7 ᠰᠠᠷ᠎ᠠ᠎ᠶ᠋ᠢᠨ 26 ᠡᠴᠠ 28 ᠤ᠋ ᠡᠳᠦᠷ ᠪᠣᠯᠲᠠᠯ᠎ᠠ᠂ 37 ᠳ᠋ᠤᠭᠠᠷ ᠬᠤᠭᠤᠴᠠᠭᠠᠨ᠎ᠤ ᠥᠪᠥᠷ ᠮᠣᠩᠭᠤᠯ᠎ᠤᠨ ᠬᠦᠳᠡᠭᠡ ᠠᠵᠤ ᠠᠬᠤᠢ᠎ᠵᠢᠨ ᠦᠵᠡᠰᠭᠦᠯᠡᠩ᠎ᠤᠨ ᠴᠤᠬᠯᠠᠭᠠᠨ ᠵᠢᠴᠢ 13 ᠳ᠋ᠤᠭᠠᠷ ᠬᠤᠭᠤᠴᠠᠭᠠᠨ᠎ᠤ ᠥᠪᠥᠷ ᠮᠣᠩᠭᠤᠯ᠎ᠤᠨ (ᠵᠡᠭᠦᠨ ᠬᠡᠰᠡᠭ) ᠲᠠᠷᠢᠶᠠᠯᠠᠩ᠎ᠤᠨ ᠮᠠᠰᠢᠨ ᠮᠧᠬᠠᠨᠢᠭ᠎ᠤᠨ ᠦᠵᠡᠰᠭᠦᠯᠡᠩ᠎ᠤᠨ ᠴᠤᠬᠯᠠᠭᠠᠨ ᠤᠯᠠᠭᠠᠨᠬᠠᠳᠠ᠎ᠶ᠋ᠢᠨ ᠣᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠥᠪ᠎ᠲᠤ ᠶᠠᠪᠤᠭ᠍ᠳᠠᠪᠠ᠃ ᠪᠦᠬᠦ᠌ ᠤᠯᠤᠰ᠎ᠤᠨ 23 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ᠎ᠤ ᠬᠦᠳᠡᠭᠡ ᠠᠵᠤ ᠠᠬᠤᠢ ᠲᠠᠢ ᠬᠤᠯᠪᠤᠭᠳᠠᠭᠰᠠᠨ 700 ᠭᠠᠷᠤᠢ ᠠᠵᠤ ᠠᠬᠤᠢᠯᠠᠯ ᠦᠵᠡᠰᠭᠦᠯᠡᠩ᠎ᠤᠨ ᠴᠤᠭᠯᠠᠭᠠᠨ᠎ᠳᠤ ᠣᠷᠣᠯᠴᠠᠵᠠᠢ᠃
ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠨᠢ 《ᠣᠶᠤᠨᠴᠢ ᠬᠦᠳᠡᠭᠡ ᠠᠵᠤ ᠠᠬᠤᠶ᠎ᠶ᠋ᠢ ᠬᠥᠭ᠌ᠵᠢᠭᠦᠯᠵᠦ᠍᠂ ᠱᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠳᠡᠭᠡᠭ᠌ᠰᠢᠯᠡᠭᠦᠯᠬᠦ᠌》᠎ᠪᠠᠷ ᠭᠤᠤᠯ ᠰᠡᠳᠦᠪ ᠪᠣᠯᠭᠠᠵᠤ᠂ ᠦᠵᠡᠰᠭᠦᠯᠡᠩ᠎ᠤᠨ ᠶᠡᠷᠦᠩᠬᠡᠢ ᠲᠠᠯᠠᠪᠠᠶ 3.5 ᠲᠦᠮᠡᠨ ᠲᠡᠭ᠌ᠰᠢ ᠳᠥᠷᠪᠡᠯᠵᠢᠨ ᠮᠧᠲᠷ ᠪᠠᠢᠵᠤ᠂ ᠡᠭᠦᠨ᠎ᠳᠤ ᠥᠷᠥᠭᠡᠨᠳᠣᠲᠣᠷᠠᠬᠢ ᠦᠵᠡᠰᠭᠦᠯᠡᠩ ᠤᠨ ᠲᠠᠯᠠᠪᠠᠢ 1.5 ᠲᠦᠮᠡᠨ ᠲᠡᠭ᠌ᠰᠢ ᠳᠥᠷᠪᠡᠯᠵᠢᠨ ᠮᠧᠲᠷ᠂ ᠦᠷᠦᠭᠡᠨ ᠭᠠᠳᠠᠨᠠᠬᠢ ᠦᠵᠡᠰᠭᠦᠯᠡᠩ᠎ᠤᠨ ᠲᠠᠯᠠᠪᠠᠢ 2 ᠲᠦᠮᠡᠨ ᠲᠡᠭ᠌ᠰᠢ ᠳᠥᠷᠪᠡᠯᠵᠢᠨ ᠮᠧᠲᠷ ᠪᠠᠢᠵᠤ᠂ 1200 ᠭᠠᠷᠤᠶ ᠦᠵᠡᠰᠭᠦᠯᠡᠩ᠎ᠤᠨ ᠪᠠᠢᠷᠢ ᠲᠤᠬᠢᠷᠠᠭᠤᠯᠵᠠᠢ᠃ ᠦᠵᠡᠰᠬᠦᠯᠡᠩ᠎ᠤᠨ ᠪᠣᠳᠠᠰ᠎ᠨᠢ ᠲᠠᠷᠢᠶᠠᠯᠠᠩ᠎ᠤᠨ ᠡᠳ᠋ ᠬᠡᠷᠡᠭ᠌ᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ᠎ᠶ᠋ᠢᠨ ᠮᠠᠱᠢᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠬᠡᠷᠡᠭᠰᠡᠯ ᠵᠡᠷᠭᠡ ᠤᠯᠠᠨ ᠬᠦᠷᠢᠶ᠎ᠡ᠎ᠶ᠋ᠢ ᠬᠠᠮᠤᠷᠴᠤ᠌᠂ ᠭᠡᠷ᠎ᠤᠨ ᠭᠠᠳᠠᠨᠠᠬᠢ ᠲᠠᠷᠢᠶᠠᠯᠠᠩ᠎ᠤᠨ ᠮᠠᠱᠢᠨ᠎ᠤ ᠦᠵᠡᠰᠬᠦᠯᠡᠩ᠎ᠨᠢ ᠭᠤᠣᠯᠳᠠᠭᠤ ᠲᠠᠷᠢᠶᠠᠯᠠᠩ᠎ᠤᠨ ᠮᠠᠱᠢᠨ᠂ ᠮᠠᠯ ᠠᠵᠤ ᠠᠬᠤᠢ᠎ᠶ᠋ᠢᠨ ᠮᠠᠱᠢᠨ ᠪᠠᠭᠠᠵᠢ ᠵᠡᠷᠭᠡ 10 ᠶᠡᠭᠡ ᠲᠦᠷᠦᠯ᠂ 3000 ᠭᠠᠷᠤᠢ ᠵᠦᠢᠯ᠎ᠤᠨ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠪᠡ᠂ ᠡᠭᠦᠨ᠎ᠳᠤ ᠳᠡᠭᠡᠳᠦ ᠱᠢᠨ᠎ᠡ ᠮᠡᠷᠭᠡᠵᠢᠯ᠎ᠤᠨ ᠲᠥᠷᠥᠯ ᠵᠦᠢᠯ 63᠂ ᠲᠤᠰᠭᠠᠶ ᠠᠱᠢᠭ᠎ᠤᠨ ᠮᠡᠷᠭᠡᠵᠢᠯ᠎ᠤᠨ ᠪᠦᠲᠦᠭᠡᠭᠳᠡᠭᠦᠨ 508 ᠪᠠᠢᠵᠤ᠂ ᠬᠦᠳᠡᠭᠡ ᠠᠵᠤ ᠠᠬᠤᠢ ᠵᠢᠨ ᠬᠦᠷᠢᠶ᠎ᠡ ᠴᠠᠷᠠᠭᠠᠨ᠎ᠤ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠪᠠ ᠬᠥᠭ᠌ᠵᠢᠯᠲᠡ᠎ᠶ᠋ᠢᠨ ᠬᠠᠨᠳᠤᠰᠢ᠎ᠶ᠋ᠢ ᠭᠦᠢᠴᠡᠳ ᠢᠯᠡᠷᠡᠭᠦᠯᠵᠡᠢ᠃
ᠪᠦᠷᠢᠳᠭᠡᠯ᠎ᠢ ᠦᠨᠳᠦᠰᠦᠯᠡᠪᠡᠯ᠂ ᠲᠣᠰ ᠬᠤᠭᠤᠴᠠᠭᠠᠨ᠎ᠤ ᠦᠵᠡᠰᠭᠦᠯᠡᠩ᠎ᠤᠨ ᠴᠤᠬᠯᠠᠭᠠᠨ ᠨᠢ ᠨᠡᠢᠲᠡ 4.6 ᠲᠦᠮᠡᠨ ᠬᠥᠮᠦᠨ ᠤᠳᠠᠭ᠎ᠠ ᠲᠤᠭᠤᠷᠢᠨ ᠦᠵᠡᠭᠴᠢᠳ᠎ᠢ ᠭᠥᠯᠢᠶᠡᠨ ᠠᠪᠴᠤ᠌᠂ ᠰᠠᠨᠠᠮᠵᠢ᠎ᠶ᠋ᠢᠨ ᠠᠷᠠᠯᠵᠢᠶ᠎ᠠ ᠪᠦᠲᠦᠭ᠌ᠰᠡᠨ ᠬᠡᠮᠵᠢᠶ᠎ᠡ 23 ᠳ᠋ᠦᠩᠱᠢᠭᠤᠷ ᠲᠥᠭᠦᠷᠢᠭ᠎ᠢ ᠳᠠᠪᠠᠵᠤ᠂ ᠪᠤᠲᠠᠲᠠᠢ ᠠᠷᠠᠯᠵᠢᠶ᠎ᠠ ᠪᠦᠲᠦᠭᠰᠡᠨ ᠬᠡᠮᠵᠢᠶ᠎ᠡ 6.9 ᠳ᠋ᠦᠩᠱᠢᠭᠤᠷ ᠲᠥᠭᠦᠷᠢᠭ ᠬᠦᠷᠴᠦ᠍᠂ ᠠᠬᠤᠢ ᠲᠠᠯᠠᠪᠠᠢ ᠳ᠋ᠤ 967 ᠲᠥᠷᠥᠯ ᠵᠦᠢᠯ᠎ᠤᠨ ᠵᠦᠪᠯᠡᠯᠴᠡᠬᠡᠷ ᠲᠤᠭᠲᠠᠵᠠᠢ᠃ ᠤᠯᠠᠭᠠᠨᠬᠠᠳᠠ ᠬᠤᠲᠠ ᠵᠢᠴᠢ ᠡᠷᠬᠢᠨ ᠲᠣᠭᠤᠷᠢᠨ᠎ᠤ ᠮᠤᠵᠢ ᠬᠤᠲᠠ᠎ᠶ᠋ᠢᠨ 300 ᠭᠠᠷᠤᠶ ᠲᠤᠰᠭᠠᠶ ᠬᠤᠷᠱᠢᠶ᠎ᠠ᠎ᠶ᠋ᠢᠨ ᠠᠬᠤᠢ ᠲᠠᠯᠠᠪᠠᠢ ᠳ᠋ᠤ ᠠᠷᠠᠯᠵᠢᠶ᠎ᠠ ᠪᠦᠲᠦᠭᠰᠡᠨ ᠬᠡᠮᠵᠢᠶ᠎ᠡ 1.5 ᠳ᠋ᠦᠩᠱᠢᠭᠤᠷ ᠲᠥᠭᠦᠷᠢᠭ ᠬᠦᠷᠴᠡᠢ᠃
3 ᠡᠳᠦᠷ᠎ᠤᠨ ᠬᠤᠭᠤᠴᠠᠭ᠎ᠠ ᠲᠠᠢ ᠶᠠᠪᠤᠭᠳᠠᠭᠰᠠᠨ ᠦᠵᠡᠰᠭᠦᠯᠡᠩ᠎ᠤᠨ ᠴᠤᠬᠯᠠᠭᠠᠨ᠎ᠨᠢ ᠬᠦᠳᠡᠭᠡ ᠠᠵᠤ ᠠᠬᠤᠶ᠎ᠶ᠋ᠢᠨ ᠬᠥᠭ᠌ᠵᠢᠯᠲᠡ᠎ᠳᠤ ᠴᠢᠬᠤᠯᠠ ᠲᠠᠪᠴᠠᠩ ᠬᠠᠩᠭᠠᠭᠰᠠᠨ᠎ᠢᠶᠠᠷ ᠪᠠᠷᠠᠬᠤ ᠥᠬᠡᠶ ᠤᠯᠠᠭᠠᠨᠬᠠᠳᠠ ᠬᠤᠲᠠ᠎ᠶ᠋ᠢᠨ ᠵᠠᠮ ᠬᠠᠷᠢᠯᠴᠠᠭ᠎ᠠ᠂ ᠪᠠᠷᠠᠭᠠᠨ᠎ᠤ ᠭᠦᠢᠯᠭᠡᠭᠡ᠂ ᠢᠳᠡᠭᠡᠨ ᠤᠮᠳᠠᠭᠠᠨ᠂ ᠵᠢᠭᠤᠯᠴᠢᠯᠠᠯ ᠵᠡᠷᠭᠡ ᠠᠵᠢᠯ ᠲᠥᠷᠥᠯ᠎ᠳᠤ ᠮᠡᠳᠡᠭᠳᠡᠮ᠎ᠡ ᠠᠵᠤ ᠠᠬᠤᠢ ᠵᠢᠨ ᠦᠷ᠎ᠡ ᠠᠱᠢᠭ ᠠᠪᠴᠢᠷᠠᠵᠤ᠂ ᠠᠩᠬ᠎ᠠ ᠠᠯᠬᠤᠮ᠎ᠤᠨ ᠪᠦᠷᠢᠳᠭᠡᠯ᠎ᠢ ᠦᠨᠳᠦᠰᠦᠯᠡᠪᠡᠯ᠂ 1.8 ᠳ᠋ᠦᠩᠱᠢᠭᠤᠷ ᠲᠥᠭᠦᠷᠢᠭ᠎ᠤᠨ ᠠᠵᠤ ᠠᠬᠤᠢ ᠵᠢᠨ ᠦᠷ᠎ᠡ ᠠᠰᠢᠭ ᠠᠪᠴᠢᠷᠠᠵᠠᠢ᠃