ᠸᠠᠩ ᠯᠢ ᠱᠢᠶᠠ ᠬᠠᠷᠢᠭᠤ ᠲᠤᠰᠭᠠᠬᠤ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠲᠤᠬᠢᠷᠠᠭᠤᠯᠤᠯᠳᠠ᠎ᠪᠠᠷ᠂ 7 ᠰᠠᠷ᠎ᠠ᠎ᠶ᠋ᠢᠨ 2 ᠤ᠋ᠨ ᠡᠳᠦᠷ᠂ ᠸᠠᠩ ᠯᠢ ᠱᠢᠶᠠ ᠤᠷᠳᠤᠰ ᠬᠤᠳᠠ᠎ᠳᠤ ᠬᠦᠷᠴᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭᠠᠷ ᠡᠭᠡᠯᠵᠢ ᠶ᠋ᠢᠨ ᠲᠣᠭᠣᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠬᠤ ᠬᠤᠷᠠᠯ᠎ᠳᠤ ᠣᠷᠣᠯᠴᠠᠪᠠ᠃
ᠬᠠᠷᠢᠭᠤ ᠲᠤᠰᠭᠠᠬᠤ ᠬᠤᠷᠠᠯ ᠳᠡᠭᠡᠷ᠎ᠡ᠂ ᠲᠣᠭᠣᠷᠢᠨ ᠪᠠᠢᠴᠠᠭᠠᠬᠤ ᠳᠤᠭᠤᠢᠯᠠᠩ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠦᠨ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠣᠭᠣᠷᠢᠨ ᠪᠠᠢᠴᠠᠭᠠᠯᠲᠠ ᠵᠢᠨ ᠬᠠᠷᠢᠭᠤ ᠲᠤᠰᠭᠠᠬᠤ ᠰᠠᠨᠠᠯ᠎ᠢ ᠵᠠᠷᠯᠠᠨ ᠮᠡᠳᠡᠭ᠌ᠳᠡᠪᠡ᠃ ᠤᠷᠳᠤᠰ ᠬᠤᠳᠠ᠎ᠶ᠋ᠢᠨ ᠨᠠᠮ᠎ᠤᠨ ᠬᠣᠷᠢᠶ᠎ᠠ ᠪᠣᠯᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠬᠡᠬᠡᠯᠳᠡ᠎ᠶ᠋ᠢᠨ ᠲᠤᠭᠤᠷᠢᠭ ᠤ᠋ᠨ ᠨᠠᠮ᠎ᠤᠨ ᠠᠵᠢᠯ ᠤ᠋ᠨ ᠬᠣᠷᠢᠶ᠎ᠠ᠎ᠶ᠋ᠢᠨ ᠭᠣᠣᠯ ᠬᠠᠷᠢᠭᠤᠴᠠᠯᠭᠠᠲᠠᠨ ᠣᠪᠣᠷ᠎ᠢᠶᠠᠨ ᠢᠯᠡᠳᠭᠡᠬᠦ᠌ ᠦᠭᠡ ᠬᠡᠯᠡᠵᠡᠢ᠃
ᠸᠠᠩ ᠯᠢ ᠱᠢᠶᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠠᠢ᠍ᠮᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠤᠭᠰᠠᠨ ᠨᠢᠭᠡ ᠤᠳᠠᠭ᠎ᠠ᠎ᠶ᠋ᠢᠨ ᠤᠯᠤᠰ ᠲᠦᠷᠦ᠍᠎ᠶ᠋ᠢᠨ ᠪᠠᠢᠴᠠᠭᠠᠯᠲᠠ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠤᠭᠰᠠᠨ ᠪᠣᠳᠠᠲᠠᠢ ᠠᠵᠢᠯᠯᠠᠭ᠎ᠠ ᠮᠥᠨ᠂ ᠡᠷᠬᠡᠪᠰᠢ ᠦᠵᠡᠯ ᠰᠠᠨᠠᠭᠠᠨ᠎ᠤ ᠲᠠᠯ᠎ᠠ᠎ᠪᠠᠷ ᠳᠡᠭᠡᠳᠦ ᠬᠡᠮᠵᠢᠶ᠎ᠠ ᠪᠡᠷ ᠴᠢᠬᠤᠯᠠᠴᠢᠯᠠᠵᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠡᠷᠡᠰ ᠨᠠᠢᠳᠠᠪᠤᠷᠢᠵᠢᠭᠤᠯᠵᠤ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠠ᠎ᠶ᠋ᠢ ᠪᠣᠳᠠᠲᠠᠢ ᠠᠳᠭᠤᠵᠤ᠂ 《ᠤᠳᠠᠭᠠᠨ ᠪᠦᠳᠦᠭᠦᠯᠢᠭ ᠬᠡᠢᠰᠪᠦᠷᠢ》 ᠭᠡᠮ ᠠᠷᠬᠠᠭ ᠢ ᠡᠷᠡᠰ ᠲᠡᠪᠴᠢᠵᠦ᠍᠂ ᠲᠣᠭᠣᠷᠢᠨ ᠪᠠᠢᠴᠠᠭᠠᠯᠲᠠ᠎ᠶ᠋ᠢᠨ 《ᠰᠡᠭᠦᠯᠴᠢ᠎ᠶ᠋ᠢᠨ ᠠᠵᠢᠯ》 ᠢ᠋ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠢ ᠭᠡᠪᠡ᠃
ᠸᠠᠩ ᠯᠢ ᠱᠢᠶᠠ᠂ ᠲᠣᠭᠣᠷᠢᠨ ᠪᠠᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ ᠪᠣᠯ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠨᠠᠮ᠎ᠤᠨ ᠠᠵᠢᠯ ᠤ᠋ᠨ ᠬᠣᠷᠢᠶ᠎ᠠ ᠭᠣᠣᠯ ᠬᠠᠷᠢᠭᠤᠴᠠᠯᠭ᠎ᠠ ᠭᠣᠣᠯ ᠠᠵᠢᠯ ᠳ᠋ᠠᠭᠠᠨ ᠠᠩᠬᠠᠷᠤᠯ ᠵᠢᠡᠨ ᠲᠦᠪᠯᠡᠷᠡᠭᠦᠯᠵᠤ᠂ ᠨᠠᠮ᠎ᠤᠨ ᠠᠵᠢᠯ ᠤ᠋ᠨ ᠬᠣᠷᠢᠶ᠎ᠠ ᠵᠢᠨ ᠱᠦᠵᠢ᠎ᠶ᠋ᠢᠨ ᠴᠡᠭ᠌ᠴᠡᠯᠡᠨ ᠰᠠᠢᠵᠢᠷᠠᠭᠤᠯᠬᠤ 《ᠨᠢᠭᠡᠳᠦᠭᠡᠷ ᠬᠠᠷᠢᠭᠤᠴᠠᠯᠭᠠᠲᠠᠨ》 ᠤ᠋ ᠲᠤᠱᠢᠶᠠᠯ ᠬᠠᠷᠢᠭᠤᠴᠠᠯᠭ᠎ᠠ ᠪᠣᠯᠤᠨ ᠤᠳᠤᠷᠢᠳᠭᠤ ᠪᠠᠭ᠎ᠤᠨ ᠪᠦᠷᠢᠯᠳᠦᠬᠦᠨ᠎ᠦ 《ᠨᠢᠭᠡ ᠠᠵᠢᠯ᠎ᠤᠨ ᠪᠠᠢᠷᠢ ᠳ᠋ᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠪᠣᠳᠠᠲᠠᠢᠵᠢᠭᠤᠯᠵᠤ᠂ ᠵᠤᠷᠪᠤᠰ ᠳᠠᠷᠠᠭᠠᠯᠠᠨ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠲᠣᠭᠣᠷᠢᠨ ᠪᠠᠢᠴᠠᠭᠠᠯᠳᠠ ᠡᠴᠡ ᠵᠢᠭᠠᠵᠤ ᠭᠠᠷᠭᠠᠭ᠍ᠰᠠᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠠᠳᠭᠤᠬᠤ ᠶᠣᠰᠣᠲᠠᠢ᠎ᠶ᠋ᠢ ᠨᠢ ᠰᠠᠢᠲᠤᠷ ᠠᠳᠭᠤᠵᠤ᠂ ᠰᠠᠢᠳᠤᠷ ᠴᠢᠷᠮᠠᠢᠵᠤ᠂ ᠵᠤᠷᠢᠭᠳᠠᠢ ᠲᠡᠮᠡᠴᠡᠵᠤ᠂ 《ᠬᠣᠶᠠᠷ ᠶᠡᠬᠡ ᠶᠠᠪᠤᠳᠠᠯ》 ᠢ᠋ ᠰᠠᠢᠲᠤᠷ ᠬᠢᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠷᠤᠭᠰᠢ ᠠᠬᠢᠵᠤ ᠲᠡᠰ ᠳᠡᠪᠱᠢᠬᠦ᠌ ᠬᠡᠷᠡᠭ᠌ᠲᠡᠢ᠃ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ ᠪᠥᠬᠥ᠌ ᠬᠣᠲᠠ᠎ᠶ᠋ᠢᠨ ᠳᠥᠷᠪᠡᠨ ᠬᠣᠱᠢᠭᠤ ᠲᠣᠭᠣᠷᠢᠭ᠎ᠤᠨ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ 《ᠬᠣᠶᠠᠷ ᠬᠠᠷᠢᠭᠤᠴᠠᠯᠭ᠎ᠠ》᠎ᠶ᠋ᠢ ᠰᠠᠢᠲᠤᠷ ᠨᠠᠢᠳᠠᠪᠤᠷᠢᠵᠢᠭᠤᠯᠵᠤ᠂ 《ᠨᠢᠭᠡ ᠱᠤᠭᠤᠮ》 ᠤ᠋ᠨ ᠬᠠᠷᠢᠭᠤᠴᠠᠯᠭ᠎ᠠ᠎ᠶ᠋ᠢᠨ ᠲᠣᠭ᠍ᠲᠠᠴᠠ᠎ᠪᠠᠷ ᠡᠴᠦᠰ᠎ᠲᠦᠨᠢ ᠲᠤᠯᠲᠠᠯ᠎ᠠ ᠠᠳᠭᠤᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠲᠠᠯ᠎ᠠ ᠡᠴᠡ ᠴᠤ᠌ ᠲᠣᠭᠣᠷᠢᠨ ᠪᠠᠢᠴᠠᠭᠠᠵᠤ ᠢᠯᠡᠷᠡᠭᠦᠯᠦᠭ᠌ᠰᠡᠨ ᠪᠦᠬᠦ᠌ ᠣᠷᠣᠨ᠎ᠤ ᠵᠠᠰᠠᠭ᠎ᠤᠨ ᠣᠷᠳᠣᠨ᠎ᠤ ᠱᠢᠰᠲ᠋ᠧᠮ᠎ᠦᠨ ᠨᠡᠢᠲᠡᠯᠢᠭ ᠴᠢᠨᠠᠷᠲᠠᠢ ᠠᠰᠠᠭᠤᠳᠠᠯ᠎ᠳᠤ ᠨᠢᠭᠡ᠎ᠡᠴᠡ ᠵᠦᠢᠴᠢᠯᠡᠵᠦ ᠨᠦᠬᠦᠭᠡ᠎ᠶ᠋ᠢ ᠮᠡᠳᠡᠵᠦ᠂ ᠪᠦᠬᠦ᠌ ᠲᠠᠯ᠎ᠠ᠎ᠪᠠᠷ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ ᠭᠡᠪᠡ᠃
ᠸᠠᠩ ᠯᠢ ᠱᠢᠶᠠ᠂ ᠤᠷᠳᠤᠰ ᠬᠤᠳᠠ᠎ᠶ᠋ᠢᠨ ᠬᠢᠨ ᠬᠣᠶᠠᠷ ᠲᠠᠯ᠎ᠠ᠎ᠪᠠᠷ ᠠᠳᠭᠤᠬᠤ᠂ ᠬᠣᠶᠠᠷ᠎ᠢ ᠠᠬᠢᠭᠤᠯᠬᠤ᠎ᠶ᠋ᠢ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠵᠢᠡᠨ ᠠᠬᠢᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ ᠪᠠ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠢᠨᠠᠨ ᠪᠠᠢᠴᠠᠭᠠᠭᠰᠠᠨ ᠠᠰᠠᠭᠤᠳᠠᠯ ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠤᠯᠠᠷᠠᠭᠤᠯᠤᠯ ᠦᠭᠡᠢ ᠴᠢᠩᠭ᠎ᠠ ᠠᠳᠭᠤᠨ ᠠᠬᠢᠭᠤᠯᠬᠤ ᠬᠡᠷᠡᠭ᠌ᠲᠡᠢ᠃ ᠡᠭᠦᠨ᠎ᠦ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠳᠠᠭᠠᠭᠤᠯᠤᠭ᠍ᠴᠢ᠎ᠶ᠋ᠢᠨ ᠦᠨᠳᠦᠷᠴᠡ᠎ᠳᠤ ᠵᠣᠭ᠍ᠰᠣᠨ᠂ ᠬᠠᠷᠠᠯᠲᠠ᠎ᠪᠠᠨ ᠪᠠᠭᠤᠷᠠᠭᠤᠯᠬᠤ ᠥᠬᠡᠶ᠂ ᠡᠭᠦᠷᠭᠡ᠎ᠪᠡᠨ ᠬᠠᠰᠤᠬᠤ ᠥᠬᠡᠶ᠂ ᠡᠷᠴᠢ ᠵᠣᠷᠢᠭ᠎ᠢᠶᠠᠨ ᠰᠤᠯᠠᠷᠠᠭᠤᠯᠬᠤ ᠥᠬᠡᠶ ᠪᠠᠢᠬᠤ᠎ᠶ᠋ᠢ ᠪᠠᠷᠢᠮᠲᠠᠯᠠᠵᠤ᠂ ᠲᠠᠪᠤᠨ ᠶᠡᠬᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠮᠤᠷ ᠲᠦᠪᠱᠢᠨ ᠲᠣᠭ᠍ᠲᠠᠭᠤᠨ᠎ᠤ ᠡᠯ᠎ᠡ ᠵᠦᠶ᠋ᠯ᠎ᠦᠨ ᠠᠵᠢᠯ᠎ᠢ ᠰᠠᠢᠲᠤᠷ ᠠᠳᠭᠤᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠸᠠᠩ ᠯᠢ ᠱᠢᠶᠠ ᠪᠠᠰᠠ ᠪᠣᠷᠣᠭᠠᠨ ᠤ ᠲᠤᠮᠳᠠᠭᠤᠷ ᠳ᠋ᠦᠩᠱᠧᠩ ᠲᠣᠭᠣᠷᠢᠭ᠎ᠤᠨ ᠠᠨᠳᠠ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ᠎ᠤᠨ ᠵᠠᠮ᠂ ᠢᠯᠴᠢ ᠬᠠᠩᠭᠠᠬᠤ ᠬᠣᠭᠣᠯᠠᠶ ᠲᠤᠤᠷ ᠢ ᠥᠭᠡᠷᠡᠴᠢᠯᠡᠨ ᠰᠠᠢᠵᠢᠷᠠᠭᠤᠯᠬᠤ ᠪᠠ ᠨᠠᠰᠤᠲᠠᠨ ᠳ᠋ᠤ ᠲᠤᠰᠠᠯᠠᠬᠤ ᠬᠣᠭᠣᠯᠠᠨ ᠬᠡᠷ᠎ᠦᠨ ᠦᠶ᠋ᠯᠡᠴᠢᠯᠡᠭᠡᠨ᠎ᠦ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠴᠢᠩᠭ᠎ᠠ ᠠᠩᠬᠠᠷᠴᠤ᠌᠂ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ ᠳᠤᠮᠳᠠ ᠭᠠᠷᠭᠠᠭ᠍ᠰᠠᠨ ᠠᠷᠠᠳ᠎ᠲᠤ ᠲᠥᠬᠥᠮ ᠦᠵᠡᠭᠦᠯᠬᠦ᠌᠂ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ ᠪᠠᠷᠢᠮᠲᠠᠯᠠᠵᠤ᠂ ᠠᠷᠠᠳ᠎ᠲᠤ ᠪᠣᠳᠠᠲᠤ ᠶᠠᠪᠤᠳᠠᠯ ᠬᠢᠵᠦ᠍ ᠥᠭ᠌ᠬᠦ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠯᠳᠦᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃