ᠭᠦᠨᠵᠡᠭᠡᠶ ᠰᠤᠷᠤᠯᠴᠠᠨ ᠨᠠᠷᠢᠨ ᠤᠬᠠᠪᠤᠷᠢᠯᠠᠵᠤ ᠰᠤᠷᠲᠠᠯ᠎ᠢ ᠴᠢᠩᠳᠠᠯᠠᠰᠤᠭᠠᠢ
2025-07-22 09:43:17
ᠵᠣᠬᠢᠶᠠᠭ᠍ᠴᠢ᠄
ᠥᠪᠦᠷ ᠮᠤᠩᠭᠤᠯ᠎ᠤᠨ ᠡᠳᠦᠷ᠎ᠶ᠋ᠢᠨ ᠰᠤᠨᠢᠨ᠎ᠤ ᠬᠤᠷᠢᠶ᠎ᠠ ᠵᠢᠨ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠰᠤᠷᠲᠠᠯ᠎ᠤᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠠᠬᠢᠭᠤᠯᠬᠤ ᠲᠤᠬᠠᠢ ᠨᠢᠭᠡᠨᠲᠡ ᠦᠭᠦᠯᠡᠬᠦ ᠨᠢ                           


ᠲᠠᠢᠱᠠᠨ ᠠᠭᠤᠯᠠ᠎ᠶ᠋ᠢᠨ ᠬᠠᠭᠠᠰ ᠪᠠᠯ᠎ᠳᠤ ᠨᠢᠭᠡ ᠬᠡᠰᠡᠭ ᠲᠡᠭ᠌ᠰᠢᠬᠡᠨ ᠵᠠᠮ ᠪᠠᠢᠳᠠᠭ ᠎ᠢ 《 ᠪᠠᠶᠠᠰᠬᠤᠯᠠᠩᠳᠤ ᠭᠤᠷᠪᠠᠨ ᠭᠠᠵᠠᠷ 》 ᠭᠡᠳᠡᠭ ᠂ ᠵᠠᠷᠢᠮ ᠬᠥᠮᠦᠨ ᠠᠭᠤᠯᠠ ᠠᠪᠠᠷᠢᠭᠠᠳ ᠶᠠᠳᠠᠷᠠᠪᠠᠯ ᠡᠨᠳᠡ ᠠᠮᠠᠷᠠᠬᠤ ᠳᠤᠷᠠᠲᠠᠶ᠃ ᠭᠡᠲᠡᠯ᠎ᠡ ᠤᠰᠤ ᠲᠠᠮᠨᠠᠨ ᠠᠭᠤᠯᠠᠨ᠎ᠳᠤ ᠭᠠᠷᠬᠤ ᠠᠵᠢᠯᠴᠢᠨ ᠶᠡᠷᠦ᠍᠎ᠳᠡᠭᠡᠨ ᠡᠨᠳᠡ ᠤᠳᠠᠭᠠᠨ ᠰᠠᠭᠤᠳᠠᠭ ᠦᠭᠡᠢ᠂ ᠤᠴᠢᠷ ᠨᠢ ᠤᠳᠠᠭᠠᠨ ᠠᠮᠠᠷᠠᠪᠠᠯ ᠬᠦᠯ ᠨᠢ ᠬᠦᠰᠢᠵᠦ᠂ ᠲᠠᠬᠢᠨ ᠪᠤᠰᠴᠤ ᠵᠠᠯᠭᠠᠭᠠᠳ ᠠᠪᠠᠷᠢᠬᠤ᠎ᠳᠤ ᠨᠡᠩ ᠬᠦᠴᠢᠷᠲᠡᠢ ᠪᠣᠯᠤᠨ᠎ᠠ᠃ ᠰᠤᠷᠲᠠᠯ᠎ᠤᠨ ᠪᠠᠢᠭᠤᠯᠤᠯᠲᠠ ᠴᠤ᠌ ᠡᠢᠮᠦ᠍ ᠪᠠᠢᠳᠠᠭ᠂ ᠵᠠᠩᠭᠢᠯᠠᠭ᠎ᠠ᠎ᠶ᠋ᠢᠨ ᠦᠶ᠎ᠡ ᠪᠣᠯᠬᠤ ᠲᠤᠳᠤᠮ ᠥᠴᠦᠬᠡᠨ ᠴᠦ᠍ ᠰᠤᠯᠠᠷᠠᠵᠤ ᠪᠣᠯᠬᠤ ᠦᠭᠡᠢ᠃

ᠣᠳᠣᠬᠠᠨ᠎ᠳᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠶᠠᠭ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠣᠷᠣᠱᠢᠵᠤ ᠪᠠᠢᠨ᠎ᠠ᠂ ᠨᠡᠩ ᠴᠤ᠌ ᠲᠠᠢᠱᠠᠨ ᠠᠭᠤᠯᠠᠨ᠎ᠤ ᠤᠰᠤ ᠲᠠᠮᠨᠠᠨ ᠠᠭᠤᠯᠠᠨ᠎ᠳᠤ ᠭᠠᠷᠬᠤ ᠠᠵᠢᠯᠴᠢᠨ ᠱᠢᠬ ᠨᠢᠭᠡ ᠮᠥᠴᠡ ᠴᠦ᠍ ᠰᠤᠯᠠᠷᠠᠭᠤᠯᠤᠯ ᠦᠭᠡᠢ᠂ ᠨᠢᠭᠡ ᠠᠯᠬᠤᠮ ᠴᠤ᠌ ᠤᠬᠤᠷᠢᠬᠤ ᠦᠭᠡᠢ᠂ ᠦᠵᠡᠯ ᠰᠠᠨᠠᠭ᠎ᠠ᠎ᠪᠠᠨ ᠲᠦᠪᠯᠡᠷᠡᠭᠦᠯᠵᠦ᠂ ᠠᠵᠢᠯ᠎ᠳᠠᠭᠠᠨ ᠬᠢᠨᠠᠮᠠᠭᠠᠢ᠂ ᠲᠤᠱᠢᠶᠠᠯ ᠬᠠᠷᠢᠭᠤᠴᠠᠯᠭ᠎ᠠ᠎ᠪᠠᠨ ᠰᠠᠢᠳᠤᠷ ᠭᠦᠢᠴᠡᠳᠭᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠵᠦ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠦᠨᠡᠨ ᠬᠦ᠌ ᠠᠬᠢᠭᠤᠯᠬᠤ ᠬᠡᠷᠡᠭ᠌ᠲᠡᠢ᠃

ᠤᠯᠠᠮ ᠭᠦᠨᠵᠡᠭᠡᠶ ᠰᠤᠷᠤᠯᠴᠠᠪᠠᠯ  ᠤᠯᠠᠮ ᠲᠣᠳᠣᠷᠬᠠᠶ ᠮᠠᠳᠠᠵᠦ᠂  ᠤᠯᠠᠮ ᠪᠠᠲᠤᠲᠠᠶ ᠬᠢᠵᠦ ᠴᠢᠳᠠᠨ᠎ᠠ᠃ 《ᠴᠢᠩᠭ᠎ᠠ᠂ ᠪᠣᠳᠠᠲᠠᠢ᠂ ᠤᠷᠳᠤ ᠬᠤᠭᠤᠴᠠᠭ᠎ᠠ ᠪᠡᠷ ᠪᠠᠷᠢᠮᠳᠠᠯᠠᠬᠤ ᠲᠡᠭᠡᠷ᠎ᠡ ᠬᠦᠴᠦ᠍ ᠲᠠᠯᠪᠢᠬᠤ ᠬᠡᠷᠡᠭ᠌ᠲᠡᠢ》᠂ 《 〈 ᠲᠦᠷᠪᠡᠨ ᠰᠤᠷᠲᠠᠯ 〉 ᠤ᠋ᠨ ᠠᠰᠠᠭᠤᠳᠠᠯ᠎ᠢ ᠲᠥᠪ ᠴᠢᠩᠭ᠎ᠠ ᠨᠠᠷᠢᠨ ᠬᠢᠨᠠᠮᠠᠭᠠᠢ ᠠᠳᠭᠤᠵᠤ᠂ ᠰᠠᠢᠲᠤᠷ ᠱᠢᠢᠳᠪᠦᠷᠢᠯᠡᠬᠦ᠌ ᠬᠡᠷᠡᠭ᠌ᠲᠡᠢ 》᠂ 《ᠨᠠᠮ ᠪᠣᠯᠤᠨ ᠵᠠᠰᠠᠭ᠎ᠤᠨ ᠣᠷᠳᠣᠨ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ᠎ᠶ᠋ᠢᠨ ᠵᠣᠷᠢᠯᠭ᠎ᠠ ᠨᠢ ᠠᠷᠠᠳ ᠲᠦᠮᠡᠨ᠎ᠳᠤ ᠰᠠᠢ᠌ᠨ ᠰᠠᠢᠬᠠᠨ ᠠᠮᠢᠳᠤᠷᠠᠯ ᠎ᠢ ᠡᠳ᠋ᠯᠡᠭᠦᠯᠬᠦ ᠵᠢᠨ ᠲᠥᠯᠥᠭᠡ ᠶᠤᠮ 》᠂ 《ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠬᠡᠷᠡᠭ᠌ᠲᠡᠢ》᠂ 《 ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠶᠡᠬᠡ᠎ᠪᠡᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ᠂ ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠬᠤ ᠬᠡᠷᠡᠭ᠌ᠲᠡᠢ 》 ᠁ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠰᠤᠳᠤᠯᠤᠨ ᠤᠩᠱᠢᠬᠤ᠎ᠳᠤ᠂ ᠦᠵᠡᠯ ᠰᠠᠨᠠᠭ᠎ᠠ ᠠᠭᠤᠯᠤᠭ᠍ᠳᠠᠬᠤᠨ ᠨᠢ ᠭᠦᠨ ᠭᠦᠨᠵᠡᠭᠡᠢ᠂ ᠰᠤᠳᠠᠯ ᠪᠠᠷᠢᠵᠤ ᠵᠣᠷ ᠭᠠᠷᠭᠠᠭᠰᠠᠨ ᠨᠢ ᠨᠠᠷᠢᠯᠢᠭ ᠣᠨᠣᠪᠴᠢᠲᠠᠢ᠂ ᠲᠤᠢᠯ᠎ᠤᠨ ᠴᠢᠩᠭ᠎ᠠ ᠠᠵᠢᠯ᠎ᠤᠨ ᠵᠢᠯᠣᠭᠣᠳᠭᠤ ᠴᠢᠨᠠᠷ ᠪᠣᠯᠤᠨ ᠪᠣᠳᠠᠲᠠᠢ ᠬᠠᠨᠳᠤᠯᠭᠠᠲᠤ ᠴᠢᠨᠠᠷ᠎ᠲᠠᠶ ᠶᠤᠮ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠢ ᠭᠦᠨ ᠣᠢᠯᠠᠭᠠᠵᠤ ᠬᠠᠢᠷᠠᠯᠠᠨ ᠬᠠᠯᠠᠮᠵᠢᠯᠠᠵᠤ ᠪᠠᠢᠬᠤ ᠰᠡᠳᠭᠢᠯ᠎ᠢ ᠭᠦᠨᠵᠡᠭᠡᠶ ᠣᠢᠯᠠᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠤ᠋ᠨ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠤᠨ᠂ ᠦᠷᠭᠦᠯᠵᠢᠯᠡᠨ ᠨᠠᠷᠢᠯᠢᠭ ᠤᠩᠱᠢᠵᠤ ᠨᠠᠷᠢᠨ ᠤᠬᠠᠪᠤᠷᠢᠯᠠᠵᠤ᠂ ᠶᠣᠰᠣ ᠤᠴᠢᠷ᠎ᠢ᠎ᠨᠢ ᠰᠤᠳᠤᠯᠤᠨ ᠵᠠᠳᠠᠯᠵᠤ᠂ ᠨᠡᠪᠲᠡᠷᠡᠲᠡᠯ᠎ᠡ ᠤᠢᠯᠠᠭᠠᠨ᠂ ᠪᠣᠳᠠᠲᠠᠶ᠎ᠲᠠᠶ ᠤᠶᠠᠯᠳᠤᠭᠤᠯᠤᠨ ᠰᠡᠳᠭᠢᠵᠦ᠍᠂ ᠵᠣᠷᠢᠭ ᠰᠠᠨᠠᠭᠠᠨ᠎ᠤ ᠮᠥᠨ ᠴᠢᠨᠠᠷ᠎ᠢ᠎ᠨᠢ ᠲᠠᠰᠤᠷᠠᠯᠲᠠ ᠥᠬᠡᠶ ᠤᠬᠠᠪᠤᠷᠢᠯᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠰᠠᠢᠲᠤᠷ ᠠᠳᠭᠤᠬᠤ ᠬᠡᠷᠡᠭ᠌ᠲᠡᠶ᠃

ᠰᠤᠷᠤᠯᠴᠠᠯᠭ᠎ᠠ᠎ᠳᠤ ᠳᠥᠲᠡ ᠵᠠᠮ ᠭᠡᠵᠦ᠍ ᠪᠠᠢᠬᠤ ᠦᠭᠡᠶ᠂ ᠭᠡᠪᠡᠴᠦ᠍ ᠰᠤᠷᠤᠯᠴᠠᠯᠭ᠎ᠠ᠎ᠶᠢᠨ ᠬᠠᠷᠠᠯᠲᠠ ᠳᠤᠳᠤᠷᠬᠠᠢ᠂ ᠰᠤᠷᠤᠯᠴᠠᠯᠭ᠎ᠠ᠎ᠶᠢᠨ ᠠᠷᠭ᠎ᠠ ᠪᠠᠷᠢᠯ  ᠱᠢᠨᠵᠢᠯᠡᠬᠦ᠌ ᠤᠬᠠᠭᠠᠨᠴᠢ ᠪᠠᠢᠳᠠᠭ ᠶᠤᠮ ᠪᠤᠯ ᠬᠦᠴᠦ᠍ ᠪᠠᠭ᠎ᠠ ᠤᠷᠤᠭᠤᠯᠤᠭᠠᠳ ᠶᠡᠬᠡ ᠠᠮᠵᠢᠯᠳᠠ ᠪᠦᠳᠦᠮᠵᠢ ᠤᠯᠵᠤ ᠪᠤᠯᠤᠨ᠎ᠠ᠃ ᠬᠡᠷᠬᠢᠨ ᠰᠤᠷᠤᠯᠴᠠᠬᠤ ᠪᠤᠢ?  ᠭᠦᠨᠵᠡᠭᠡᠢ ᠰᠤᠷᠤᠯᠴᠠᠠ ᠨᠠᠷᠢᠨ ᠣᠬᠠᠪᠤᠷᠢᠯᠠᠵᠤ᠂ ᠲᠡᠷᠡ ᠶᠣᠰᠣᠭᠠᠷ ᠨᠢ ᠰᠤᠷᠤᠯᠴᠠᠬᠤ ᠵᠢ ᠳᠤᠪᠤᠢᠯᠭᠠᠵᠤ᠂ ᠵᠦᠢᠯ ᠵᠤᠷᠪᠤᠰ ᠳᠠᠷᠠᠭᠠᠯᠠᠨ᠂ ᠦᠭᠡ ᠦᠰᠦᠭ ᠳᠠᠷᠠᠭᠠᠯᠠᠨ ᠶᠡᠷᠦᠩᠬᠡᠢ ᠱᠦᠵᠢ᠎ᠶ᠋ᠢᠨ ᠴᠢᠬᠤᠯᠠ ᠥᠭᠦᠯᠡᠯᠲᠡ᠎ᠶ᠋ᠢ ᠰᠤᠷᠤᠯᠴᠠᠵᠦ᠍᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭ᠌ᠰᠢᠯᠡᠭᠦᠯᠵᠦ᠍᠂ ᠦᠵᠡᠯ ᠰᠠᠨᠠᠭᠠᠨ᠎ᠤ ᠬᠡᠯᠪᠡᠷᠢᠯ ᠎ᠢ ᠵᠠᠯᠠᠷᠠᠭᠤᠯᠬᠤ ᠬᠡᠷᠡᠭ᠌ᠲᠡᠢ; ᠪᠠᠢᠩᠭᠤ ᠰᠤᠷᠤᠯᠴᠠᠨ ᠪᠠᠢᠩᠭᠤ ᠰᠡᠳᠭᠢᠵᠦ᠍᠂ ᠥᠪᠡᠷ ᠪᠡᠶ᠎ᠡ᠎ᠶᠢᠨ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠲᠠᠷᠢᠬᠢᠨ᠎ᠳᠠᠭᠠᠨ ᠰᠢᠩᠭᠡᠵᠦ ᠰᠡᠳᠭᠢᠯ᠎ᠳᠡᠭᠡᠨ ᠬᠠᠳᠠᠩᠱᠢᠭᠤᠯᠵᠤ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠬᠦᠯᠵᠦ ᠦᠷ᠎ᠡ ᠪᠦᠲᠦᠮᠵᠢ ᠭᠠᠷᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ; ᠰᠤᠷᠤᠭ᠍ᠰᠠᠨ᠎ᠢᠶᠠᠨ ᠬᠡᠷᠡᠭ᠌ᠯᠡᠵᠦ᠍᠂ ᠰᠤᠷᠲᠠᠯ᠎ᠤᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ ᠳᠡᠭᠡᠷ᠎ᠡ ᠢᠯᠡᠷᠡᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠲᠠᠪᠤᠨ ᠶᠡᠬᠡ ᠡᠭᠦᠷᠭᠡ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ᠃

《ᠶᠣᠰᠣ᠎ᠶ᠋ᠢ ᠵᠢᠷᠤᠮᠯᠠᠨ ᠤᠷᠤᠭ᠍ᠰᠢᠯᠠᠵᠤ᠂ ᠲᠤᠳᠠᠭᠤ ᠲᠤᠷᠭᠤᠨ ᠬᠠᠶᠠᠵᠤ ᠪᠤᠯᠬᠤ ᠦᠭᠡᠢ; ᠤᠭ ᠰᠠᠨᠠᠭ᠎ᠠ ᠪᠠᠨ ᠪᠠᠷᠢᠮᠳᠠᠯᠠᠵᠤ᠂ ᠡᠴᠤᠰ ᠲᠤᠨᠢ ᠲᠤᠯᠳᠠᠯ᠎ᠠ ᠲᠡᠮᠡᠴᠡᠬᠦ ᠬᠡᠷᠡᠭᠳᠡᠢ》᠃ ᠭᠤᠢᠪᠢᠯᠵᠠᠬᠤ ᠦᠭᠡᠢ᠂ ᠰᠤᠯᠠᠷᠠᠭᠤᠯᠬᠤ ᠦᠭᠡᠢ᠂ ᠵᠣᠭ᠍ᠰᠣᠬᠤ ᠦᠭᠡᠢ᠂ ᠪᠠᠢᠩᠭᠤ ᠪᠠ ᠤᠷᠳᠤ ᠬᠤᠭᠤᠴᠠᠭ᠎ᠠ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ ᠪᠠᠢᠬᠤ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠠᠵᠢᠯ᠎ᠠᠮᠢᠳᠤᠷᠠᠯ᠎ᠤᠨ ᠡᠯ᠎ᠡ ᠲᠠᠯ᠎ᠠ᠂ ᠵᠢᠵᠢᠭ ᠰᠠᠵᠢᠭ ᠵᠦᠢᠯ ᠪᠤᠯᠭᠠᠨ᠎ᠳᠤ ᠲᠤᠭᠤᠰᠢᠯᠠᠭᠤᠯᠪᠠᠯ ᠪᠢᠳᠡ ᠯᠠᠪᠲᠠᠢ ᠲᠠᠪᠬᠤᠷ ᠲᠠᠪᠬᠤᠷ ᠳᠠᠪᠠᠭ᠎ᠠ᠎ᠶ᠋ᠢ ᠲᠤᠭᠤᠯᠵᠤ᠂ ᠬᠥᠭ᠌ᠵᠢᠯᠲᠡ᠎ᠶ᠋ᠢᠨ ᠠᠭᠤᠳᠠᠮ ᠵᠠᠢ ᠵᠢ ᠣᠯᠵᠤ᠂ ᠠᠵᠢᠯ ᠤᠢᠯᠡᠰ᠎ᠤᠨ ᠱᠢᠨ᠎ᠡ ᠠᠬᠤᠢ ᠪᠠᠢᠳᠠᠯ᠎ᠢ ᠪᠤᠢ ᠪᠤᠯᠭᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号