2025 ᠣᠨ᠎ᠤ ᠬᠣᠶᠠᠳᠤᠭᠠᠷ ᠤᠯᠠᠷᠢᠯ᠎ᠤᠨ 《ᠥᠪᠥᠷ ᠮᠣᠩᠭᠣᠯ᠎ᠤᠨ ᠰᠠᠢᠨ ᠬᠥᠮᠦᠨ᠎ᠤ ᠨᠡᠷᠡᠰ᠎ᠤᠨ ᠵᠢᠭᠰᠠᠭᠠᠯᠳᠠ》 ᠵᠢᠴᠢ 2025 ᠣᠨ᠎ᠤ ᠥᠪᠡᠷᠲᠡᠭᠡᠨ ᠵᠠᠰᠠᠬᠤ ᠣᠷᠣᠨ᠎ᠤ 《ᠱᠢᠨ᠎ᠡ ᠴᠠᠭ ᠦᠶ᠎ᠡ᠎ᠶ᠋ᠢᠨ ᠰᠤᠳᠤᠨ ᠪᠠᠭᠠᠴᠤᠳ》᠎ᠢ᠋ ᠨᠡᠢᠲᠡᠯᠡᠪᠡ
2025-07-29 10:03:44
ᠵᠣᠬᠢᠶᠠᠭ᠍ᠴᠢ᠄
ᠪᠢᠯᠢᠭᠪᠡᠭᠠᠲᠤᠷ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠎ᠡᠴᠡ ᠭᠣᠣᠯᠯᠠᠨ ᠡᠷᠬᠢᠯᠡᠭ᠌ᠰᠡᠨ 《ᠤᠷᠢᠬᠠᠨ ᠰᠠᠯᠬᠢ ᠥᠭ᠌ᠭᠢᠶᠡᠮᠦᠷ ᠬᠤᠷ᠎ᠠ ᠦᠡᠭᠰᠢᠭᠦᠨ ᠰᠠᠢᠬᠠᠨ ᠤᠮᠠᠷᠠᠲᠤ ᠬᠢᠯᠢ》 2025 ᠣᠨ᠎ᠤ ᠬᠣᠶᠠᠳᠤᠭᠠᠷ ᠤᠯᠠᠷᠢᠯ᠎ᠤᠨ 《ᠥᠪᠥᠷ ᠮᠣᠩᠭᠣᠯ᠎ᠤᠨ ᠰᠠᠢ᠌ᠨ ᠬᠥᠮᠦᠨ᠎ᠤ ᠨᠡᠷᠡᠰ᠎ᠤᠨ ᠵᠢᠭᠰᠠᠭᠠᠯᠳᠠ》 ᠵᠢᠴᠢ 2025 ᠣᠨ᠎ᠤ ᠥᠪᠡᠷᠲᠡᠭᠡᠨ ᠵᠠᠰᠠᠬᠤ ᠣᠷᠣᠨ᠎ᠤ 《ᠱᠢᠨ᠎ᠡ ᠴᠠᠭ ᠦᠶ᠎ᠡ᠎ᠶ᠋ᠢᠨ ᠰᠤᠳᠤᠨ ᠪᠠᠭᠠᠴᠤᠳ》᠎ᠢ᠋ ᠨᠡᠢᠲᠡᠯᠡᠬᠦ᠌ ᠶᠣᠰᠣᠯᠠᠯ ᠱᠢᠯᠢ᠎ᠶ᠋ᠢᠨ ᠭᠣᠣᠯ ᠠᠢᠮᠠᠭ᠎ᠤᠨ ᠰᠥᠨᠢᠳ ᠵᠡᠭᠦᠨ ᠬᠣᠱᠢᠭᠤᠨ᠎ᠳᠤ ᠶᠠᠪᠤᠭ᠍ᠳᠠᠵᠤ᠂ ᠤᠷᠠᠨᠪᠢᠯᠢᠭ᠌᠂ ᠯᠢᠦ ᠬᠣᠩ ᠢ ᠵᠡᠷᠭᠡ 16 ᠬᠥᠮᠦᠨ 《ᠥᠪᠥᠷ ᠮᠣᠩᠭᠣᠯ᠎ᠤᠨ ᠰᠠᠢ᠌ᠨ ᠬᠥᠮᠦᠨ᠎ᠦ ᠨᠡᠷᠡᠰ᠎ᠤᠨ ᠵᠢᠭᠰᠠᠭᠠᠯᠳᠠ》 ᠳ᠋ᠤ ᠲᠤᠳᠤᠷᠠᠵᠦ᠂ ᠶᠠᠩ ᠳ᠋ᠦᠸᠸ ᠦ᠋ ᠵᠡᠷᠭᠡ 35 ᠬᠦᠮᠤᠨ 《ᠱᠢᠨ᠎ᠡ ᠴᠠᠭ ᠦᠶ᠎ᠡ᠎ᠶ᠋ᠢᠨ ᠰᠤᠳᠤᠨ ᠪᠠᠭᠠᠴᠤᠳ》 ᠵᠢᠡᠷ ᠬᠦᠬᠢᠭᠦᠯᠦᠭᠳᠡᠵᠠᠢ᠃

ᠲᠤᠰ ᠠᠵᠢᠯᠯᠠᠭ᠎ᠠ᠎ᠨᠢ ᠱᠠᠩᠨᠠᠯ ᠣᠯᠭᠣᠬᠤ ᠶᠣᠰᠣᠯᠠᠯ᠂ ᠰᠠᠢᠨ ᠬᠥᠮᠦᠨ᠎ᠦ ᠥᠯᠢᠭᠡᠷ ᠦᠢᠯᠡ ᠶᠠᠪᠤᠳᠠᠯ᠎ᠤᠨ ᠲᠠᠨᠢᠯᠴᠠᠭᠤᠯᠭ᠎ᠠ᠂ ᠲᠤᠬᠠᠶ᠎ᠶ᠋ᠢᠨ ᠲᠠᠯᠠᠪᠠᠶ᠎ᠶ᠋ᠢᠨ ᠰᠤᠷᠪᠤᠯᠵᠢᠯᠠᠭ᠎ᠠ ᠵᠢᠴᠢ ᠤᠷᠠᠨ ᠰᠠᠢᠬᠠᠨ᠎ᠤ ᠲᠣᠭ᠍ᠯᠠᠯᠲᠠ ᠪᠡᠷ ᠴᠢᠭᠡᠴᠢ ᠰᠢᠳᠤᠷᠭᠤ ᠵᠣᠷᠢᠭ ᠰᠠᠨᠠᠭ᠎ᠠ ᠵᠠᠩ ᠠᠷᠠᠨᠰᠢᠨ᠎ᠢ ᠢᠯᠡᠷᠡᠭᠦᠯᠵᠦ᠂ ᠨᠡᠢᠭᠡᠮ ᠨᠡᠢᠳᠡ᠎ᠳᠤ ᠪᠤᠯᠪᠠᠰᠤᠨ ᠰᠠᠢᠬᠠᠨ ᠵᠠᠡᠭ ᠰᠤᠷᠳᠠᠬᠤᠨ᠎ᠢ ᠲᠡᠭᠡᠳᠦᠯᠡᠨ ᠦᠨᠡᠨᠴᠢ ᠢᠳᠡᠭᠡᠮᠵᠢᠳᠡᠢ ᠪᠠᠢᠬᠤ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠤᠯᠭᠠᠵᠠᠢ᠃ ᠡᠲᠡᠭᠡᠷ ᠲᠡᠷᠢᠭᠦᠨ᠎ᠦ ᠨᠡᠢᠲᠡᠯᠢᠭ ᠵᠢᠱ᠌ᠢᠶᠡᠴᠢ ᠬᠦᠮᠦᠰ ᠪᠤᠯ ᠪᠥᠬᠥ᠌ ᠣᠷᠣᠨ᠎ᠤ ᠡᠯ᠎ᠡ ᠠᠢᠮᠠᠭ ᠬᠣᠲᠠ᠂ ᠡᠯ᠎ᠡ ᠠᠵᠢᠯ ᠎ᠤᠨ  ᠹᠷᠤᠨᠲ ᠡᠴᠡ ᠴᠤᠯᠭᠤᠷᠠᠨ ᠭᠠᠷᠴᠦ᠂ ᠨᠦᠬᠦᠷᠰᠡᠭ ᠪᠤᠯᠪᠠᠰᠤᠨ ᠶᠠᠪᠤᠯᠴᠠᠭ᠎ᠠ ᠵᠢ ᠡᠷᠬᠢᠮᠯᠡᠭᠰᠡᠨ᠂ ᠪᠤᠰᠤᠳ᠎ᠢ ᠬᠠᠪᠰᠤᠷᠬᠤ ᠪᠡᠷ ᠵᠢᠷᠭᠠᠯ ᠵᠢᠠᠨ ᠪᠤᠯᠭᠠᠭᠰᠠᠨ ᠵᠡᠷᠭᠡ ᠦᠨᠡᠨ ᠪᠤᠳᠠᠳᠤ ᠦᠢᠯᠡ ᠠᠵᠢᠯᠯᠠᠭ᠎ᠠ ᠨᠢ ᠡᠭᠡᠯ ᠵᠢᠷ᠎ᠤᠨ ᠬᠦᠮᠦᠰ᠎ᠤᠨ ᠡᠷᠴᠢ ᠵᠤᠷᠢᠭ ᠬᠢᠭᠡᠳ ᠬᠦᠰᠡᠯ ᠵᠤᠷᠢᠯᠳᠠ᠎ᠵᠢ  ᠲᠤᠳᠤᠷᠠᠭᠤᠯᠵᠠᠢ᠃

ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠥᠬᠥ᠌ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠤᠨ ᠦᠶ᠋ᠯᠡᠳᠦᠯᠭᠡᠵᠢᠭᠦᠯᠦᠭᠰᠡᠨ ᠵᠢᠡᠷ ᠪᠦᠬᠦ ᠨᠡᠢᠭᠡᠮ᠎ᠤᠨ ᠠᠷᠠᠳ ᠢᠷᠭᠡᠳ᠎ᠦᠨ ᠶᠣᠰᠣ ᠰᠤᠷᠲᠠᠬᠤᠨ᠎ᠤ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠵᠦ᠍᠂ ᠨᠢᠭᠡ ᠪᠦᠯᠦᠭ ᠢᠯᠡ ᠲᠣᠳᠣ ᠴᠠᠭ ᠦᠶ᠎ᠡ᠎ᠶ᠋ᠢᠨ ᠣᠨᠴᠠᠯᠢᠭ ᠲᠠᠶ᠂ ᠨᠡᠢᠲᠡᠯᠢᠭ ᠴᠢᠨᠠᠷᠲᠠᠶ᠂ ᠵᠢᠱ᠌ᠢᠶ᠎ᠡ ᠦᠵᠡᠭᠦᠯᠬᠦ᠌ ᠴᠢᠨᠠᠷ᠎ᠢᠶᠠᠷ ᠴᠢᠩᠭ᠎ᠠ ᠲᠡᠷᠢᠭᠦᠨ᠎ᠦ ᠬᠤᠪᠢ ᠬᠥᠮᠦᠨ ᠴᠣᠯᠭᠣᠷᠠᠨ ᠭᠠᠷᠪᠠ᠃ ᠣᠳᠣᠬᠠᠨ᠎ᠳᠤ᠂ ᠪᠥᠬᠥ᠌ ᠣᠷᠣᠨ᠎ᠳᠤ ᠤᠷᠢᠳ ᠬᠣᠵᠢᠳ 《ᠥᠪᠥᠷ ᠮᠣᠩᠭᠣᠯ᠎ᠤᠨ ᠰᠠᠢᠨ ᠬᠥᠮᠦᠨ》 ᠵᠢᠡᠷ ᠴᠤᠯᠠᠯᠠᠭᠳᠠᠭᠰᠠᠳ 1450 ᠬᠥᠮᠦᠨ᠂ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ 309 ᠬᠥᠮᠦᠨ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠠᠭ ᠦᠶ᠎ᠡ᠎ᠶ᠋ᠢᠨ ᠰᠤᠳᠤᠨ ᠪᠠᠭᠠᠴᠤᠳ 198 ᠬᠥᠮᠦᠨ ᠴᠤᠯᠭᠤᠷᠠᠵᠠᠢ᠃ ᠡᠭᠦᠨ᠎ᠳᠤ ᠮᠠᠨ᠎ᠤ ᠤᠷᠤᠨ ᠡᠴᠡ 《ᠳᠤᠮᠳᠠᠳᠤ ᠤᠯᠤᠰ᠎ᠤᠨ ᠰᠠᠢᠨ ᠬᠥᠮᠦᠨ᠎ᠦ ᠨᠡᠷᠡᠰ᠎ᠤᠨ ᠵᠢᠭᠰᠠᠭᠠᠯᠳᠠ》 ᠳ᠋ᠤ 222 ᠬᠥᠮᠦᠨ ᠲᠣᠳᠣᠷᠠᠵᠤ᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠪᠡᠷ 16 ᠬᠥᠮᠦᠨ ᠰᠣᠩᠭᠣᠭ᠍ᠳᠠᠵᠤ᠂ ᠪᠥᠬᠥ᠌ ᠤᠯᠤᠰ᠎ᠤᠨ ᠱᠢᠨ᠎ᠡ ᠴᠠᠭ ᠦᠶ᠎ᠡ᠎ᠶ᠋ᠢᠨ ᠰᠤᠳᠤᠨ ᠪᠠᠭᠠᠴᠤᠳ ᠵᠢᠡᠷ 6 ᠬᠥᠮᠦᠨ ᠰᠢᠯᠭᠠᠷᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号