2025 ᠣᠨ᠎ᠤ ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠶᠠᠪᠤᠭᠳᠠᠵᠠᠢ
2025-07-29 10:16:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠡᠴᠡ ᠭᠣᠣᠯᠯᠠᠨ ᠡᠷᠭᠢᠯᠡᠭᠰᠡᠨ 2025 ᠣᠨ᠎ᠤ ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠲᠦᠷᠦᠬᠦᠬᠡᠨ ᠬᠥᠬᠡᠬᠣᠲᠠ᠎ᠳᠤ ᠶᠠᠪᠤᠭᠳᠠᠪᠠ᠃ ᠭᠠᠳᠠᠭᠠᠳᠤ ᠎ᠶᠢᠨ 12 ᠶᠡᠬᠡ ᠰᠤᠷᠭᠠᠭᠤᠯᠢ ᠪᠠ ᠤᠯᠤᠰ᠎ᠤᠨ ᠳᠣᠲᠣᠭᠠᠳᠤ᠎ᠶᠢᠨ 27 ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ 100 ᠭᠠᠷᠤᠢ ᠡᠷᠳᠡᠮᠲᠡᠨ ᠤᠷᠢᠯᠭ᠎ᠠ᠎ᠪᠠᠷ ᠬᠤᠷᠠᠯ᠎ᠳᠤ ᠣᠷᠣᠯᠴᠠᠵᠠᠢ᠃

ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠴᠢᠩᠬᠤᠸᠠ ᠶᠡᠬᠡ ᠰᠤᠷᠭᠠᠭᠤᠯᠢ᠎ᠶᠢᠨ ᠫᠷᠤᠹᠧᠰᠰᠤᠷ ᠱᠧᠨ ᠸᠧᠢ ᠷᠦᠩ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠫᠷᠤᠹᠧᠰᠰᠤᠷ ᠴᠣᠭ᠍ᠵᠢᠨ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠤᠳᠤᠯᠤᠭ᠍ᠴᠢ ᠤᠯᠠᠭᠠᠨ᠂ ᠯᠤᠨᠳᠤᠨ ᠶᠡᠬᠡ ᠰᠤᠷᠭᠠᠭᠤᠯᠢ᠎ᠶᠢᠨ ᠫᠷᠤᠹᠧᠰᠰᠤᠷ ᠷᠠᠷᠰ·ᠯᠤᠤᠮᠠᠨ ᠨᠠᠷ ᠭᠤᠤᠯ ᠰᠡᠳᠦᠪᠳᠤ ᠮᠡᠳᠡᠬᠦᠯᠦᠯᠳᠡ ᠬᠢᠪᠡ᠃ ᠰᠤᠳᠤᠯᠤᠨ ᠶᠠᠷᠢᠯᠴᠠᠬᠤ ᠬᠤᠷᠠᠯ ᠨᠢ 《ᠡᠸᠦ᠋ᠷᠦᠫᠡ ᠠᠽᠢᠶ᠎ᠠ᠎ᠶᠢᠨ ᠡᠷᠲᠡᠨ᠎ᠦ ᠰᠣᠩᠭᠣᠳᠠᠭ ᠰᠤᠳᠤᠯᠤᠯ ᠬᠢᠭᠡᠳ ᠪᠣᠯᠪᠠᠰᠤᠨ ᠵᠢᠡᠨ ᠬᠠᠷᠢᠯᠴᠠᠨ ᠳᠤᠯᠢ ᠪᠤᠯᠭᠠᠬᠤ》᠂ 《ᠶᠤᠸᠠᠨ ᠮᠢᠩ ᠴᠢᠩ ᠤᠯᠤᠰ᠎ᠤᠨ ᠲᠡᠦᠬᠡ ᠬᠢᠭᠡᠳ ᠣᠯᠠᠨ ᠦᠨᠳᠦᠰᠦᠲᠡᠨ᠎ᠦ ᠰᠣᠯᠢᠯᠴᠠᠭᠠᠨ᠎ᠤ ᠲᠡᠦᠬᠡ》᠂ 《ᠮᠣᠩᠭᠣᠯ ᠲᠥᠪᠡᠳ᠎ᠦᠨ ᠰᠣᠶᠣᠯ ᠬᠢᠭᠡᠳ ᠪᠤᠷᠬᠠᠨ ᠱᠠᠰᠢᠨ᠎ᠤ ᠲᠡᠦᠬᠡ》᠂ 《ᠣᠯᠠᠨ ᠬᠡᠯᠡᠨ᠎ᠦ ᠰᠤᠷᠪᠤᠯᠵᠢ ᠪᠢᠴᠢᠭ ᠬᠢᠭᠡᠳ ᠬᠡᠯᠡ ᠤᠳᠬ᠎ᠠ ᠵᠣᠬᠢᠶᠠᠯ》 ᠵᠡᠷᠭᠡ ᠰᠡᠳᠦᠪ ᠵᠢᠡᠷ ᠲᠦᠷᠪᠡᠨ ᠳᠤᠭᠤᠢᠯᠠᠩ ᠬᠤᠪᠢᠶᠠᠵᠤ᠂ ᠦᠨᠳᠦᠰᠦᠲᠡᠨ᠎ᠦ ᠡᠷᠲᠡᠨ᠎ᠦ ᠰᠣᠩᠭᠣᠳᠠᠭ ᠰᠤᠳᠤᠯᠤᠯ᠎ᠤᠨ ᠤᠨᠤᠯ ᠬᠢᠭᠡᠳ ᠦᠢᠯᠡᠳᠦᠯᠭᠡ᠂ ᠠᠵᠠ ᠲᠣᠬᠢᠶᠠᠯ ᠬᠢᠭᠡᠳ ᠥᠷᠢᠰᠦᠯᠳᠦᠭᠡᠨ᠎ᠦ ᠲᠣᠭᠣᠷᠢᠨ᠎ᠳᠤ ᠭᠦᠨᠵᠡᠭᠡᠢ ᠪᠥᠭᠡᠳ ᠪᠦᠲᠦᠭᠡᠯᠴᠢ ᠴᠢᠨᠠᠷᠲᠠᠢ ᠰᠤᠳᠤᠯᠤᠨ ᠶᠠᠷᠢᠯᠴᠠᠵᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ᠂ ᠳᠤᠮᠳᠠᠳᠤ ᠤᠯᠤᠰ᠎ᠤᠨ ᠬᠡᠪ ᠨᠠᠮᠪᠠ᠎ᠲᠠᠢ᠂ ᠳᠤᠮᠳᠠᠳᠤ ᠤᠯᠤᠰ᠎ᠤᠨ ᠲᠦᠷᠢ ᠲᠦᠷᠬᠦ ᠵᠢ ᠢᠯᠡᠷᠡᠬᠦᠯᠦᠭᠰᠡᠨ ᠦᠨᠳᠦᠰᠦᠲᠡᠨ᠎ᠦ ᠡᠷᠲᠡᠨ᠎ᠦ ᠰᠣᠩᠭᠣᠳᠠᠭ ᠰᠤᠳᠤᠯᠤᠯ᠎ᠤᠨ ᠰᠢᠨᠵᠢᠯᠡᠭᠡᠨ᠎ᠦ ᠰᠠᠯᠠᠭ᠎ᠠ᠎ᠶᠢᠨ ᠰᠢᠰᠲᠧᠮ᠂ ᠡᠷᠳᠡᠮ ᠰᠢᠨᠵᠢᠯᠡᠭᠡᠨ᠎ᠦ ᠰᠢᠰᠲᠧᠮ᠂ ᠦᠭᠡ ᠶᠠᠷᠢᠶᠠᠨ᠎ᠤ ᠰᠢᠰᠲᠧᠮ᠎ᠢ ᠪᠠᠶ᠋ᠢᠭᠤᠯᠬᠤ᠎ᠳᠤ ᠬᠠᠮᠲᠤ᠎ᠪᠠᠷ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠪᠡ᠃

ᠣᠢᠯᠠᠭᠠᠭᠰᠠᠨ᠎ᠢᠶᠠᠷ᠂ ᠦᠨᠳᠦᠰᠦᠲᠡᠨ᠎ᠦ ᠡᠷᠲᠡᠨ᠎ᠦ ᠰᠣᠩᠭᠣᠳᠠᠭ ᠰᠤᠳᠤᠯᠤᠯ ᠪᠣᠯ ᠳᠤᠮᠳᠠᠳᠤ ᠤᠯᠤᠰ᠎ᠤᠨ ᠡᠷᠲᠡᠨ᠎ᠦ ᠰᠣᠩᠭᠣᠳᠠᠭ ᠰᠤᠳᠤᠯᠤᠯ᠎ᠳᠠᠬᠢ ᠬᠢᠯᠢ ᠬᠢᠵᠠᠭᠠᠷ᠎ᠤᠨ ᠦᠨᠳᠦᠰᠦᠲᠡᠨ᠎ᠨᠦᠭᠦᠳ᠎ᠦᠨ ᠬᠡᠷᠡᠯ ᠰᠠᠴᠤᠷᠠᠩᠭᠤᠢ ᠰᠣᠶᠣᠯ ᠬᠢᠭᠡᠳ ᠥᠪᠡᠷᠮᠢᠴᠡ ᠪᠣᠯᠪᠠᠰᠤᠨ᠎ᠢ ᠲᠤᠰᠬᠠᠢᠯᠠᠨ ᠰᠤᠳᠤᠯᠬᠤ ᠬᠦᠷᠢᠶ᠎ᠡ ᠪᠣᠯᠣᠨ᠎ᠠ᠃ ᠢᠯᠡ ᠲᠣᠳᠣ᠌ ᠬᠢᠯᠢ ᠬᠢᠵᠠᠭᠠᠷ᠎ᠤᠨ ᠣᠨᠴᠠᠯᠢᠭ᠋᠎ᠲᠠᠢ ᠬᠠᠮ ᠬᠡᠯᠪᠡᠷᠢ᠎ᠶᠢᠨ ᠰᠣᠶᠣᠯ ᠢᠷᠭᠡᠨᠰᠢᠯ᠎ᠦᠨ ᠰᠢᠨᠵᠢᠯᠡᠭᠡᠨ᠎ᠦ ᠳᠡᠭᠡᠳᠦ ᠲᠡᠰ᠎ᠤᠨ ᠲᠠᠪᠴᠠᠩ᠎ᠢ ᠪᠠᠶ᠋ᠢᠭᠤᠯᠬᠤ᠎ᠶᠢᠨ ᠲᠥᠯᠥᠭᠡ ᠥᠪᠥᠷ ᠮᠣᠩᠭᠣᠯ᠎ᠤᠨ ᠶᠡᠬᠡ ᠰᠤᠷᠭᠠᠭᠤᠯᠢ ᠬᠢᠯᠢ ᠬᠢᠵᠠᠭᠠᠷ᠎ᠤᠨ ᠣᠨᠴᠠᠯᠢᠭ᠋᠎ᠲᠠᠭᠠᠨ ᠰᠠᠭᠤᠷᠢᠯᠠᠵᠤ᠂ 2024 ᠣᠨ᠎ᠤ 7 ᠰᠠᠷ᠎ᠠ᠎ᠳᠤ ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠳᠤᠮᠳᠠᠳᠤ ᠤᠯᠤᠰ᠎ᠤᠨ ᠰᠣᠩᠭᠣᠳᠠᠭ ᠰᠤᠳᠤᠯᠤᠯ᠎ᠤᠨ ᠰᠤᠳᠤᠯᠭᠠᠨ ᠪᠠ ᠳᠡᠯᠡᠬᠡᠢ᠎ᠶᠢᠨ ᠳᠤᠮᠳᠠᠳᠤ ᠤᠯᠤᠰ᠎ᠤᠨ ᠰᠤᠳᠤᠯᠤᠯ᠎ᠤᠨ ᠰᠤᠳᠤᠯᠭᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠬᠰᠠᠭᠠᠳᠠᠨ ᠵᠦᠢ ᠵᠢᠨ ᠰᠣᠯᠪᠢᠴᠠᠨ ᠰᠢᠨ᠎ᠡ᠎ᠶᠢ ᠡᠭᠦᠳᠬᠦ ᠪᠠ ᠰᠢᠨ᠎ᠡ ᠨᠡᠢᠭᠡᠮ᠎ᠦᠨ ᠰᠢᠨᠵᠢᠯᠡᠬᠦ ᠤᠬᠠᠭᠠᠨ᠎ᠤ ᠪᠠᠢᠭᠤᠯᠤᠯᠲᠠ᠎ᠶᠢ ᠠᠬᠢᠭᠤᠯᠬᠤ᠎ᠪᠠᠷ ᠵᠣᠷᠢᠯᠭ᠎ᠠ᠎ᠪᠠᠨ ᠪᠣᠯᠭᠠᠵᠠᠢ᠃ ᠪᠠᠢᠭᠤᠯᠤᠭᠳᠠᠭᠰᠠᠨ ᠨᠢᠭᠡ ᠵᠢᠯ᠎ᠦᠨ ᠲᠤᠷᠰᠢ᠂ ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠡᠴᠡ 《ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠰᠤᠷᠪᠤᠯᠵᠢ ᠪᠢᠴᠢᠭ᠎ᠦᠨ ᠴᠤᠪᠤᠷᠠᠯ ᠰᠡᠳᠬᠦᠯ》᠂ 《ᠦᠨᠳᠦᠰᠦᠲᠡᠨ᠎ᠦ ᠰᠣᠩᠭᠣᠳᠠᠭ ᠰᠤᠳᠤᠯᠤᠯ᠎ᠤᠨ ᠴᠤᠪᠤᠷᠠᠯ ᠪᠢᠴᠢᠭ》 ᠵᠡᠷᠭᠡ 2 ᠲᠣᠮᠣ᠌ ᠬᠡᠯᠪᠡᠷᠢ᠎ᠶᠢᠨ ᠮᠠᠲᠧᠷᠢᠶᠠᠯ ᠪᠠ ᠰᠤᠳᠤᠯᠭᠠᠨ ᠢ᠋ ᠡᠬᠦᠰᠬᠡᠨ ᠡᠷᠭᠢᠯᠡᠵᠡᠶ᠃ 20 ᠭᠠᠷᠤᠢ ᠢᠵᠢ ᠨᠣᠮ ᠪᠢᠴᠢᠭ (ᠳᠡᠪᠲᠡᠷ) ᠬᠡᠪᠯᠡᠭᠦᠯᠵᠦ᠂ 《ᠮᠣᠩᠭᠣᠯ ᠰᠤᠳᠤᠯᠤᠯ᠎ᠤᠨ ᠠᠰᠠᠭᠤᠳᠠᠯ ᠬᠢᠭᠡᠳ ᠮᠠᠷᠭᠤᠯᠳᠤᠭᠠᠨ》 ᠵᠡᠷᠭᠡ ᠤᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠡᠳᠬᠦᠯ᠎ᠢ ᠬᠡᠪᠯᠡᠭᠦᠯᠦᠭᠰᠡᠨ ᠪᠥᠭᠡᠳ ᠭᠸᠷᠮᠠᠨ᠎ᠤ ᠪᠦᠸᠸ ᠡᠸᠨ ᠶᠡᠬᠡ ᠰᠤᠷᠭᠠᠭᠤᠯᠢ᠂ ᠶᠠᠫᠤᠨ᠎ᠤ ᠺᠢᠤᠲ᠋ᠤ᠋ ᠶᠡᠬᠡ ᠰᠤᠷᠭᠠᠭᠤᠯᠢ᠂ ᠬᠠᠩᠭᠠᠷᠢ᠎ᠶᠢᠨ ᠷᠤᠯᠠᠨ ᠶᠡᠬᠡ ᠰᠤᠷᠭᠠᠭᠤᠯᠢ ᠵᠡᠷᠭᠡ ᠬᠠᠮᠢᠶ᠎ᠠ ᠪᠦᠬᠦᠢ ᠶᠡᠬᠡ ᠳᠡᠭᠡᠳᠦ ᠰᠤᠷᠭᠠᠭᠤᠯᠢ ᠪᠠ ᠬᠦᠷᠢᠶᠡᠯᠡᠩ ᠭᠠᠵᠠᠷ᠎ᠯᠤᠭ᠎ᠠ ᠡᠷᠳᠡᠮ ᠰᠢᠨᠵᠢᠯᠡᠭᠡᠨ᠎ᠦ ᠰᠣᠯᠢᠯᠴᠠᠭ᠎ᠠ ᠪᠠ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号