᠢᠨ ᠪᠣᠯᠪᠠᠰᠤᠷᠠᠯ᠎ᠤᠨ ᠬᠦᠳᠡᠯᠭᠡᠭᠡᠨ ᠦᠷᠨᠢᠭᠦᠯᠦᠨ᠎ᠠ᠃ ᠠᠵᠤ ᠦᠢᠯᠡᠳᠪᠦᠷᠢᠯᠡᠯ ᠪᠠ ᠵᠢᠭᠠᠨ ᠰᠤᠷᠭᠠᠯᠲᠠ᠎ᠶ᠋ᠢᠨ ᠣᠷᠭᠠᠨᠢᠭ᠋ᠤᠶᠠᠯᠳᠤᠯ ᠢ᠋ ᠴᠢᠬᠤᠯᠠᠴᠢᠯᠠᠵᠤ᠂ ᠠᠵᠢᠯ ᠲᠥᠷᠥᠯ᠎ᠦᠨ ᠬᠥᠲᠥᠴᠢ ᠠᠵᠤ ᠠᠬᠣᠢᠯᠠᠯᠯᠤᠭᠠ 《ᠡᠵᠡᠩᠨᠡᠨ ᠪᠣᠷᠣᠯᠠᠭᠤᠯᠬᠤ ᠦᠢᠯᠡᠳᠦᠯᠭᠡ᠎ᠶᠢᠨ ᠰᠠᠭᠤᠷᠢᠨ》 ᠢ᠋ ᠬᠠᠮᠲᠤ ᠪᠠᠷ ᠪᠠᠶ᠋ᠢᠭᠤᠯᠵᠤ᠂ 《ᠬᠤᠤᠰ ᠪᠠᠭ᠍ᠰᠢ》 ᠶ᠋ᠢ ᠨᠢᠭᠡ ᠲᠠᠩᠬᠢᠮ᠎ᠳᠤ ᠬᠢᠴᠢᠶᠡᠯ ᠣᠷᠣᠭᠤᠯᠬᠤ ᠵᠡᠷᠭᠡ ᠬᠦᠳᠡᠯᠭᠡᠭᠡᠨ᠎ᠢ ᠲᠣᠭᠲᠠᠮᠠᠯ ᠬᠤᠭᠤᠴᠠᠭ᠎ᠠ᠎ᠲᠠᠢ ᠦᠷᠨᠢᠬᠦᠯᠵᠦ ᠂ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ᠎ᠶᠢ ᠦᠨᠡᠨᠬᠦ ᠪᠠᠳᠤᠯᠠᠵᠤ᠂ ᠪᠦᠬᠦ ᠲᠠᠯ᠎ᠠ᠎ᠪᠠᠷ ᠬᠦᠭᠵᠢᠭᠰᠡᠨ ᠰᠢᠨ᠎ᠡ ᠴᠠᠭ ᠦᠶᠡᠶ᠋ᠢᠨ᠌ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠢ ᠬᠦᠮᠦᠵᠢᠭᠦᠯᠬᠦ ᠬᠡᠷᠡᠭᠲᠡᠢ᠃
ᠬᠤᠶᠠᠷ᠎ᠲᠤ᠂ ᠵᠢᠭᠠᠨ ᠰᠤᠷᠭᠠᠯᠲᠠ᠎ᠶᠢᠨ ᠠᠷᠭ᠎ᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠴᠢᠬᠤᠯᠠᠴᠢᠯᠠᠨ᠎ᠠ᠃ ᠬᠡᠷᠡᠭ᠎ᠦᠨ ᠵᠢᠱ᠌ᠢᠶ᠎ᠡ᠎ᠪᠡᠷ ᠵᠢᠭᠠᠨ ᠰᠤᠷᠭᠠᠬᠤ᠂ ᠠᠵᠢᠯ ᠲᠦᠷᠦᠯ᠎ᠦᠨ ᠪᠤᠳᠠᠲᠤ ᠦᠢᠯᠡᠳᠦᠯᠭᠡ ᠵᠡᠷᠭᠡ ᠤᠯᠠᠨ ᠡᠰᠢᠴᠢᠯᠡᠭᠰᠡᠨ ᠵᠢᠭᠠᠨ ᠰᠤᠷᠭᠠᠬᠤ ᠠᠷᠭ᠎ᠠ᠎ᠶᠢ ᠬᠡᠷᠡᠭᠯᠡᠵᠦ ᠵᠢᠭᠠᠨ ᠰᠤᠷᠭᠠᠯᠲᠠ᠎ᠶᠢᠨ ᠦᠷ᠎ᠡ ᠪᠦᠳᠦᠮᠵᠢ ᠪᠠᠨ ᠲᠡᠭᠡᠭᠰᠢᠯᠡᠭᠦᠯᠦᠨ᠎ᠡ᠃ ᠦᠨᠡᠨ ᠪᠣᠳᠠᠲᠠᠶ ᠡᠵᠡᠩᠨᠡᠨ ᠪᠣᠷᠣᠯᠠᠭᠤᠯᠤᠯᠲᠠ᠎ᠶᠢᠨ ᠬᠡᠷᠡᠭ᠎ᠦᠨ ᠵᠢᠱ᠌ᠢᠶ᠎ᠡ᠎ᠪᠡᠷ ᠰᠤᠷᠤᠭ᠍ᠴᠢᠳ᠎ᠤᠨ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠬᠥᠮᠦᠵᠢᠯ᠎ᠢ ᠴᠢᠩᠭᠠᠳᠬᠠᠵᠤ᠂ ᠬᠤᠳᠠᠯᠳᠤᠭᠠᠨ᠎ᠤ ᠳᠠᠭᠤᠷᠢᠶᠠᠮᠠᠯ ᠰᠢᠰᠲᠧᠮ᠎ᠢ ᠠᠰᠢᠭ᠍ᠯᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠎ᠶᠢ ᠲᠡᠭᠡᠭᠰᠢᠯᠡᠭᠦᠯᠵᠦ᠂ ᠠᠵᠤ ᠠᠬᠤᠢᠯᠠᠯ ᠯᠤᠭ᠎ᠠ᠎ᠶᠢᠨ ᠬᠠᠮᠳᠤᠷᠠᠯᠴᠠᠭ᠎ᠠ᠎ᠪᠠᠷ ᠡᠯ᠎ᠡ ᠵᠦᠢᠯ᠎ᠦᠨ ᠤᠷᠤᠯᠳᠤᠭᠠᠨ᠎ᠢ ᠵᠣᠬᠢᠶᠠᠨ ᠪᠠᠶ᠋ᠢᠭᠤᠯᠵᠤ ᠪᠦᠲᠦᠭᠡᠯᠴᠢ ᠴᠢᠨᠠᠷ ᠲᠠᠢ ᠰᠠᠨᠠᠯ ᠳᠤᠷᠠᠳᠤᠯᠭ᠎ᠠ᠎ᠪᠠᠷ ᠭᠤᠸ᠎ᠠ ᠲᠠᠭᠠᠰᠢᠶᠠᠯ᠎ᠤᠨ ᠪᠦᠲᠦᠭᠡᠯᠴᠢ ᠴᠢᠳᠠᠪᠤᠷᠢ ᠶ᠋ᠢ ᠬᠥᠭᠵᠢᠭᠡᠨ᠂ ᠲᠤᠬᠠᠶ᠎ᠶᠢᠨ ᠭᠠᠵᠠᠷ᠎ᠤᠨ ᠡᠵᠡᠩᠨᠡᠨ ᠪᠣᠷᠣᠯᠠᠭᠤᠯᠤᠯᠲᠠ᠎ᠶᠢᠨ ᠦᠢᠯᠡᠳᠦᠯᠭᠡ᠎ᠪᠠᠷ ᠲᠠᠮᠵᠢᠨ ᠬᠥᠳᠡᠯᠮᠦᠷᠢ᠎ᠶᠢᠨ ᠤᠷ᠎ᠠ ᠴᠢᠳᠠᠪᠤᠷᠢ᠎ᠶᠢ ᠴᠢᠩᠭᠠᠳᠬᠠᠨ᠎ᠠ᠃
ᠭᠤᠷᠪᠠ᠎ᠳᠦ᠂ ᠦᠨᠡᠯᠡᠯᠲᠡ᠎ᠶᠢᠨ ᠰᠢᠰᠲᠧᠮ᠎ᠦᠨ ᠥᠭᠡᠷᠡᠴᠢᠯᠡᠯᠲᠡ᠎ᠶᠢ ᠴᠢᠬᠤᠯᠠᠴᠢᠯᠠᠨ᠎ᠠ᠃ 《ᠶᠠᠪᠤᠴᠠ᠎ᠶᠢᠨ ᠴᠢᠨᠠᠷᠲᠠᠶ ᠦᠨᠡᠯᠡᠯᠲᠡ + ᠲᠡᠭᠦᠰᠬᠡᠯ᠎ᠦᠨ ᠴᠢᠨᠠᠷᠲᠠᠶ ᠦᠨᠡᠯᠡᠯᠲᠡ》 ᠶ᠋ᠢᠨ ᠵᠠᠭᠪᠤᠷ᠎ᠢ ᠬᠡᠷᠡᠭᠵᠢᠭᠦᠯᠵᠦ᠂ ᠶᠠᠪᠤᠴᠠ᠎ᠶᠢᠨ ᠴᠢᠨᠠᠷᠲᠠᠶ ᠦᠨᠡᠯᠡᠯᠲᠡ᠎ᠳᠦ ᠬᠢᠴᠢᠶᠡᠯ᠎ᠦᠨ ᠲᠠᠩᠬᠢᠮ᠎ᠤᠨ ᠦᠨᠡᠯᠡᠯᠲᠡ᠂ ᠠᠵᠤ ᠠᠬᠤᠢᠯᠠᠯ᠎ᠤᠨ ᠦᠨᠡᠯᠡᠯᠲᠡ᠂ ᠪᠠᠭ᠎ᠠ ᠲᠤᠭᠤᠢᠯᠠᠩ᠎ᠦᠨ ᠬᠠᠷᠢᠯᠴᠠᠨ ᠦᠨᠡᠯᠡᠬᠦ ᠵᠡᠷᠭᠡ᠎ᠶᠢ ᠬᠠᠮᠤᠷᠴᠤ᠂ ᠲᠡᠭᠦᠰᠬᠡᠯ᠎ᠦᠨ ᠴᠢᠨᠠᠷᠲᠠᠶ ᠦᠨᠡᠯᠡᠯᠲᠡ᠎ᠳᠦ 《ᠬᠥᠳᠡᠯᠮᠦᠷᠢ᠎ᠶᠢᠨ ᠡᠷᠭᠢᠴᠡᠭᠦᠯᠦᠨ ᠪᠤᠳᠤᠯᠲᠠ᠎ᠶᠢᠨ ᠮᠡᠳᠡᠭᠦᠯᠦᠯᠲᠡ》 ᠵᠡᠷᠭᠡ ᠠᠭᠤᠯᠭ᠎ᠠ᠎ᠶᠢ ᠨᠡᠮᠡᠵᠤ ᠤᠷᠤᠭᠤᠯᠤᠨ ᠶᠡᠷᠥᠩᠬᠡᠢᠯᠡᠭᠰᠡᠨ ᠦᠨᠡᠯᠡᠬᠦ ᠰᠢᠰᠲᠧᠮ᠎ᠢ ᠬᠡᠷᠡᠭᠵᠢᠭᠦᠯᠵᠦ᠂ ᠲᠤᠰᠬᠠᠶ ᠮᠡᠷᠭᠡᠵᠢᠯ᠎ᠦᠨ ᠮᠡᠳᠡᠯᠭᠡ᠎ᠶᠢ ᠡᠵᠡᠮᠰᠢᠬᠦ᠎ᠶᠢ ᠠᠩᠬᠠᠷᠬᠤ᠎ᠪᠠᠷ ᠪᠠᠷᠠᠬᠤ ᠥᠬᠡᠶ᠂ ᠪᠠᠰᠠ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠬᠥᠮᠦᠵᠢᠯ᠂ ᠬᠠᠮᠳᠤ ᠨᠡᠶ᠋ᠢᠲᠡ᠎ᠶᠢᠨ ᠬᠠᠮᠵᠢᠯᠴᠠᠭ᠎ᠠ᠂ ᠰᠢᠨ᠎ᠡ᠎ᠶᠢ ᠡᠭᠦᠳᠬᠦ ᠴᠢᠳᠠᠪᠤᠷᠢ ᠪᠠ ᠦᠢᠯᠡᠳᠦᠯᠭᠡ᠎ᠶᠢᠨ ᠴᠢᠳᠠᠪᠤᠷᠢ ᠵᠡᠷᠭᠡ ᠶ᠋ᠢ ᠪᠠᠢᠴᠠᠭᠠᠵᠤ ᠰᠤᠷᠤᠭ᠍ᠴᠢᠳ᠎ᠤᠨ ᠪᠦᠬᠦ ᠲᠠᠯ᠎ᠠ᠎ᠶ᠋ᠢᠨ ᠬᠥ᠋ᠭᠵᠢᠯᠲᠡᠶᠢ ᠠᠬᠢᠭᠤᠯᠤᠨ᠎ᠠ᠃
《ᠲᠠᠪᠤᠨ ᠬᠥᠮᠦᠵᠢᠯ ᠢ᠋ ᠠᠭᠤᠰᠤᠯᠴᠠᠭᠤᠯᠬᠤ》 ᠣᠶ᠋ᠢᠯᠠᠭᠠᠭᠳᠠᠬᠤᠨ ᠨᠢ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠤ᠋ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠳᠦ ᠰᠢᠨ᠎ᠡ ᠬᠠᠷᠠᠭᠠᠰᠤ ᠪᠠ ᠠᠷᠭ᠎ᠠ᠎ᠶᠢ ᠬᠠᠩᠭᠠᠪᠠ᠃ 《ᠲᠠᠪᠤᠨ ᠬᠥᠮᠦᠵᠢᠯ》 ᠢ᠋ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》 ᠤ᠋ ᠵᠢᠭᠠᠨ ᠰᠤᠷᠭᠠᠯᠲᠠ᠎ᠶᠢᠨ ᠡᠯ᠎ᠡ ᠭᠣᠭᠴᠣᠭ᠎ᠠ᠎ᠳᠤ ᠣᠷᠭᠠᠨᠢᠭ᠋᠎ᠢᠶᠠᠷ ᠠᠭᠤᠰᠤᠯᠴᠠᠭᠤᠯᠬᠤ᠎ᠶᠢ ᠬᠠᠢᠨ ᠰᠦᠪᠡᠭᠴᠢᠯᠡᠬᠦ ᠨᠢ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ᠎ᠶᠢ ᠲᠡᠭᠡᠭᠰᠢᠯᠡᠭᠦᠯᠵᠦ᠂ ᠰᠤᠷᠤᠭ᠍ᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ ᠪᠣᠯᠤᠨ ᠠᠵᠢᠯ ᠮᠡᠷᠭᠡᠵᠢᠯ᠎ᠦᠨ ᠴᠢᠳᠠᠪᠤᠷᠢ᠎ᠶᠢ ᠪᠦᠲᠦᠮᠵᠢᠲᠡᠢ ᠲᠡᠭᠡᠭᠰᠢᠯᠡᠭᠦᠯᠵᠦ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠬᠦᠭᠵᠢᠭᠰᠡᠨ᠌ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠢ ᠬᠥᠮᠦᠵᠢᠭᠦᠯᠬᠦ ᠪᠠ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠥᠭᠡᠷᠡᠴᠢᠯᠡᠯᠲᠡᠳ᠋ᠦ᠍ ᠦᠢᠯᠡᠳᠦᠯᠭᠡ᠎ᠶᠢᠨ ᠣᠶᠤᠨ ᠤᠬᠠᠭᠠᠨ᠎ᠢ ᠨᠡᠮᠡᠷᠢᠯᠡᠬᠦ ᠪᠤᠯᠤᠨ᠎ᠠ᠃
(ᠵᠤᠬᠢᠶᠠᠭ᠍ᠴᠢ᠎ᠶᠢᠨ ᠬᠠᠶᠢᠭ᠋᠄ ᠦᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢᠶ᠋ᠢᠨ᠌ ᠠᠵᠢᠯ ᠮᠡᠷᠭᠡᠵᠢᠯ᠎ᠤᠨ ᠲᠡᠭᠡᠳᠦ ᠰᠤᠷᠭᠠᠭᠤᠯᠢ)