ᠪᠥᠬᠥ᠌ ᠣᠷᠣᠨ᠎ᠤ ᠵᠡᠮᠳᠡᠭ᠌ᠴᠦᠳ᠎ᠲᠦ ᠬᠠᠷᠢᠴᠠᠯ ᠶᠣᠰᠣᠭᠠᠷ ᠠᠵᠢᠯ ᠣᠯᠭᠣᠬᠤ ᠠᠵᠢᠯ᠎ᠤᠨ ᠪᠣᠯᠪᠠᠰᠤᠷᠠᠯ᠎ᠶᠠᠪᠤᠬᠳᠠᠵᠠᠢ
2025-07-03 17:04:59
ᠵᠣᠬᠢᠶᠠᠭ᠍ᠴᠢ᠄
​ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ ᠪᠠ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠬᠠᠮᠲᠤᠷᠠᠨ ᠬᠥᠬᠡᠬᠣᠲᠠ᠎ᠳᠤ ᠪᠦᠬᠦ᠌ ᠣᠷᠣᠨ᠎ᠤ ᠵᠡᠮᠳᠡᠭ᠌ᠴᠦᠳ᠎ᠲᠦ ᠬᠠᠷᠢᠴᠠᠯ ᠶᠣᠰᠣᠭᠠᠷ ᠠᠵᠢᠯ ᠣᠯᠭᠣᠬᠤ ᠠᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ᠃

ᠲᠣᠰ ᠤᠳᠠᠭᠠᠨ᠎ᠤ ᠪᠣᠯᠪᠠᠰᠤᠷᠠᠯ᠎ᠨᠢ ᠵᠡᠮᠳᠡᠭ᠌ᠴᠦᠳ᠎ᠲᠦ ᠠᠵᠢᠯ ᠣᠯᠭᠣᠬᠤ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠬᠢᠭᠡᠳ ᠦᠶ᠋ᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠴᠢᠶᠡᠯ ᠎ᠢ ᠨᠠᠷᠢᠨ ᠨᠢᠮᠪᠠᠶ ᠲᠥᠯᠥᠪᠯᠡᠬᠦ᠌᠎ᠶ᠋ᠢᠨ ᠬᠠᠮᠲᠤ ᠠᠵᠢᠯ ᠨᠢᠭᠡᠲᠡᠨ᠎ᠦ ᠲᠤᠰᠭᠠᠶ ᠮᠡᠷᠭᠡᠵᠢᠯ᠎ᠦᠨ ᠠᠵᠢᠯᠲᠠᠨ᠎ᠢ ᠤᠷᠢᠵᠤ ᠬᠢᠴᠢᠶᠡᠯ ᠳᠠᠢᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠵᠧᠵᠢᠶᠠᠩ᠎ᠤᠨ ᠬᠣᠩ ᠶᠦᠨ ᠣᠶᠤᠨᠴᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠣᠯᠪᠣᠭ᠍ᠳᠠᠯ ᠪᠥᠬᠥᠶ ᠲᠤᠬᠠᠢᠯᠠᠭ᠍ᠰᠠᠨ ᠠᠵᠢᠯ᠎ᠤᠨ ᠬᠠᠷᠢᠭᠤᠴᠠᠯᠭᠠᠲᠠᠨ ᠨᠥᠬᠥᠳ ᠬᠠᠷᠢᠴᠠᠯ᠎ᠠᠴᠠ ᠳᠠᠪᠠᠭᠤᠯᠤᠨ ᠵᠡᠮᠳᠡᠭ᠌ᠴᠦᠳ᠎ᠲᠤ ᠠᠵᠢᠯ ᠤᠯᠭᠤᠬᠰᠠᠨ ᠨᠢᠭᠡᠴᠢ᠎ᠶᠢ ᠱᠠᠩᠨᠠᠬᠤ ᠲᠥᠷᠥ᠎ᠶ᠋ᠢᠨ ᠪᠣᠳᠣᠯᠭ᠎ᠠ᠂ ᠵᠡᠮᠳᠡᠭ᠌ᠴᠦᠳ᠎ᠦᠨ ᠠᠵᠢᠯ ᠣᠯᠵᠤ ᠦᠶ᠋ᠯᠡᠰ ᠪᠤᠰᠬᠠᠬᠤ ᠰᠠᠭᠤᠷᠢᠨ᠎ᠤ ᠬᠠᠮᠢᠶᠠᠷᠤᠯᠲᠠ᠎ᠶ᠋ᠢᠨ ᠠᠷᠭ᠎ᠠ᠂ ᠬᠠᠷᠢᠴᠠᠯ ᠶᠣᠰᠣᠭᠠᠷ ᠲᠣᠬᠢᠷᠠᠭᠤᠯᠵᠤ ᠠᠵᠢᠯ ᠣᠯᠭᠣᠬᠤ ᠲᠥᠷᠥ᠎ᠶ᠋ᠢᠨ ᠪᠣᠳᠣᠯᠭ᠎ᠠ᠂ ᠵᠡᠮᠳᠡᠭ᠌ᠴᠦᠳ᠎ᠤᠨ ᠠᠵᠢᠯ ᠣᠯᠭᠣᠯᠲᠠ᠎ᠶᠢᠨ ᠪᠠᠲᠤᠯᠠᠭ᠎ᠠ᠎ᠶ᠋ᠢᠨ ᠮᠥᠩᠭᠥ᠌ ᠲᠠᠲᠠᠪᠤᠷᠢᠯᠠᠬᠤ ᠵᠢᠴᠢ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠵᠡᠷᠭᠡ᠎ᠶ᠋ᠢᠨ ᠳᠤᠭᠤᠷᠢᠨ᠎ᠳᠦ ᠲᠠᠢᠯᠪᠤᠷᠢᠯᠠᠯᠳᠠ ᠬᠢᠪᠡ᠃ 

ᠪᠤᠯᠪᠠᠰᠤᠷᠠᠯ ᠨᠢ ᠲᠤᠰᠭᠠᠶ ᠰᠡᠳᠦᠪ᠎ᠢᠶᠡᠷ ᠬᠢᠴᠢᠶᠡᠯᠯᠡᠬᠦ᠌᠂ ᠬᠠᠷᠢᠯᠴᠠᠨ ᠬᠦᠳᠡᠯᠦᠯᠴᠡᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠦᠳ᠎ᠦᠨ ᠬᠣᠯᠪᠣᠭ᠎ᠠ ᠪᠣᠯᠤᠨ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶᠢᠨ ᠬᠤᠭᠤᠷᠤᠨᠳᠤᠬᠢ ᠨᠡᠪᠲᠡᠷᠡᠯᠴᠡᠭᠡ ᠵᠤᠯᠭᠠᠯᠴᠠᠭ᠎ᠠ᠎ᠶ᠋ᠢ ᠠᠬᠢᠭᠤᠯᠵᠦ᠂ ᠦᠨᠳᠦᠰᠦᠨ ᠱᠠᠲᠤᠨ᠎ᠤ ᠵᠡᠮᠳᠡᠭᠴᠤᠳ᠎ᠤᠨ ᠠᠵᠢᠯᠲᠠᠳ᠎ᠤᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠲᠤᠰᠢᠶᠠᠯ ᠬᠠᠷᠢᠭᠤᠴᠠᠯᠭ᠎ᠠ᠎ᠶ᠋ᠢᠨ ᠬᠤᠪᠢᠶᠠᠷᠢᠯᠠᠯ ᠬᠢᠭᠡᠳ ᠡᠭᠦᠷᠭᠡ ᠬᠠᠷᠠᠯᠲᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠵᠡᠮᠳᠡᠭ᠌ᠴᠦᠳ᠎ᠤᠨ ᠠᠵᠢᠯ ᠤᠯᠭᠤᠯᠲᠠ᠎ᠶᠢᠨ ᠪᠠᠲᠤᠯᠠᠭ᠎ᠠ᠎ᠶᠢᠨ ᠮᠥᠩᠭᠥ᠌ ᠲᠠᠲᠠᠪᠤᠷᠢᠯᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠬᠦ᠌᠎ᠶᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号