ᠭᠦᠨᠵᠡᠭᠡᠢ ᠪᠠᠢᠴᠠᠭᠠᠨ ᠨᠠᠷᠢᠯᠢᠭ ᠬᠠᠷᠢᠴᠠᠭᠤᠯᠵᠤ ᠦᠨᠡᠨ ᠬᠦ᠌ ᠪᠤᠳᠠᠲᠠᠢᠵᠢᠭᠤᠯᠰᠤᠭᠠᠢ
2025-07-25 10:32:48
ᠵᠣᠬᠢᠶᠠᠭ᠍ᠴᠢ᠄
ᠥᠪᠥᠷ ᠮᠤᠩᠭᠤᠯ᠎ᠤᠨ ᠡᠳᠦᠷ᠎ᠶ᠋ᠢᠨ ᠰᠣᠨᠢᠨ ᠤ᠋ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠰᠤᠷᠲᠠᠯ ᠤ᠋ᠨ ᠪᠠᠢᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠲᠤᠬᠠᠶ ᠬᠣᠶᠠᠷᠲᠠ ᠥᠭᠦᠯᠡᠬᠦ᠌ ᠨᠢ

    

ᠠᠰᠠᠭᠤᠳᠠᠯ ᠢ᠋ᠶ᠋ᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠬᠤ ᠪᠣᠯ ᠮᠠᠨ ᠤ᠋ ᠨᠠᠮ ᠤ᠋ᠨ ᠴᠢᠬᠤᠯᠠ ᠰᠡᠳᠭᠢᠬᠦ᠌ ᠠᠷᠭ᠎ᠠ ᠪᠠ ᠠᠵᠢᠯᠯᠠᠬᠤ ᠠᠷᠭ᠎ᠠ ᠮᠥᠨ᠃ ᠰᠤᠷᠲᠠᠯ ᠤ᠋ᠨ ᠠᠰᠠᠭᠤᠳᠠᠯ ᠳᠠᠬᠢᠨ ᠳᠠᠪᠲᠠᠬᠤ ᠴᠢᠨᠠᠷ ᠪᠠ ᠮᠤᠵᠢᠭᠤᠳᠠ ᠴᠢᠨᠠᠷ ᠲᠠᠢ ᠪᠠᠢᠵᠤ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠨᠠᠢᠳᠠᠪᠤᠷᠢᠵᠢᠭᠤᠯᠬᠤ ᠪᠣᠯ ᠨᠢᠭᠡ ᠤᠳᠠᠭ᠎ᠠ ᠵᠢᠨ ᠪᠤᠭᠤᠮᠲᠠ ᠰᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠢᠯᠠᠯᠳᠤᠭᠠᠨ ᠮᠥᠨ᠃ ᠡᠭᠦᠷᠭᠡ ᠬᠡᠳᠦᠢ ᠬᠦᠨᠳᠦ ᠪᠣᠯᠬᠤ ᠲᠤᠳᠤᠮ ᠤᠯᠠᠮ ᠰᠠᠢ᠌ᠨ ᠰᠤᠷᠲᠠᠯ ᠢ᠋ᠶ᠋ᠡᠷ ᠰᠡᠳᠭᠢᠯ ᠨᠢᠭᠡᠳᠤᠨ ᠬᠦᠴᠦ᠍ ᠪᠠᠨ ᠬᠠᠮᠲᠤᠳᠭᠠᠵᠤ᠂ ᠬᠥᠭ᠌ᠵᠢᠯᠲᠡ ᠵᠢ ᠠᠬᠢᠭᠤᠯᠤᠨ᠂ ᠤᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤ᠋ᠨ ᠠᠰᠠᠭᠤᠳᠠᠯ ᠢ᠋ ᠴᠡᠭ᠌ᠴᠡᠯᠡᠨ ᠵᠠᠰᠠᠬᠤ ᠵᠢ ᠭᠦᠨᠵᠡᠭᠡᠢᠷᠡᠭᠦᠯᠦᠨ ᠠᠬᠢᠭᠤᠯᠵᠤ᠂ ᠲᠠᠰᠤᠷᠠᠯᠳᠠ ᠦᠭᠡᠢ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠢ᠃

ᠰᠤᠷᠲᠠᠯ ᠤ᠋ᠨ ᠲᠠᠯ᠎ᠠ ᠪᠡᠷ ᠬᠢ ᠠᠰᠠᠭᠤᠳᠠᠯ ᠶᠡᠷᠦ᠍ ᠨᠢ ᠦᠵᠡᠯ ᠰᠠᠨᠠᠭ᠎ᠠ ᠤᠷᠤᠭᠤᠳᠠᠬᠤ ᠡᠴᠡ ᠡᠬᠢᠯᠡᠳᠡᠭ᠃ ᠭᠡᠷ ᠦᠷᠦᠭᠡ ᠪᠠᠨ ᠦᠷᠭᠦᠯᠵᠢ ᠴᠡᠪᠡᠷᠯᠡᠬᠦ  ᠬᠡᠷᠡᠭᠳᠡᠢ ᠪᠠᠢᠳᠠᠭ ᠲᠠᠢ ᠠᠳᠠᠯᠢ ᠪᠡᠷ ᠦᠵᠡᠯ ᠰᠠᠨᠠᠭ᠎ᠠ ᠪᠠᠨ ᠴᠦ᠍ ᠴᠠᠭ ᠲᠤᠬᠠᠶ ᠳ᠋ᠤᠨᠢ ᠠᠷᠢᠭᠤᠰᠬᠠᠵᠤ ᠪᠠᠢᠬᠤ  ᠬᠡᠷᠡᠭ᠌ᠲᠡᠶ᠃ ᠭᠠᠭ᠍ᠴᠠ ᠬᠦ᠌ ᠦᠵᠡᠯ ᠰᠠᠨᠠᠭᠠᠨ ᠤ᠋ ᠦᠨᠳᠦᠰᠦ ᠰᠤᠷᠪᠤᠯᠵᠢ ᠵᠢ ᠭᠦᠨ ᠠᠭᠤᠳᠠᠯᠵᠤ᠂ ᠦᠵᠡᠯ ᠰᠠᠨᠠᠭᠠᠨ ᠤ᠋ ᠦᠨᠳᠦᠰᠦ ᠰᠤᠷᠪᠤᠯᠵᠢ ᠶ᠋ᠢᠨ ᠠᠰᠠᠭᠤᠳᠠᠯ ᠢ᠋ ᠶᠡᠬᠡ ᠪᠡᠷ ᠵᠢᠭ᠍ᠰᠠᠭᠠᠨ ᠪᠠᠢᠴᠠᠭᠠᠵᠤ᠂ ᠶᠡᠬᠡ ᠪᠡᠷ ᠵᠠᠰᠠᠨ᠂ ᠶᠡᠬᠡ ᠪᠡᠷ ᠠᠷᠢᠯᠭᠠᠵᠤ᠂ 《ᠡᠪᠡᠳᠴᠢᠨ ᠤ᠋ ᠦᠨᠳᠦᠰᠦ》 ᠵᠢ ᠣᠨᠣᠪᠴᠢᠲᠠᠶ ᠡᠷᠢᠵᠦ᠍ ᠣᠯᠪᠠᠯ ᠰᠠᠶᠢ 《ᠡᠪᠡᠳᠴᠢᠨ》 ᠢ᠋ ᠲᠤᠢᠯᠪᠤᠷᠢᠲᠠᠶ ᠵᠠᠰᠠᠵᠤ ᠴᠢᠳᠠᠳᠠᠭ᠃ ᠨᠠᠮ ᠤ᠋ᠨ ᠭᠡᠱᠢᠭᠦᠨ ᠺᠠᠳ᠋ᠷᠴᠤᠳ ᠲᠥᠪ ᠤ᠋ᠨ ᠨᠠᠢ᠍ᠮᠠᠨ ᠲᠣᠭ᠍ᠲᠠᠭᠠᠯ ᠵᠢᠴᠢ ᠲᠡᠭᠦᠨ ᠢ᠋ ᠬᠡᠷᠡᠭ᠌ᠵᠢᠭᠦᠯᠬᠦ᠌ ᠨᠠᠷᠢᠨ ᠲᠦᠷᠢᠮ ᠤ᠋ᠨ ᠵᠣᠷᠢᠭ ᠰᠠᠨᠠᠭ᠎ᠠ ᠪᠡᠷ ᠪᠠᠷᠢᠮᠵᠢᠶ᠎ᠠ ᠪᠤᠯᠭᠠᠵᠤ᠂ ᠨᠠᠮ ᠤ᠋ᠨ ᠰᠤᠷᠲᠠᠯ ᠤ᠋ᠨ ᠱᠠᠭᠠᠷᠳᠠᠯᠭ᠎ᠠ ᠲᠠᠢ ᠪᠠᠷᠢᠮᠵᠢᠶᠠᠯᠠᠨ ᠵᠥᠷᠢᠶ᠎ᠡ ᠪᠠᠨ ᠡᠷᠢᠵᠦ᠍᠂ ᠨᠠᠮᠴᠢ ᠴᠢᠨᠠᠷ ᠤ᠋ᠨ ᠱᠠᠭᠠᠷᠳᠠᠯᠭ᠎ᠠ ᠲᠠᠢ ᠬᠠᠷᠭᠤᠭᠤᠯᠤᠨ ᠦᠨᠳᠦᠰᠦ ᠰᠤᠷᠪᠤᠯᠵᠢ ᠵᠢ ᠪᠠᠢᠴᠠᠭᠠᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠱᠠᠭᠠᠷᠳᠠᠯᠭ᠎ᠠ ᠲᠠᠢ ᠬᠠᠷᠢᠴᠠᠭᠤᠯᠤᠨ ᠠᠷᠭ᠎ᠠ ᠬᠡᠮᠵᠢᠶ᠎ᠡ ᠵᠢ ᠲᠣᠳᠣᠷᠬᠠᠢᠯᠠᠵᠤ᠂ ᠦᠵᠡᠯ ᠰᠠᠨᠠᠭ᠎ᠠ ᠰᠤᠯᠠᠷᠠᠭ᠍ᠰᠠᠨ ᠡᠰᠡᠬᠦ᠌᠂ ᠰᠤᠷᠲᠠᠯ ᠬᠥᠪᠰᠥᠭᠡᠷ ᠪᠤᠯᠤᠬᠰᠠᠨ ᠡᠰᠡᠬᠦ᠂ ᠦᠢᠯᠡ ᠠᠵᠢᠯᠯᠠᠭ᠎ᠠ ᠥᠭᠡᠷᠡᠲᠦᠭ᠌ᠰᠡᠨ ᠡᠰᠡᠬᠦ᠌ ᠪᠠᠨ ᠪᠠᠢᠴᠠᠭᠠᠵᠤ᠂ ᠨᠠᠷᠢᠨ ᠪᠠᠢᠴᠠᠭᠠᠨ ᠭᠦᠨᠵᠡᠭᠡᠢ ᠵᠠᠯᠠᠷᠠᠭᠤᠯᠵᠤ᠂ ᠤᠭ ᠦᠨᠳᠦᠰᠦ ᠵᠢ ᠨᠢ ᠤᠬᠤᠴᠢᠯᠠᠨ ᠢᠯᠡᠷᠡᠭᠦᠯᠵᠦ᠂ ᠪᠣᠳᠠᠲᠠᠢ ᠬᠡᠷᠡᠭ ᠤ᠋ᠨ ᠳᠤᠮᠳᠠ ᠬᠥᠮᠦᠨ ᠤᠴᠢᠷ ᠶᠠᠪᠤᠳᠠᠯ ᠦᠵᠡᠯ ᠰᠠᠨᠠᠭ᠎ᠠ ᠶ᠋ᠢᠨ ᠪᠤᠳᠠᠳᠤ ᠪᠠᠢᠳᠠᠯ ᠢ᠋ ᠪᠠᠢᠴᠠᠭᠠᠨ ᠢᠯᠡᠷᠡᠭᠦᠯᠬᠦ ᠬᠡᠷᠡᠭ᠌ᠲᠡᠢ᠃

ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠪᠣᠯᠤᠭ᠍ᠰᠠᠨ ᠤ᠋ ᠬᠤᠪᠢ ᠳ᠋ᠤ᠂ ᠥᠪᠥᠷ ᠮᠣᠩᠭᠣᠯ ᠎ᠳᠤ ᠨᠠᠮ ᠤ᠋ᠨ ᠲᠥᠪ ᠬᠣᠷᠢᠶ᠎ᠠ ᠡᠴᠡ ᠴᠥᠭᠡᠨ ᠪᠤᠰᠤ ᠣᠨᠴᠠᠭᠠᠶ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠦᠵᠡᠭᠦᠯᠵᠡᠶ᠂ ᠭᠡᠪᠡᠴᠦ᠍ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠳ᠋ᠤ ᠣᠨᠴᠠᠭᠠᠶ ᠣᠷᠣᠨ ᠪᠠᠢᠬᠤ ᠥᠬᠡᠶ᠂ ᠪᠢᠳᠡ ᠰᠤᠷᠲᠠᠯ ᠤ᠋ᠨ ᠪᠠᠢᠭᠤᠯᠤᠯᠲᠠ ᠶ᠋ᠢᠨ ᠲᠠᠯ᠎ᠠ ᠪᠡᠷ ᠶᠠᠭᠠᠬᠢᠭ᠍ᠰᠠᠨ ᠴᠤ᠌ ᠣᠨᠴᠠᠭᠠᠢᠷᠠᠵᠤ ᠪᠣᠯᠬᠤ ᠥᠬᠡᠶ᠂ ᠭᠠᠵᠠᠷ ᠣᠷᠣᠨ᠂ ᠠᠭᠤᠷ ᠠᠮᠢᠰᠭᠤᠯ᠂ ᠵᠠᠩ ᠳᠠᠳᠭᠠᠯ ᠢ᠋ᠶ᠋ᠡᠷ ᠱᠢᠯᠲᠠᠭ ᠪᠣᠯᠭᠠᠨ ᠣᠨᠴᠠᠭᠠᠢᠷᠠᠵᠤ ᠶᠠᠭᠠᠬᠢᠭ᠍ᠰᠠᠨ ᠴᠤ᠌ ᠪᠣᠯᠬᠤ ᠥᠬᠡᠶ᠂ 《ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠣᠨᠴᠠᠭᠠᠶ ᠣᠨᠣᠯ》᠂ 《ᠬᠠᠬᠢᠷ ᠬᠦᠶ᠋ᠲᠡᠨ ᠭᠠᠵᠠᠷ ᠣᠷᠣᠨ ᠤ᠋ ᠣᠨᠴᠠᠭᠠᠶ ᠣᠨᠣᠯ》 ᠭᠡᠬᠦ᠌ ᠪᠤᠷᠤᠭᠤ ᠲᠠᠨᠢᠯᠲᠠ ᠲᠠᠢ ᠪᠠᠢᠵᠤ ᠶᠠᠭᠠᠬᠢᠭ᠍ᠰᠠᠨ ᠴᠤ᠌ ᠪᠣᠯᠬᠤ ᠥᠬᠡᠶ᠃ ᠨᠠᠮ ᠤ᠋ᠨ ᠭᠡᠱᠢᠭᠦᠨ ᠺᠠᠳ᠋ᠷᠴᠤᠳ ᠰᠠᠬᠢᠯᠭ᠎ᠠ ᠪᠠᠲᠤ ᠶᠣᠰᠣ ᠲᠦᠷᠢᠮ ᠢ᠋ ᠵᠥᠷᠢᠴᠡᠭᠦ ᠣᠨᠴᠠᠭᠠᠢ ᠡᠷᠬᠡ ᠶ᠋ᠢᠨ ᠦᠵᠡᠯ ᠰᠠᠨᠠᠭ᠎ᠠ᠂ ᠣᠨᠴᠠᠭᠠᠢ ᠡᠷᠬᠡ ᠶ᠋ᠢᠨ ᠦᠵᠡᠭ᠌ᠳᠡᠯ ᠲᠠᠢ ᠡᠷᠡᠰ ᠲᠡᠮᠡᠴᠡᠯ ᠬᠢᠵᠦ᠍᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠵᠢ ᠪᠤᠢ ᠪᠣᠯᠭᠠᠬᠤ ᠬᠡᠷᠡᠭ᠌ᠲᠡᠢ᠃ ᠲᠣᠭ᠍ᠲᠠᠭᠠᠯ ᠡᠴᠡ ᠵᠥᠷᠢᠴᠡᠨ ᠢᠳᠡᠵᠦ᠍ ᠤᠤᠭᠤᠬᠤ ᠵᠢ ᠡᠷᠡᠰ ᠲᠡᠪᠴᠢᠵᠦ᠂ ᠶᠠᠭᠤ ᠬᠡᠵᠦ 《ᠲᠣᠭ᠍ᠲᠠᠭᠠᠭᠰᠠᠨ》 ᠢ᠋ ᠲᠤᠭᠤᠰᠢᠳᠠᠢ ᠮᠡᠳᠡᠵᠦ᠂ ᠬᠠᠮᠢᠭ᠎ᠠ ᠨᠢ 《ᠵᠥᠷᠢᠴᠡᠵᠤ》 ᠪᠠᠢᠬᠤ ᠵᠢ ᠲᠣᠳᠣᠷᠬᠠᠶ ᠣᠢᠯᠠᠭᠠᠵᠤ᠂ ᠬᠠᠭᠤᠴᠢᠨ ᠶᠣᠰᠣ ᠪᠦᠳᠦᠭᠦᠯᠢᠭ ᠳᠠᠳᠭᠠᠯ ᠢ᠋ ᠡᠷᠡᠰ ᠡᠰᠡᠷᠭᠦᠴᠡᠨ ᠬᠣᠷᠢᠭ᠍ᠯᠠᠵᠤ᠂ ᠱᠢᠨ᠎ᠡ ᠰᠤᠷᠲᠠᠯ ᠲᠥᠪ ᠰᠤᠷᠲᠠᠯ ᠢ᠋ ᠪᠠᠳᠠᠷᠠᠭᠤᠯᠤᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ ᠪᠡᠷ ᠪᠦᠲᠦᠭᠡᠨ ᠪᠠᠢᠭᠤᠯᠬᠤ ᠵᠢ ᠲᠠᠯ᠎ᠠ ᠪᠣᠯᠭᠠᠨ ᠳ᠋ᠤ ᠢᠯᠡᠷᠡᠭᠦᠯᠬᠦ᠌ ᠬᠡᠷᠡᠭ᠌ᠲᠡᠶ᠃

ᠠᠰᠠᠭᠤᠳᠠᠯ ᠲᠠᠢ ᠪᠠᠢᠬᠤ ᠨᠢ ᠠᠶᠤᠮᠱᠢᠭ᠍ᠲᠠᠢ ᠪᠢᠰᠢ᠂ ᠬᠡᠢ ᠬᠤᠭᠤᠰᠤᠨ ᠶᠣᠰᠣ ᠶᠠᠷᠢᠵᠤ ᠱᠢᠢᠳᠪᠦᠷᠢᠯᠡᠬᠦ᠌ ᠦᠭᠡᠢ ᠪᠠᠢᠬᠤ ᠨᠢ ᠠᠶᠤᠮᠰᠢᠬᠲᠠᠢ᠃ ᠡᠯ᠎ᠡ ᠱᠠᠲᠤᠨ ᠤ᠋ ᠤᠳᠤᠷᠢᠳᠭᠤ ᠺᠠᠳ᠋ᠷᠴᠤᠳ ᠳᠠᠭᠤᠷᠢᠶᠠᠯ ᠦᠵᠡᠭᠦᠯᠤᠨ᠂ ᠲᠦᠷᠦᠭᠦᠯᠡᠨ ᠬᠢᠵᠦ᠍᠂ ᠲᠦᠷᠦᠭᠦᠯᠡᠨ ᠠᠳᠭᠤᠵᠤ᠂ 《ᠤᠳᠠᠭᠠᠨ ᠪᠦᠳᠦᠭᠦᠯᠢᠭ ᠬᠡᠢᠰᠪᠦᠷᠢ》 ᠵᠢᠨ ᠠᠰᠠᠭᠤᠳᠠᠯ ᠢ᠋ ᠱᠢᠢᠳᠪᠦᠷᠢᠯᠡᠬᠦ᠌᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ 《ᠨᠢᠭᠡ ᠠᠵᠢᠯ ᠤ᠋ᠨ ᠪᠠᠢᠷᠢ ᠵᠢᠨ ᠬᠣᠤᠰ ᠬᠠᠷᠢᠭᠤᠴᠠᠯᠭ᠎ᠠ》 ᠵᠢ ᠭᠦᠢᠴᠡᠳᠭᠡᠬᠦ᠌ ᠵᠡᠷᠭᠡ ᠲᠠᠯ᠎ᠠ ᠪᠠᠷ ᠰᠠᠢ᠌ᠨ ᠳᠠᠭᠤᠷᠢᠶᠠᠯ ᠦᠵᠡᠭᠦᠯᠬᠦ ᠬᠡᠷᠡᠭ᠌ᠲᠡᠢ᠃ ᠣᠷᠣᠨ ᠳᠠᠶᠠᠭᠠᠷ ᠢ᠋ᠶ᠋ᠡᠨ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠠᠵᠢᠯ ᠤ᠋ᠨ ᠰᠤᠷᠲᠠᠯ ᠢ᠋ ᠪᠠᠲᠤ ᠪᠤᠢ ᠪᠣᠯᠭᠠᠵᠤ᠂ ᠢᠮᠠᠭ᠍ᠲᠠ ᠲᠤᠭᠤᠱᠢᠯᠠᠭᠤᠯᠬᠤ᠂ ᠴᠥᠬᠥᠷᠡᠰᠢ ᠦᠭᠡᠢ ᠪᠠᠷᠢᠮᠲᠠᠯᠠᠬᠤ ᠲᠡᠰᠪᠦᠷᠢ ᠪᠣᠯᠤᠨ ᠳᠠᠭᠠᠭᠠᠮᠠᠭᠠᠢ ᠵᠣᠷᠢᠭ ᠢ᠋ᠶ᠋ᠡᠷ ᠴᠡᠭ᠌ᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠶᠠᠷᠰᠢᠭ ᠲᠦᠪᠡᠭ ᠲᠠᠢ ᠵᠦᠢᠯᠡᠰ ᠢ᠋ ᠠᠷᠢᠯᠭᠠᠨ ᠦᠨᠳᠤᠰᠤᠨ ᠱᠠᠳᠤᠨ ᠤ᠋ ᠳᠠᠷᠤᠭᠠᠰᠤ ᠵᠢ ᠬᠥᠩᠭᠡᠷᠡᠭᠦᠯᠵᠦ᠍᠂ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠵᠦ᠍᠂ ᠡᠯ᠎ᠡ ᠬᠦᠷᠢᠶᠡᠨ ᠳ᠋ᠤ ᠲᠦᠷᠭᠡᠬᠡᠨ ᠦᠷ᠎ᠡ ᠪᠦᠲᠦᠭᠡᠯ ᠭᠠᠷᠭᠠᠵᠤ᠂ ᠰᠠᠢ᠌ᠨ ᠦᠷ᠎ᠡ ᠪᠦᠲᠦᠭᠡᠯ ᠤᠯᠬᠤ ᠵᠢ ᠠᠬᠢᠭᠤᠯᠵᠤ᠂ ᠥᠷᠭᠡᠨ ᠤᠯᠠᠨ ᠲᠦᠮᠡᠨ ᠳ᠋ᠤ ᠦᠨᠡᠨ ᠪᠣᠳᠠᠲᠠᠢ ᠱᠢᠨ᠎ᠡ ᠬᠤᠪᠢᠷᠠᠯᠲᠠ᠂ ᠱᠢᠨ᠎ᠡ ᠳᠦᠷᠰᠦ ᠪᠠᠢᠳᠠᠯ ᠢ᠋ ᠦᠵᠡᠭᠦᠯᠬᠦ᠌ ᠬᠡᠷᠡᠭ᠌ᠲᠡᠢ᠃

ᠰᠤᠷᠲᠠᠯ ᠤ᠋ᠨ ᠪᠠᠢᠭᠤᠯᠤᠯᠲᠠ ᠶ᠋ᠢᠨ ᠪᠤᠤᠬᠢᠶ᠎ᠠ ᠤᠷᠤᠯᠳᠤᠭᠠᠨ ᠢ᠋ ᠰᠠᠢᠲᠤᠷ ᠬᠢᠬᠦ᠌ ᠳ᠋ᠤ ᠨᠢᠭᠡ ᠯᠡ ᠳᠡᠭᠡᠷ᠎ᠡ ᠱᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠤᠷᠴᠤ ᠪᠤᠯᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠪᠦᠳᠦᠴᠢᠬᠡᠬᠦ᠌ ᠶᠠᠪᠤᠳᠠᠯ ᠪᠢᠰᠢ ᠮᠥᠷᠲᠡᠭᠡᠨ ᠳᠦᠳᠡ ᠵᠠᠮ ᠴᠤ᠌ ᠪᠠᠢᠬᠤ ᠦᠬᠡᠢ ᠶᠤᠮ᠃ ᠢᠳᠡᠪᠬᠢ ᠤᠪᠤᠷ ᠲᠠᠢ ᠪᠠᠢᠵᠤ᠂ ᠪᠣᠳᠠᠲᠠᠢ ᠠᠵᠢᠯᠯᠠᠬᠤ ᠪᠠᠢᠳᠠᠯ ᠢ᠋ ᠪᠠᠷᠢᠮᠲᠠᠯᠠᠨ᠂ ᠡᠷᠡᠮᠡᠬᠡᠢᠯᠡᠨ ᠭᠠᠪᠱᠢᠭᠠᠢᠯᠠᠵᠤ ᠪᠠᠢᠭ᠎ᠠ ᠪᠠᠢᠳᠠᠯ ᠢ᠋ ᠪᠠᠳᠤᠯᠠᠵᠤ᠂ ᠰᠠᠢ᠌ᠨ ᠰᠤᠷᠲᠠᠯ ᠢ᠋ ᠨᠡᠩ ᠬᠦᠴᠦᠷᠬᠡᠭ ᠶᠡᠬᠡ ᠲᠠᠢ᠌ᠴᠢᠨ ᠬᠦᠴᠦᠨ᠂ ᠠᠬᠢᠭᠤᠯᠬᠤ ᠬᠦᠴᠦᠨ ᠪᠠ ᠨᠢᠭ᠍ᠲᠠᠷᠠᠭᠤᠯᠬᠤ ᠬᠦᠴᠦᠨ ᠪᠣᠯᠭᠠᠪᠠᠯ ᠥᠪᠥᠷ ᠮᠣᠩᠭᠣᠯ ᠯᠠᠪᠲᠠᠢ ᠱᠢᠨ᠎ᠡ ᠬᠥᠭ᠌ᠵᠢᠯᠲᠡ ᠲᠠᠢ ᠪᠤᠯᠵᠤ᠂ ᠱᠢᠨ᠎ᠡ ᠳᠠᠪᠠᠯᠲᠠ ᠵᠢ ᠪᠡᠶᠡᠯᠡᠭᠦᠯᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号