ᠡᠨᠡ ᠵᠢᠯ ᠤ᠋ᠨ 4 ᠰᠠᠷ᠎ᠠ ᠳ᠋ᠤ ᠮᠠᠨ ᠤ᠋ ᠤᠷᠤᠨ 《ᠨᠣᠭᠣᠭᠠᠷᠠᠭᠤᠯᠤᠯᠲᠠ ᠶ᠋ᠢ ᠬᠠᠮᠠᠭᠠᠯᠠᠬᠤ 2025》 ᠠᠵᠢᠯᠯᠠᠭ᠎ᠠ ᠶ᠋ᠢ ᠡᠬᠢᠯᠡᠭᠦᠯᠦᠭ᠌ᠰᠡᠨ ᠡᠴᠡ ᠣᠲᠣ ᠪᠣᠯᠲᠠᠯ᠎ᠠ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠤᠯ ᠱᠢᠪᠲᠤᠯᠤᠯᠲᠠ ᠵᠢᠨ ᠣᠷᠣᠨ ᠪᠠ ᠬᠠᠮᠵᠢᠯᠴᠠᠨ ᠠᠬᠢᠭᠤᠯᠬᠤ ᠣᠷᠣᠨ ᠤ᠋ ᠣᠶ ᠮᠣᠳᠣᠨ ᠤ᠋ ᠦᠷ᠎ᠡ ᠴᠢᠬᠢ ᠵᠢᠨ ᠱᠢᠯᠵᠢᠭᠦᠯᠦᠨ ᠲᠡᠭᠡᠭᠡᠪᠦᠷᠢᠯᠡᠬᠦ᠌ ᠬᠢᠵᠢᠭ ᠪᠠᠢᠴᠠᠭᠠᠬᠤ ᠡᠬᠡ ᠲᠠᠩᠰᠠ ᠶ᠋ᠢ ᠪᠠᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠭᠠᠵᠠᠷ ᠣᠷᠣᠨ ᠤ᠋ ᠦᠷ᠎ᠡ ᠴᠢᠬᠢ ᠵᠢᠨ ᠭᠠᠷᠤᠯᠲᠠ ᠵᠢᠨ ᠣᠷᠣᠨ ᠤ᠋ ᠬᠢᠵᠢᠭ ᠪᠠᠢᠴᠠᠭᠠᠬᠤ ᠨᠣᠷᠮ᠎ᠠ ᠶ᠋ᠢ 100%᠂ 《ᠤᠮᠠᠷᠠᠲᠤ ᠵᠢᠨ ᠭᠤᠷᠪᠠᠨ ᠤᠷᠤᠨ》 ᠤ᠋ ᠭᠤᠤᠯᠳᠠᠯᠭ᠎ᠠ ᠲᠠᠢ ᠲᠦᠷᠦᠯ ᠵᠦᠢᠯ ᠤ᠋ᠨ ᠦᠷ᠎ᠡ ᠴᠢᠬᠢ ᠵᠢᠨ ᠳᠠᠬᠢᠨ ᠪᠠᠢᠴᠠᠭᠠᠯᠲᠠ ᠵᠢᠨ ᠨᠤᠷᠮ᠎ᠠ ᠶ᠋ᠢ100% ᠳ᠋ᠤ ᠬᠦᠷᠭᠡᠪᠡ᠃
《ᠨᠣᠭᠣᠭᠠᠷᠠᠭᠤᠯᠤᠯᠲᠠ ᠶ᠋ᠢ ᠬᠠᠮᠠᠭᠠᠯᠠᠬᠤ》 ᠠᠵᠢᠯᠯᠠᠭ᠎ᠠ ᠵᠢᠨ ᠬᠤᠭᠤᠴᠠᠭᠠᠨ ᠳ᠋ᠤ᠂ ᠮᠠᠨ ᠤ᠋ ᠤᠷᠤᠨ ᠬᠢᠵᠢᠭ ᠪᠠᠢᠴᠠᠭᠠᠵᠤ ᠬᠠᠤᠯᠢ ᠬᠡᠷᠡᠭ᠌ᠵᠢᠭᠦᠯᠬᠦ᠌᠂ ᠡᠳᠦᠷ ᠲᠤᠲᠤᠮ ᠤ᠋ᠨ ᠬᠢᠨᠠᠨ ᠬᠡᠮᠵᠢᠯᠲᠡ᠂ ᠱᠢᠨᠵᠢᠯᠡᠬᠦ᠌ ᠤᠬᠠᠭᠠᠨᠴᠢ ᠪᠡᠷ ᠰᠡᠷᠭᠡᠢᠯᠡᠨ ᠵᠠᠰᠠᠬᠤ ᠵᠡᠷᠭᠡ ᠶ᠋ᠢ ᠦᠷᠭᠦᠯᠵᠢᠯᠡᠨ ᠴᠢᠩᠭᠠᠳᠭᠠᠨ᠂ ᠪᠥᠬᠥ᠌ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠬᠢᠨᠠᠨ ᠬᠡᠮᠵᠢᠬᠦ᠌ ᠰᠦᠯᠵᠢᠶᠡᠨᠦ ᠱᠢᠰᠲ᠋ᠧᠮ ᠳ᠋ᠤ ᠲᠦᠱᠢᠭ᠌ᠯᠡᠵᠤ᠂ ᠢᠨᠵᠧᠨᠧᠷᠢᠩ ᠤ᠋ᠨ ᠣᠷᠣᠨ ᠳ᠋ᠡᠬᠢ ᠬᠢᠨᠠᠨ ᠬᠡᠮᠵᠢᠬᠦ᠌ ᠥᠷᠲᠡᠭᠡ ᠴᠡᠭ ᠤ᠋ᠨ ᠦᠶ᠋ᠯᠡᠳᠦᠯ ᠢ᠋ ᠢᠳᠡᠪᠬᠢᠲᠡᠶ ᠪᠠᠳᠠᠷᠠᠭᠤᠯᠤᠨ᠂ ᠬᠦᠨᠳᠤ ᠴᠢᠬᠤᠯᠠ ᠬᠥᠨᠥᠭᠡᠯᠲᠤ ᠠᠮᠢᠳᠤ ᠪᠣᠳᠠᠰ ᠲᠤ᠌ ᠲᠤᠰᠭᠠᠶ ᠰᠡᠳᠦᠪᠲᠦ ᠬᠠᠨᠳᠤᠰᠢ ᠵᠢᠨ ᠲᠥᠰᠦᠭᠡᠯᠡᠯ ᠬᠢᠬᠦ᠌ ᠵᠢᠨ ᠬᠠᠮᠲᠤ ᠦᠶ᠋ᠯᠡᠳᠪᠦᠷᠢᠯᠡᠯ ᠤ᠋ᠨ ᠴᠢᠨᠠᠷᠲᠠᠶ ᠤᠷᠢᠳᠴᠢᠯᠠᠭ᠍ᠰᠠᠨ ᠮᠡᠳᠡᠭᠡ ᠶ᠋ᠢ ᠴᠠᠭ ᠲᠤᠬᠠᠶ ᠳ᠋ᠤᠨᠢ ᠨᠡᠢᠳᠡᠯᠡᠵᠤ᠂ ᠪᠥᠬᠥ᠌ ᠣᠷᠣᠨ ᠤ᠋ ᠡᠯ᠎ᠡ ᠭᠠᠵᠠᠷ ᠲᠤᠬᠠᠶ ᠵᠢᠨ ᠭᠠᠵᠠᠷ ᠣᠷᠣᠨ ᠤ᠋ ᠪᠠᠢᠳᠠᠯᠳᠠᠭᠠᠨ ᠳᠣᠭᠢᠷᠠᠭᠤᠯᠤᠨ᠂ ᠭᠤᠤᠯᠳᠠᠯᠭᠠᠲᠠᠶ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠤ᠋ᠨ ᠲᠤᠰᠭᠠᠶ ᠪᠠᠢᠴᠠᠭᠠᠯᠲᠠ ᠵᠢᠴᠢ ᠰᠡᠷᠭᠡᠢᠯᠡᠨ ᠵᠠᠰᠠᠬᠤ ᠠᠵᠢᠯ ᠢ᠋ ᠡᠮᠬᠢ ᠵᠢᠷᠤᠮᠲᠠᠶ ᠪᠡᠷ ᠥᠷᠨᠢᠭᠦᠯᠪᠡ᠃
ᠮᠠᠨᠤ ᠤᠷᠤᠨᠤ ᠵᠡᠭᠦᠨ ᠪᠡᠶ᠎ᠡ ᠵᠢᠨ ᠲᠠᠪᠤᠨ ᠠᠢᠮᠠᠭ ᠬᠣᠲᠠ ᠵᠢᠨ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠲᠣᠭ᠍ᠲᠠᠴᠠ ᠵᠢᠨ ᠰᠠᠭᠤᠷᠢᠨ ᠳᠡᠭᠡᠷ᠎ᠡ ᠪᠠᠷᠠᠭᠤᠨ ᠪᠡᠶ᠎ᠡ ᠵᠢᠨ ᠳᠥᠷᠪᠡᠨ ᠠᠢᠮᠠᠭ ᠬᠣᠲᠠ᠂ ᠳᠤᠮᠳᠠ ᠪᠡᠶ᠎ᠡ ᠵᠢᠨ ᠭᠤᠷᠪᠠᠨ ᠠᠢᠮᠠᠭ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠲᠣᠭ᠍ᠲᠠᠴᠠ ᠶ᠋ᠢ ᠲᠤᠰ ᠲᠤᠰ ᠪᠠᠢᠭᠤᠯᠵᠤ᠂ ᠪᠦᠬᠦ᠌ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠶ᠋ᠢ ᠪᠦᠬᠦᠨᠢ ᠪᠥᠷᠬᠥᠭᠦᠯᠬᠦ᠌ ᠶ᠋ᠢ ᠠᠯᠬᠤᠮ ᠠᠯᠬᠤᠮ ᠵᠢᠡᠷ ᠪᠡᠶᠡᠯᠡᠭᠦᠯᠦᠭᠰᠡᠨ ᠪᠠᠢᠨ᠎ᠠ᠃