《ᠥᠪᠥᠷ ᠮᠣᠩᠭᠣᠯ ᠤ᠋ᠨ ᠳᠤᠷᠠᠰᠤᠮᠵᠢ》 ᠪᠠᠷᠢᠮᠳᠠᠳᠤ ᠭᠡᠷᠡᠯ ᠵᠢᠷᠤᠭ ᠤ᠋ᠨ ᠦᠵᠡᠬᠦᠯᠭᠡ ᠵᠢ 8.2 ᠲᠦᠮᠡᠨ ᠬᠦᠮᠤᠨ ᠤᠳᠠᠭ᠎ᠠ ᠰᠤᠨᠢᠷᠬᠠᠵᠠᠢ
2025-07-30 11:14:23
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

6 ᠰᠠᠷ᠎ᠠ ᠵᠢᠨ 28 ᠤ᠋ ᠡᠳᠦᠷ ᠡᠴᠡ 7 ᠰᠠᠷ᠎ᠠ ᠵᠢᠨ 13 ᠤ᠋ ᠡᠳᠦᠷ ᠪᠣᠯᠲᠠᠯ᠎ᠠ᠂ ᠬᠥᠬᠡᠬᠣᠲᠠ ᠵᠢᠨ ᠤᠷᠠᠨ ᠵᠢᠷᠤᠭ ᠤ᠋ᠨ ᠣᠷᠳᠣᠨ ᠳ᠋ᠤ ᠶᠠᠪᠤᠬᠳᠠᠬᠰᠠᠨ 《ᠥᠪᠥᠷ ᠮᠣᠩᠭᠣᠯ ᠤ᠋ᠨ ᠳᠤᠷᠠᠰᠤᠮᠵᠢ》 ᠪᠠᠷᠢᠮᠳᠠᠳᠤ ᠭᠡᠷᠡᠯ ᠵᠢᠷᠤᠭ ᠤ᠋ᠨ ᠦᠵᠡᠬᠦᠯᠭᠡ ᠵᠢ 8.2 ᠲᠦᠮᠡᠨ ᠬᠦᠮᠤᠨ ᠤᠳᠠᠭ᠎ᠠ ᠰᠤᠨᠢᠷᠬᠠᠪᠠ᠃


QQ截图20250224163902.png


ᠦᠵᠡᠭᠴᠢᠳ᠎ᠤᠨ ᠪᠠᠬ᠎ᠠ ᠵᠢ ᠲᠠᠳᠠᠬᠰᠠᠨ  ᠰᠠᠢᠬᠠᠨ  ᠦᠵᠡᠬᠦᠯᠭᠡ

ᠰᠤᠷᠪᠤᠯᠵᠢᠯᠠᠬᠴᠢ  ᠰᠢᠶᠠ ᠬᠤᠡᠭ   ᠰᠡᠬᠦᠳᠡᠷᠯᠡᠪᠡ


ᠲᠣᠰ ᠦᠵᠡᠬᠦᠯᠭᠡ ᠳ᠋ᠤ 150 ᠬᠤᠪᠢ ᠬᠣᠪᠣᠷ ᠨᠠᠨᠳᠢᠨ ᠪᠠᠷᠢᠮᠳᠠᠳᠤ ᠬᠡᠷᠡᠯ ᠵᠢᠷᠤᠭ ᠢ᠋ ᠲᠡᠯᠭᠡᠨ ᠦᠵᠡᠬᠦᠯᠵᠤ᠂ 《ᠭᠤᠳᠤᠮᠵᠢᠨ ᠳ᠋ᠠᠬᠢ ᠠᠵᠤ ᠠᠮᠢᠳᠤᠷᠠᠯ》᠂ 《ᠬᠣᠲᠠ ᠵᠢᠨ ᠢᠮ ᠲᠠᠮᠠᠭ᠎ᠠ》᠂ 《ᠲᠡᠮᠡᠴᠡᠯ ᠤ᠋ᠨ ᠢᠷᠠᠭᠤ ᠬᠠᠭᠤᠳᠠᠰᠤ》 ᠭᠡᠵᠦ᠍ 3  ᠪᠦᠯᠦᠭ ᠬᠤᠪᠢᠶᠠᠵᠠᠶ᠃ ᠬᠤᠸᠠᠷ ᠴᠡᠴᠡᠭ ᠤ᠋ᠨ ᠠᠡᠭᠭᠢᠯᠤᠮ᠎ᠠ ᠦᠨᠤᠷ ᠰᠡᠡᠭᠭᠢᠨᠡᠭᠰᠡᠨ ᠴᠡᠴᠡᠭᠳᠤ ᠲᠠᠯ᠎ᠠ ᠡᠴᠡ ᠬᠤᠳᠠ ᠵᠢᠨ ᠬᠥᠭ᠌ᠵᠢᠯᠲᠡ ᠵᠢ ᠬᠤᠷᠤᠢᠯᠠᠬᠰᠠᠨ ᠵᠡᠭᠡᠯᠢ ᠭᠤᠳᠤᠮᠵᠢ ᠬᠦᠷᠳᠡᠯ᠎ᠠ᠂ ᠲᠠᠬᠢᠭᠠᠳ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠲᠡᠮᠡᠴᠡᠯ ᠤ᠋ᠨ ᠤᠯᠠ ᠮᠥᠷ ᠬᠦᠷᠲᠡᠯ᠎ᠡ᠂ ᠬᠡᠷᠡᠯ ᠵᠢᠷᠤᠭ ᠨᠢᠭᠡᠪᠦᠷᠢ ᠨᠢ ᠴᠥᠮ ᠭᠦᠨ ᠵᠤᠵᠠᠭᠠᠨ ᠲᠡᠦᠬᠡ ᠶ᠋ᠢ ᠠᠴᠢᠶᠠᠯᠠᠵᠤ᠂ ᠰᠡᠳᠭᠢᠯ ᠬᠥᠳᠡᠯᠭᠡᠮ᠎ᠡ ᠦᠯᠢᠭᠡᠷ ᠢ᠋ ᠬᠦᠦᠷᠨᠢᠵᠦ᠍ ᠪᠢᠯᠡ᠃ ᠡᠲᠡᠭᠡᠷ ᠬᠡᠷᠡᠯ ᠵᠢᠷᠤᠭ ᠪᠤᠯ 《ᠥᠪᠥᠷ ᠮᠣᠩᠭᠣᠯ ᠤ᠋ᠨ ᠡᠳᠦᠷ ᠤ᠋ᠨ ᠰᠣᠨᠢᠨ》 ᠬᠡᠪᠯᠡᠯ ᠡᠬᠢᠯᠡᠭ᠌ᠰᠡᠨ ᠡᠴᠡ ᠨᠠᠭᠠᠰᠢ ᠨᠡᠢᠲᠡᠯᠡᠵᠦ᠍ ᠥᠩᠭᠡᠷᠡᠭ᠌ᠰᠡᠨ ᠰᠣᠨᠢᠨ ᠮᠡᠳᠡᠭᠡᠨ ᠤ᠋ ᠬᠡᠷᠡᠯ ᠵᠢᠷᠤᠭ ᠪᠣᠯᠤᠨ ᠪᠥᠬᠥ᠌ ᠤᠯᠤᠰ ᠤ᠋ᠨ ᠬᠡᠪᠴᠢᠶᠡᠨ ᠡᠴᠡ ᠴᠤᠭ᠍ᠯᠠᠭᠤᠯᠤᠭ᠍ᠰᠠᠨ ᠪᠡᠷᠢᠮᠳᠡᠳᠤ ᠬᠡᠷᠡᠯ ᠵᠢᠷᠤᠭ ᠡᠴᠡ ᠨᠠᠷᠢᠯᠢᠭ ᠰᠣᠩᠭᠣᠵᠤ ᠭᠠᠷᠭᠠᠭ᠍ᠰᠠᠨ ᠰᠤᠡᠭᠭᠤᠳᠠᠭ ᠪᠦᠳᠤᠭᠡᠯ ᠤ᠋ᠳ ᠪᠤᠯᠤᠨ᠎ᠠ᠃ ᠡᠢᠨ ᠬᠦ᠌ ᠬᠠᠭᠤᠴᠢᠨ ᠬᠡᠷᠡᠯ ᠵᠢᠷᠤᠭ ᠢ᠋ ᠳᠠᠬᠢᠨ ᠰᠡᠬᠦᠳᠡᠷᠯᠡᠵᠤ᠂ AI ᠮᠡᠷᠭᠡᠵᠢᠯ ᠢ᠋ ᠠᠰᠢᠭᠯᠠᠨ᠂ ᠳᠠᠭᠤᠤ ᠬᠥᠭ᠌ᠵᠢᠮ ᠵᠡᠷᠭᠡ ᠣᠯᠠᠨ ᠵᠠᠭᠤᠴᠢᠯᠠᠭᠤᠷ ᠤ᠋ᠨ ᠮᠡᠷᠭᠡᠵᠢᠯ ᠲᠠᠢ ᠤᠶᠠᠯᠳᠤᠭᠤᠯᠵᠤ᠂ ᠲᠡᠳᠡᠭᠡᠷ ᠪᠠᠯᠠᠷᠬᠠᠶ ᠳᠤᠷᠠᠳᠭᠠᠯ ᠢ᠋ ᠲᠣᠳᠣᠷᠬᠠᠶ ᠪᠣᠯᠭᠠᠨ᠂ ᠬᠠᠭᠤᠴᠢᠨ ᠬᠡᠷᠡᠯ ᠵᠢᠷᠤᠭ ᠢ᠋ 《ᠠᠮᠢᠯᠠᠭᠤᠯᠤᠬᠰᠠᠨ》 ᠰᠢᠨ᠎ᠠ ᠵᠢ ᠡᠬᠦᠳᠦᠭᠰᠡᠨ ᠰᠤᠳᠤᠨ ᠰᠠᠢᠬᠠᠨ ᠦᠵᠡᠬᠦᠯᠭᠡ ᠪᠤᠯᠤᠬᠰᠠᠨ ᠶᠤᠮ᠃ ᠦᠵᠡᠭᠴᠢᠳ ᠠᠬᠤᠶ ᠲᠠᠯᠠᠪᠠᠶ ᠵᠢᠨ ᠲᠣᠮᠣ ᠳᠡᠯᠭᠡᠴᠡ ᠪᠤᠶᠤ ᠬᠣᠶᠠᠷ ᠬᠡᠮᠵᠢᠯᠳᠦ ᠺᠣᠳ᠋ ᠢ᠋ ᠱᠢᠷᠪᠢᠬᠦ᠌ ᠪᠡᠷ ᠳᠡᠮᠵᠢᠨ ᠭᠱᠠᠨ ᠵᠠᠭᠤᠷ᠎ᠠ ᠳ᠋ᠤ ᠴᠠᠭ ᠤᠷᠤᠨ ᠵᠠᠢ ᠶ᠋ᠢ ᠲᠤᠪᠴᠢᠯᠠᠨ ᠥᠪᠥᠷ ᠮᠣᠩᠭᠣᠯ ᠤ᠋ᠨ ᠲᠡᠦᠬᠡ ᠵᠢᠨ ᠠᠭᠤᠯᠤᠭ᠍ᠳᠠᠬᠤᠨ᠂ ᠰᠣᠶᠣᠯ ᠤ᠋ᠨ ᠷᠢᠳᠢ ᠱᠢᠳᠢ ᠪᠠ ᠬᠥᠭ᠌ᠵᠢᠯᠲᠡ ᠵᠢᠨ ᠰᠤᠳᠠᠰᠤ᠎ᠶ᠋ᠢ ᠮᠡᠳᠡᠷᠡᠵᠤ ᠪᠤᠯᠳᠠᠭ᠃ ᠡᠨᠡ ᠨᠢ ᠬᠠᠷᠠᠭᠠᠨ ᠰᠡᠷᠡᠯ ᠤ᠋ᠨ ᠦᠪᠡᠳᠡᠭ᠌ᠰᠢ ᠨᠠᠢᠷ ᠪᠤᠯᠤᠭᠰᠠᠨ ᠵᠢᠡᠷ ᠪᠠᠷᠠᠬᠤ ᠦᠭᠡᠢ ᠨᠡᠩ ᠴᠤ᠌ ᠨᠢᠭᠡ ᠶᠤᠰᠤᠨ ᠤ᠋ ᠰᠡᠳᠭᠢᠯ ᠰᠠᠨᠠᠭᠠᠨ ᠤ᠋ ᠠᠷᠢᠭᠤᠰᠭᠠᠯ ᠪᠤᠯᠵᠠᠢ᠃ ᠲᠣᠭᠣᠷᠢᠨ ᠦᠵᠡᠭ᠌ᠴᠢ ᠨᠢᠭᠡᠪᠦᠷᠢ ᠥᠪᠥᠷ ᠮᠣᠩᠭᠣᠯ ᠤ᠋ᠨ ᠭᠡᠷᠡᠯ ᠰᠠᠴᠤᠷᠠᠩᠭᠤᠢ ᠲᠡᠦᠬᠡᠨ ᠦᠩᠭᠡᠷᠡᠯᠳᠡ ᠶ᠋ᠢ ᠡᠨᠳᠡ ᠡᠴᠡ ᠤᠯᠠᠮ ᠬᠦᠨᠵᠡᠬᠡᠢ ᠤᠢᠯᠠᠭᠠᠯ᠎ᠠ᠃

《ᠥᠪᠥᠷ ᠮᠣᠩᠭᠣᠯ ᠤ᠋ᠨ ᠳᠤᠷᠠᠰᠤᠮᠵᠢ》 ᠪᠠᠷᠢᠮᠳᠠᠳᠤ ᠭᠡᠷᠡᠯ ᠵᠢᠷᠤᠭ ᠤ᠋ᠨ ᠦᠵᠡᠬᠦᠯᠭᠡ ᠵᠢ ᠥᠪᠥᠷ ᠮᠣᠩᠭᠣᠯ ᠤ᠋ᠨ ᠡᠳᠦᠷ  ᠤ᠋ᠨ ᠰᠣᠨᠢᠨ ᠤ᠋ ᠬᠣᠷᠢᠶ᠎ᠠ ᠡᠴᠡ ᠤᠬᠠᠭᠠᠯᠠᠨ ᠰᠡᠳᠦᠵᠦ᠍ ᠭᠣᠣᠯᠯᠠᠨ ᠡᠷᠬᠢᠯᠡᠵᠡᠢ᠃ ᠡᠨᠡ ᠪᠣᠯ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ ᠵᠢᠨ ᠤᠮᠠᠷᠠᠲᠤ ᠬᠢᠯᠢ ᠵᠢᠨ ᠰᠣᠶᠣᠯ ᠤ᠋ᠨ ᠲᠦᠷᠦᠯ ᠲᠡᠮᠳᠡᠭ ᠢ᠋ ᠲᠠᠭᠤᠷᠢᠰᠤᠭᠤᠯᠬᠤ ᠭᠣᠣᠯᠳᠠᠯᠭ᠎ᠠ ᠲᠠᠶ ᠲᠦᠷᠦᠯ ᠵᠦᠢᠯ ᠤ᠋ᠨ ᠨᠢᠭᠡ ᠪᠠᠢᠵᠦ᠂ ᠡᠭᠦᠨ ᠵᠢᠡᠷ ᠳᠠᠮᠵᠢᠨ ᠤᠮᠠᠷᠠᠲᠤ ᠬᠢᠯᠢ ᠵᠢᠨ ᠰᠣᠶᠣᠯ ᠲᠡᠦᠬᠡ ᠵᠢᠨ ᠮᠠᠲᠧᠷᠢᠶᠠᠯ ᠤ᠋ᠨ ᠬᠠᠮᠠᠭᠠᠯᠠᠯᠲᠠ ᠪᠠᠢᠭᠤᠯᠤᠯᠲᠠ ᠶ᠋ᠢ ᠴᠢᠩᠭᠠᠳᠭᠠᠨ᠂ ᠤᠮᠠᠷᠠᠲᠤ ᠬᠢᠯᠢ ᠵᠢᠨ ᠰᠣᠶᠣᠯ ᠤ᠋ᠨ ᠪᠠᠶᠠᠯᠢᠭ ᠠᠭᠤᠯᠤᠭ᠍ᠳᠠᠬᠤᠨ ᠢ᠋ ᠡᠷᠢᠯᠬᠢᠯᠡᠵᠦ᠍᠂ ᠥᠪᠥᠷ ᠮᠣᠩᠭᠣᠯ ᠤ᠋ᠨ ᠡᠷᠡᠮᠡᠬᠡᠢᠯᠡᠨ ᠤᠷᠤᠭ᠍ᠰᠢᠯᠠᠭ᠍ᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶ᠋ᠢ ᠠᠮᠢᠳᠤᠯᠢᠭ ᠵᠢᠡᠷ ᠳᠡᠯᠭᠡᠨ ᠦᠵᠡᠭᠦᠯᠬᠦ᠌ ᠵᠢ ᠵᠤᠷᠢᠪᠠ᠃

《ᠥᠪᠥᠷ ᠮᠣᠩᠭᠣᠯ ᠤ᠋ᠨ ᠡᠳᠦᠷ ᠤ᠋ᠨ ᠰᠣᠨᠢᠨ》 ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠡᠴᠡ ᠪᠦᠬᠦ᠌ ᠤᠯᠤᠰ ᠤ᠋ᠨ ᠦᠨᠳᠦᠰᠦᠲᠡᠨ ᠤ᠋ ᠭᠠᠵᠠᠷ ᠣᠷᠣᠨ ᠳ᠋ᠤ ᠬᠠᠮᠤᠭ ᠤ᠋ᠨ ᠡᠷᠲᠡ ᠪᠠᠢᠭᠤᠯᠤᠭᠰᠠᠨ ᠮᠤᠵᠢ ᠵᠢᠨ ᠲᠡᠰ ᠤ᠋ᠨ ᠨᠠᠮ ᠤ᠋ᠨ ᠰᠣᠨᠢᠨ ᠪᠠᠢᠵᠤ᠂ ᠱᠢᠨ᠎ᠡ ᠴᠠᠭ ᠦᠶ᠎ᠡ ᠳ᠋ᠤ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ ᠵᠢᠨ ᠰᠤᠷᠪᠤᠯᠵᠢᠯᠠᠭ᠍ᠴᠢᠳ ᠨᠠᠢᠷᠠᠭᠤᠯᠤᠭᠴᠢᠳ ᠦᠷᠭᠦᠯᠵᠢᠯᠡᠨ ᠦᠵᠦᠭ ᠪᠢᠷ ᠪᠣᠯᠤᠨ ᠰᠡᠭᠦᠳᠡᠷᠯᠡᠬᠦ ᠮᠠᠰᠢᠨ ᠵᠢᠡᠷ ᠵᠢᠡᠨ ᠦᠪᠤᠷ ᠮᠤᠩᠭᠤᠯ ᠤ᠋ᠨ ᠢᠷᠠᠭᠤ ᠭᠠᠢᠬᠠᠮᠱᠢᠭ᠍ᠲᠤ ᠠᠶᠠᠨ ᠢ᠋ ᠲᠡᠮᠳᠡᠭ᠌ᠯᠡᠵᠦ᠍᠂ ᠳᠤᠮᠳᠠᠳᠤ ᠤᠯᠤᠰ ᠤ᠋ᠨ ᠥᠯᠢᠭᠡᠷ ᠢ᠋ ᠰᠠᠢᠲᠤᠷ ᠶᠠᠷᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号