ᠡᠷᠡᠮᠡᠬᠡᠢᠯᠡᠨ ᠤᠷᠤᠭ᠍ᠰᠢᠯᠠᠭ᠍ᠰᠠᠨ ᠲᠡᠦᠬᠡᠨ ᠶᠠᠪᠤᠴᠠ ᠵᠢᠨ ᠠᠮᠢᠳᠤᠯᠢᠭ ᠢᠯᠡᠷᠡᠬᠦᠯᠤᠯ
2025-07-30 11:31:10
ᠵᠣᠬᠢᠶᠠᠭ᠍ᠴᠢ᠄
ᠰᠤᠷᠭᠤᠭ
ᠣᠩᠱᠢᠭ᠍ᠰᠠᠨ ᠣᠳᠠᠭ᠎ᠠ᠄
★★★☆☆

— 《ᠥᠪᠥᠷ ᠮᠣᠩᠭᠣᠯ ᠤ᠋ᠨ ᠳᠤᠷᠠᠰᠤᠮᠵᠢ》 ᠪᠠᠷᠢᠮᠳᠠᠳᠤ ᠭᠡᠷᠡᠯ ᠵᠢᠷᠤᠭ ᠤ᠋ᠨ ᠦᠵᠡᠬᠦᠯᠭᠡ ᠵᠢ ᠰᠤᠨᠢᠷᠬᠠᠭᠠᠳ


ᠰᠣᠶᠣᠯ ᠤ᠋ᠨ ᠤᠷᠲᠤ ᠠᠶᠠᠨ ᠳ᠋ᠤ ᠪᠠᠷᠢᠮᠳᠠᠳᠤ ᠭᠡᠷᠡᠯ ᠵᠢᠷᠤᠭ ᠨᠢ ᠶᠠᠭ ᠯᠠ ᠨᠢᠭᠡᠨ ᠬᠥᠭᠥᠷᠭᠡ ᠱᠢᠭ ᠥᠩᠭᠡᠷᠡᠭ᠌ᠰᠡᠨ ᠪᠠ ᠣᠳᠣ ᠵᠢ ᠬᠣᠯᠪᠣᠵᠤ᠂ ᠴᠠᠭ ᠬᠤᠭᠤᠴᠠᠭ᠎ᠠ ᠣᠷᠣᠨ ᠵᠠᠶ ᠵᠢ ᠲᠤᠭᠤᠯᠵᠤ᠂ ᠲᠡᠦᠬᠡ ᠵᠢᠨ ᠬᠡᠷᠡᠯ ᠬᠢᠯᠪᠠᠭ᠎ᠠ ᠵᠢ ᠰᠠᠴᠤᠷᠠᠭᠤᠯᠤᠨ᠎ᠠ᠃ 《ᠥᠪᠥᠷ ᠮᠣᠩᠭᠣᠯ ᠤ᠋ᠨ ᠲᠤᠷᠠᠰᠤᠮᠵᠢ》 ᠪᠠᠷᠢᠮᠳᠠᠳᠤ ᠬᠡᠷᠡᠯ ᠵᠢᠷᠤᠭ ᠤ᠋ᠨ ᠦᠵᠡᠬᠦᠯᠭᠡ ᠨᠢ ᠦᠪᠡᠳᠡᠭ᠌ᠰᠢ ᠶᠡᠬᠡ ᠬᠠᠷᠠᠭᠠᠨ ᠰᠡᠷᠡᠯ ᠤ᠋ᠨ ᠲᠠᠢᠯᠠᠯᠭ᠎ᠠ ᠪᠤᠯᠤᠬᠰᠠᠨ ᠶᠤᠮ᠃ ᠲᠡᠷᠡ ᠨᠢ ᠥᠪᠥᠷ ᠮᠣᠩᠭᠣᠯ ᠤ᠋ᠨ ᠠᠵᠦ ᠠᠬᠤᠢ᠂ ᠰᠤᠶᠤᠯ ᠤᠷᠠᠯᠢᠭ᠂ ᠪᠠᠢᠭᠠᠯᠢ ᠵᠢᠨ ᠦᠡᠭᠭᠡ ᠦᠵᠡᠮᠵᠢ᠂ ᠬᠦᠮᠦᠨ ᠠᠷᠠᠳ ᠤ᠋ᠨ ᠰᠤᠶᠤᠯ ᠢᠷᠭᠡᠨᠰᠢᠯ᠂ ᠬᠤᠳᠠ ᠵᠢᠨ ᠬᠤᠪᠢᠷᠠᠯᠳᠠ ᠬᠦᠭᠵᠢᠯᠳᠡ ᠵᠡᠷᠭᠡ ᠵᠢ ᠢᠯᠡᠳᠭᠡᠨ ᠬᠠᠷᠠᠭᠤᠯᠵᠦ᠂ ᠨᠠᠮ ᠤ᠋ᠨ ᠦᠨᠳᠦᠰᠦᠲᠡᠨ ᠤ᠋ ᠲᠦᠷᠦ᠍ ᠵᠢᠨ ᠪᠤᠳᠤᠯᠭ᠎ᠠ ᠵᠢᠨ ᠲᠤᠶᠠᠭᠠᠯᠠᠯ ᠳᠣᠣᠷ᠎ᠠ᠂ ᠬᠢᠯᠢ ᠬᠢᠵᠠᠭᠠᠷ ᠣᠷᠣᠨ ᠤ᠋ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢᠨ ᠯᠤᠲᠤ ᠶᠡᠬᠡ ᠠᠮᠵᠢᠯᠲᠠ ᠪᠦᠲᠦᠮᠵᠢ ᠬᠢᠭᠡᠳ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠱᠢᠨ᠎ᠡ ᠳᠦᠷᠰᠦ ᠪᠠᠢᠳᠠᠯ ᠢ᠋ ᠲᠤᠰᠭᠠᠵᠠᠢ᠃ ᠮᠦᠨ ᠴᠸ᠋ ᠥᠪᠥᠷ ᠮᠣᠩᠭᠣᠯ ᠤ᠋ᠨ ᠠᠷᠠᠳ ᠲᠦᠮᠡᠨ ᠤ᠋ ᠨᠤᠭᠤᠷᠠᠰᠢ ᠦᠭᠡᠢ ᠡᠷᠡᠮᠡᠬᠡᠢᠯᠡᠨ ᠤᠷᠤᠭ᠍ᠰᠢᠯᠠᠬᠤ ᠤᠶᠤᠨ ᠰᠠᠨᠠᠭᠠᠨ ᠤ᠋ ᠳᠦᠷᠰᠦ ᠪᠠᠢᠳᠠᠯ ᠤ᠋ᠨ ᠠᠮᠢᠳᠤᠯᠢᠭ ᠲᠡᠮᠳᠡᠭ᠌ᠯᠡᠯ ᠪᠤᠯᠤᠬᠰᠠᠨ ᠠᠵᠢ᠃


QQ截图20250224163902.png


ᠲᠤᠭᠤᠢ ᠤᠨᠤᠵᠤ ᠪᠡᠷᠢ ᠪᠠᠭᠤᠯᠭᠠᠨ᠎ᠠ

(1986  ᠤᠨ᠂  ᠯᠢ  ᠬᠤᠡᠭ ᠪᠢᠡᠭ  ᠰᠡᠬᠦᠳᠡᠷᠯᠡᠪᠡ)


ᠲᠣᠰ ᠤᠳᠠᠭ᠎ᠠ ᠵᠢᠨ ᠦᠵᠡᠬᠦᠯᠭᠡ ᠳ᠋ᠤ 150 ᠬᠤᠪᠢ ᠬᠣᠪᠣᠷ ᠨᠠᠨᠳᠢᠨ ᠪᠠᠷᠢᠮᠳᠠᠳᠤ ᠬᠡᠷᠡᠯ ᠵᠢᠷᠤᠭ ᠢ᠋ ᠲᠡᠯᠭᠡᠨ ᠦᠵᠡᠬᠦᠯᠵᠤ᠂ 《ᠭᠤᠳᠤᠮᠵᠢᠨ ᠳ᠋ᠠᠬᠢ ᠠᠵᠤ ᠠᠮᠢᠳᠤᠷᠠᠯ》᠂ 《ᠬᠣᠲᠠ ᠵᠢᠨ ᠢᠮ ᠲᠠᠮᠠᠭ᠎ᠠ》᠂ 《ᠲᠡᠮᠡᠴᠡᠯ ᠤ᠋ᠨ ᠢᠷᠠᠭᠤ ᠬᠠᠭᠤᠳᠠᠰᠤ》 ᠭᠡᠵᠦ᠍ 3 ᠪᠦᠯᠦᠭ ᠬᠤᠪᠢᠶᠠᠵᠠᠶ᠃ ᠡᠬᠦᠨ ᠳ᠋ᠤ 《ᠭᠤᠳᠤᠮᠵᠢᠨ ᠳ᠋ᠠᠬᠢ ᠠᠵᠤ ᠠᠮᠢᠳᠤᠷᠠᠯ》 ᠪᠦᠯᠦᠭ ᠲᠸ᠋ ᠥᠪᠥᠷ ᠮᠣᠩᠭᠣᠯ ᠤ᠋ᠨ ᠥᠩᠭᠡᠷᠡᠭ᠌ᠰᠡᠨ ᠤ᠋ ᠠᠷᠠᠳ ᠤ᠋ᠨ ᠠᠮᠢᠳᠤᠷᠠᠯ ᠤ᠋ᠨ ᠪᠤᠳᠠᠳᠤ ᠪᠠᠢᠳᠠᠯ ᠢ᠋ ᠲᠡᠯᠭᠡᠪᠡ᠃ ᠠᠷᠠᠳ ᠲᠦᠮᠡᠨ ᠤ᠋ ᠬᠠᠨᠵᠤ ᠪᠡᠨ ᠲᠤᠭᠤᠷᠢᠨ ᠰᠠᠭᠤᠭᠠᠳ ᠠᠭᠤᠷ ᠪᠠᠭᠠᠬᠢᠭᠰᠠᠨ ᠬᠤᠭᠤᠯᠠ ᠪᠤᠳᠠᠭ᠎ᠠ ᠪᠡᠨ ᠵᠤᠭᠤᠬᠯᠠᠵᠤ ᠪᠠᠢᠭ᠎ᠠ ᠪᠠᠢᠳᠠᠯ᠂ ᠮᠠᠯ ᠰᠦᠷᠦᠭ ᠦᠷᠨᠢᠬᠦᠨ ᠬᠦᠭᠵᠢᠭᠰᠡᠨ ᠲᠠᠯ᠎ᠠ ᠨᠤᠲᠤᠭ ᠤ᠋ᠨ ᠦᠵᠡᠮᠵᠢ᠂ ᠭᠤᠪᠢ ᠨᠤᠳᠤᠭ ᠤ᠋ᠨ ᠲᠡᠮᠡᠭᠡᠨ ᠵᠢᠡᠭ ᠤ᠋ᠨ ᠦᠵᠡᠭᠳᠡᠯ ᠁ ᠵᠢᠷᠤᠭ ᠨᠢᠭᠡᠪᠦᠷᠢ ᠨᠢ ᠴᠥᠮ ᠤᠮᠠᠷᠠᠲᠤ ᠬᠢᠯᠢ ᠵᠢᠨ ᠠᠷᠠᠳ ᠲᠦᠮᠡᠨ ᠤ᠋ ᠠᠮᠢᠳᠤᠷᠠᠯ ᠤ᠋ᠨ ᠦᠨᠡᠨ ᠪᠣᠳᠠᠲᠠᠶ ᠵᠢᠷᠤᠭ᠍ᠯᠠᠯ ᠪᠣᠯᠬᠤ ᠶᠤᠮ᠃ ᠡᠨᠳᠡ ᠡᠴᠡ ᠭᠦᠨ ᠵᠤᠵᠠᠭᠠᠨ ᠬᠥᠮᠦᠨ ᠤ᠋ ᠶᠢᠷᠲᠢᠨᠴᠦ᠍ ᠵᠢᠨ ᠬᠠᠢᠷ᠎ᠠ ᠰᠡᠳᠬᠢᠯᠭᠡ ᠪᠠ ᠠᠮᠢᠳᠤᠷᠠᠯ ᠤ᠋ᠨ ᠦᠨᠦᠷ ᠠᠮᠲᠠ ᠵᠢ ᠮᠡᠳᠡᠷᠡᠵᠦ᠍᠂ ᠲᠡᠳᠡᠭᠡᠷ ᠪᠣᠷᠣᠭ᠍ᠵᠢᠭᠤᠨ ᠢᠨᠢᠶᠡᠮᠰᠦᠭ᠌ᠯᠡᠯ᠂ ᠶᠠᠭᠠᠷᠠᠯᠲᠠᠶ ᠪᠠᠷ᠎ᠠ ᠨᠢ ᠠᠮᠢᠳᠤᠷᠠᠯ ᠤ᠋ᠨ ᠬᠠᠮᠤᠭ ᠤ᠋ᠨ ᠦᠨᠡᠨ ᠳᠦᠷᠢ ᠵᠢ ᠪᠦᠳᠤᠭᠡᠵᠠᠢ᠃ ᠵᠢᠱ᠌ᠢᠶᠡᠯᠡᠪᠡᠯ᠂ ᠸᠠᠩ ᠱᠢᠨ ᠵᠠᠩ ᠤ᠋ᠨ 1961 ᠣᠨ ᠳ᠋ᠤ ᠰᠡᠭᠦᠳᠡᠷᠯᠡᠭ᠌ᠰᠡᠨ 《ᠪᠠᠩᠰᠢ ᠪᠠᠷᠢᠶ᠎ᠠ ᠰᠠᠢᠬᠠᠨ ᠱᠢᠨᠡᠯᠡᠶ᠎ᠡ》 ᠭᠡᠬᠦ᠌ ᠬᠡᠷᠡᠯ  ᠵᠢᠷᠤᠭ ᠲᠸ᠋ ᠠᠷᠠᠳ ᠲᠦᠮᠡᠨ ᠤ᠋ ᠵᠤᠯ ᠵᠢᠷᠭᠠᠯᠳᠤ ᠠᠮᠢᠳᠤᠷᠠᠯ ᠢ᠋ ᠢᠯᠡᠷᠡᠬᠦᠯᠦᠭᠰᠡᠨ ᠶᠤᠮ᠃ ᠲᠤᠰ ᠪᠦᠳᠤᠭᠡᠯ ᠳ᠋ᠤ ᠤᠯᠠᠭᠠᠨᠴᠠᠪ ᠠᠢᠮᠠᠭ (ᠤᠳᠤ ᠵᠢᠨ ᠤᠯᠠᠭᠠᠨᠴᠠᠪ ᠬᠤᠳᠠ) ᠤ᠋ᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠤ᠋ ᠤᠯᠠᠭᠠᠨᠬᠠᠳᠠ ᠵᠢᠨ ᠠᠷᠠᠳ ᠤ᠋ᠨ ᠨᠢᠭᠡᠳᠦᠯ ᠤ᠋ᠨ ᠬᠡᠰᠢᠬᠦᠨ ᠤ᠋ ᠨᠢᠭᠡ ᠭᠡᠷ ᠪᠦᠯᠢ ᠵᠢ ᠰᠡᠬᠦᠳᠡᠷᠯᠡᠪᠡ᠃ ᠲᠡᠳᠡ ᠪᠦᠷ ᠦᠨᠳᠤᠰᠤᠳᠡᠨ ᠤ᠋ ᠬᠤᠪᠴᠠᠰᠤ ᠵᠠᠰᠠᠯ ᠵᠢᠡᠷ ᠵᠢᠡᠨ ᠭᠤᠶᠤᠯᠠᠵᠤ᠂ ᠪᠠᠩᠰᠢ ᠪᠠᠷᠢᠵᠤ ᠪᠢᠳᠡᠬᠦᠯᠡᠬᠦ ᠪᠡᠷ ᠶᠠᠭᠠᠷᠠᠨ᠎ᠠ᠃ ᠬᠡᠷᠡᠯ ᠵᠢᠷᠤᠭ ᠲᠸ᠋ ᠪᠦᠰᠡᠬᠦᠢ ᠨᠢ ᠪᠠᠡᠭᠰᠢ ᠵᠢᠨ ᠭᠤᠯᠢᠷ ᠢ᠋ ᠨᠢᠮᠭᠡᠯᠡᠨ᠂ ᠬᠡᠷ ᠤ᠋ᠨ ᠡᠵᠡᠭᠳᠠᠢ ᠨᠢ ᠪᠠᠡᠭᠰᠢ ᠪᠠᠷᠢᠵᠤ᠂ ᠪᠢᠴᠢᠬᠠᠨ ᠬᠦᠤ ᠡᠵᠢ ᠠᠪᠤ ᠵᠢᠨ ᠵᠢᠡᠨ ᠲᠤᠮᠳᠠ ᠰᠠᠭᠤᠵᠤ᠂ ᠭᠤᠷᠪᠡᠭᠤᠯᠠ ᠨᠢᠭᠤᠷ ᠲᠦᠬᠦᠷᠡᠡᠭ ᠪᠠᠶᠠᠰᠤᠯ ᠲᠠᠢ᠂ ᠪᠦᠬᠦᠢᠯᠡ ᠬᠡᠷᠡᠯ ᠵᠢᠷᠤᠭ ᠡᠴᠡ ᠪᠢᠳᠡᠬᠦᠨ ᠤ᠋ ᠬᠤᠭᠤᠯᠠ ᠵᠢᠨ ᠬᠠᠯᠠᠭᠤᠨ ᠳᠤᠯᠠᠭᠠᠨ᠎ᠠᠭᠤᠷ ᠠᠮᠢᠰᠬᠤᠯ ᠪᠢᠯᠬᠠᠨ᠎ᠠ᠃ ᠢᠯᠠᠡᠭᠭᠤᠢ᠎ᠠ ᠬᠡᠷᠡᠯ ᠵᠢᠷᠤᠭ ᠤ᠋ᠨ ᠠᠷᠤ ᠦᠵᠡᠭᠳᠡᠯ ᠳ᠋ᠡᠬᠢ ᠠᠭᠤᠤ ᠶᠡᠭᠡ ᠤᠳᠤᠷᠢᠳᠤᠬᠴᠢ ᠮᠠᠤ ᠽᠸ᠎ᠳ᠋ᠦᠡᠭ ᠨᠦᠬᠦᠷ ᠤ᠋ᠨ ᠬᠦᠷᠦᠭ ᠵᠢᠷᠤᠭ ᠨᠢ ᠪᠦᠬᠦ ᠵᠢᠷᠤᠭ ᠤ᠋ᠨ ᠨᠢᠭᠡᠨ ᠬᠢᠯᠡᠰ ᠴᠡᠭ ᠪᠤᠯᠤᠬᠰᠠᠨ ᠪᠠᠢᠨ᠎ᠠ᠃

ᠡᠨᠡ ᠬᠦ᠌ ᠪᠦᠯᠦᠭ ᠨᠢ ᠠᠷᠠᠳ ᠲᠦᠮᠡᠨ ᠤ᠋ ᠡᠳᠦᠷ ᠲᠤᠲᠤᠮ ᠤ᠋ᠨ ᠬᠠᠯᠠᠭᠤᠨ ᠳᠤᠯᠠᠭᠠᠨ ᠠᠮᠢᠳᠤᠷᠠᠯ ᠤ᠋ᠨ ᠠᠭ᠍ᠱᠠᠨ ᠵᠠᠭᠤᠷ᠎ᠠ ᠪᠠᠷ ᠥᠪᠥᠷ ᠮᠣᠩᠭᠣᠯ ᠤ᠋ᠨ ᠠᠷᠠᠳ ᠲᠦᠮᠡᠨ ᠤ᠋ ᠠᠮᠢᠳᠤᠷᠠᠯ ᠳ᠋ᠤ ᠬᠠᠨᠳᠤᠭ᠍ᠰᠠᠨ ᠬᠠᠢᠷ᠎ᠠ ᠪᠠ ᠬᠥᠭᠡᠭᠡᠴᠡᠯᠳᠦᠯ ᠢ᠋ ᠦᠵᠡᠭᠴᠢᠳ ᠲᠦ᠍ ᠬᠠᠷᠠᠭᠤᠯᠵᠠᠢ᠃

《ᠬᠣᠲᠠ ᠵᠢᠨ ᠢᠮ ᠲᠠᠮᠠᠭ᠎ᠠ》 ᠪᠦᠯᠦᠭ ᠲᠸ᠋ ᠥᠪᠥᠷ ᠮᠣᠩᠭᠣᠯ ᠤ᠋ᠨ ᠬᠣᠲᠠ ᠪᠠᠯᠭᠠᠰᠤ ᠵᠢᠨ ᠬᠤᠪᠢᠷᠠᠯᠲᠠ ᠬᠦᠭᠵᠢᠯᠳᠡ ᠳ᠋ᠤ ᠠᠩᠬᠠᠷᠤᠯ ᠵᠢᠡᠨ ᠲᠥᠪᠯᠡᠷᠡᠭᠦᠯᠪᠡ᠃ ᠡᠷᠲᠡᠨ ᠤ᠋ ᠵᠡᠭᠡᠯᠢ ᠭᠤᠳᠤᠮᠵᠢ ᠡᠴᠡ ᠣᠳᠣᠬᠢᠴᠢᠯᠠᠭ᠍ᠰᠠᠨ ᠶᠡᠬᠡ ᠬᠤᠳᠠ ᠬᠦᠷᠲᠡᠯ᠎ᠡ᠂ ᠭᠡᠷᠡᠯ ᠵᠢᠷᠤᠭ ᠤ᠋ᠳ ᠨᠢ ᠬᠤᠳᠠ ᠵᠢᠨ ᠣᠨ ᠵᠢᠯ ᠤ᠋ᠨ ᠤᠷᠤᠰᠬᠠᠯ ᠳᠤᠮᠳᠠᠬᠢ ᠲᠡᠤᠭᠡᠨ ᠢᠮ ᠲᠠᠮᠠᠭ᠎ᠠ ᠪᠠ ᠬᠤᠪᠢᠷᠠᠯᠲᠠ ᠵᠢ ᠭᠡᠷᠡᠴᠢᠯᠡᠵᠡᠢ᠃ ᠲᠡᠳᠡᠭᠡᠷ ᠥᠩᠭᠡᠷᠡᠭ᠌ᠰᠡᠨ ᠳ᠋ᠤ ᠲᠠᠨᠢᠯ ᠲᠠᠰᠤᠯ ᠪᠠᠢᠭ᠍ᠰᠠᠨ ᠪᠠᠷᠢᠯᠭ᠎ᠠ᠂ ᠵᠡᠭᠡᠯᠢ ᠭᠤᠳᠤᠮᠵᠢ ᠨᠢᠭᠡᠨᠲᠡ ᠴᠢᠮᠡᠭᠡ ᠠᠨᠢᠷ ᠤ᠋ᠨ ᠲᠤᠮᠳᠠ ᠵᠠᠮᠬᠠᠷᠠᠬᠰᠠᠨ ᠪᠤᠶᠤ ᠠᠯᠢ ᠡᠰᠡᠬᠦᠯ᠎ᠠ ᠴᠣ ᠱᠢᠨ᠎ᠡ ᠲᠦᠷᠢ ᠲᠦᠷᠬᠦ ᠲᠠᠢ ᠪᠤᠯᠤᠨ ᠬᠦᠭᠵᠢᠵᠤ ᠪᠠᠢᠨ᠎ᠠ᠃ ᠡᠬᠦᠨ ᠳ᠋ᠤ 《ᠱᠢᠨ᠎ᠡ᠎ᠪᠡᠷ ᠮᠠᠨᠳᠤᠭ᠍ᠰᠠᠨ ᠲᠠᠯ᠎ᠠ ᠨᠤᠲᠤᠭ ᠤ᠋ᠨ ᠬᠣᠲᠠ ᠪᠠᠯᠭᠠᠰᠤ ᠰᠠᠢᠬᠠᠨᠲᠠᠯ᠎ᠠ》᠂ 《ᠥᠪᠥᠷ ᠮᠣᠩᠭᠣᠯ ᠤ᠋ᠨ ᠮᠦᠽᠧᠶ ᠣᠷᠴᠢᠮ ᠤ᠋ᠨ ᠵᠡᠭᠡᠯᠢ ᠵᠢᠨ ᠦᠵᠡᠮᠵᠢ》᠂ 《ᠨᠢᠭᠡ ᠴᠠᠭ᠍ᠳᠠᠭ᠎ᠠ ᠨᠢᠭᠡ ᠮᠠᠱᠢᠨ ᠲᠡᠷᠭᠡ·ᠬᠠᠭᠤᠴᠢᠨ ᠲᠦᠷᠰᠤ ᠱᠢᠨ᠎ᠡ ᠲᠥᠷᠬᠦ᠌ ᠪᠡᠷ ᠰᠤᠯᠢᠬᠳᠠᠨ᠎ᠠ》᠂ 《ᠡᠷᠢᠶᠡᠨ ᠬᠣᠲᠠ ᠵᠢᠨ ᠭᠠᠯᠲᠤ ᠲᠡᠷᠭᠡᠨ ᠥᠷᠲᠡᠭᠡ》 ᠵᠡᠷᠭᠡ ᠪᠦᠲᠦᠭᠡᠯ ᠨᠢ ᠬᠣᠲᠠ ᠪᠠᠯᠭᠠᠰᠤ ᠵᠢᠨ ᠬᠥᠭ᠌ᠵᠢᠯᠲᠡ ᠵᠢᠨ ᠲᠡᠮᠳᠡᠭᠯᠡᠭᠴᠢ ᠪᠤᠯᠵᠤ᠂ ᠤᠮᠠᠷᠠᠳᠤ ᠬᠢᠯᠢ ᠵᠢᠨ ᠬᠥᠭ᠌ᠵᠢᠯᠲᠡ ᠵᠢᠨ ᠤᠯᠠ ᠮᠥᠷ ᠢ᠋ ᠵᠢᠷᠤᠬᠯᠠᠬᠰᠠᠨ ᠪᠦᠭᠡᠳ ᠬᠥᠮᠦᠰ ᠤ᠋ᠨ ᠨᠤᠲᠤᠭ ᠤᠰᠤ ᠪᠠᠨ ᠮᠥᠷᠥᠭᠡᠳᠦᠨ ᠰᠠᠨᠠᠭᠠᠯᠵᠠᠬᠤ ᠠᠴᠢᠶᠠᠯᠠᠬᠴᠢ ᠪᠤᠯᠵᠠᠢ᠃ ᠰᠠᠴᠠᠨ ᠨᠦᠬᠦᠷ ᠤ᠋ᠨ 1978 ᠣᠨ ᠳ᠋ᠤ ᠰᠡᠭᠦᠳᠡᠷᠯᠡᠭ᠌ᠰᠡᠨ 《ᠡᠷᠢᠶᠡᠨ ᠬᠣᠲᠠ ᠵᠢᠨ ᠭᠠᠯᠲᠤ ᠲᠡᠷᠭᠡᠨ ᠥᠷᠲᠡᠭᠡ》 ᠪᠠᠷ ᠵᠢᠱ᠌ᠢᠶᠡᠯᠡᠬᠦ ᠳ᠋ᠤ᠂ ᠪᠦᠲᠦᠭᠡᠯ ᠨᠢ ᠲᠡᠷᠭᠡᠨ ᠥᠷᠲᠡᠭᠡ ᠵᠢᠨ ᠨᠢᠭᠡ ᠥᠨᠴᠥᠭ ᠢ᠋ ᠰᠡᠬᠦᠳᠡᠷᠯᠡᠬᠦ᠎ᠪᠠᠷ ᠳᠡᠮᠵᠢᠨ ᠬᠢᠯᠢ ᠵᠢᠨ ᠬᠣᠲᠠ ᠵᠢᠨ ᠵᠢᠵᠢᠭ ᠥᠷᠲᠡᠭᠡ ᠵᠢᠨ ᠴᠡᠴᠡᠭ᠌ᠯᠡᠨ ᠬᠥᠭ᠌ᠵᠢᠭ᠌ᠰᠡᠨ ᠪᠠᠢᠳᠠᠯ ᠢ᠋ ᠠᠮᠢᠳᠤᠯᠢᠭ ᠵᠢᠡᠷ ᠢᠯᠡᠷᠡᠭᠦᠯᠪᠡ; 70 ᠵᠢᠯ ᠤ᠋ᠨ ᠬᠥᠭ᠌ᠵᠢᠯᠲᠡ ᠪᠡᠷ ᠲᠠᠮᠵᠢᠨ ᠡᠷᠢᠶᠡᠨ ᠤ᠋ ᠭᠠᠯᠲᠤ ᠲᠡᠷᠭᠡᠨ ᠥᠷᠲᠡᠭᠡ ᠨᠢ ᠨᠢᠭᠡᠨ ᠳᠠᠮᠵᠢᠭᠤᠯᠬᠤ ᠥᠷᠲᠡᠭᠡ ᠪᠠᠢᠭ᠍ᠰᠠᠨ ᠡᠴᠡ ᠪᠠᠨ ᠵᠢᠯ ᠤ᠋ᠨ ᠪᠠᠷᠠᠭᠠᠨ ᠤ᠋ ᠬᠡᠮᠵᠢᠶ᠎ᠡ ᠨᠢ ᠮᠢᠩᠭᠠᠨ ᠲᠦᠮᠡᠨ ᠲᠣᠨ ᠢ᠋ ᠳᠠᠪᠠᠭ᠍ᠰᠠᠨ ᠤᠮᠠᠷᠠᠳᠤ ᠬᠢᠯᠢ ᠵᠢᠨ ᠱᠢᠵᠢᠷ ᠠᠯᠲᠠᠨ ᠬᠢᠯᠢ ᠵᠢᠨ ᠪᠣᠭᠣᠮᠲᠠ ᠵᠢᠨ ᠥᠷᠲᠡᠭᠡ ᠪᠣᠯᠵᠣ ᠬᠦᠭᠵᠢᠪᠡ᠃


QQ截图20250224163902.png


ᠠᠬᠠᠮᠠᠳ ᠤᠷᠠᠯᠢᠬᠴᠢᠨ ᠡᠴᠡ ᠰᠤᠷᠤᠯᠴᠠᠨ᠎ᠠ

( 1965 ᠤᠨ᠂ ᠪᠠᠮᠪᠠᠷ ᠰᠡᠬᠦᠳᠡᠷᠯᠡᠪᠡ)


ᠲᠤᠰ ᠪᠦᠯᠦᠭ ᠤ᠋ᠨ ᠬᠡᠷᠡᠯ ᠵᠢᠷᠤᠭ ᠡᠴᠡ ᠬᠣᠲᠠ ᠵᠢᠨ ᠴᠠᠭ ᠦᠶ᠎ᠡ ᠵᠢᠨ ᠤᠷᠤᠰᠭᠠᠯ ᠳᠤᠮᠳᠠᠬᠢ ᠬᠥᠭ᠌ᠵᠢᠯ ᠮᠠᠨᠳᠤᠯ ᠢ᠋ ᠲᠣᠳᠣᠷᠬᠠᠶ ᠣᠯᠵᠤ ᠬᠠᠷᠠᠨ᠂ ᠠᠵᠤ ᠠᠬᠤᠶ ᠵᠢᠨ ᠬᠥᠭ᠌ᠵᠢᠯᠲᠡ ᠵᠢᠨ ᠠᠪᠴᠢᠷᠠᠭ᠍ᠰᠠᠨ ᠯᠤᠲᠤ ᠶᠡᠬᠡ ᠬᠤᠪᠢᠷᠠᠯᠲᠠ ᠵᠢ ᠦᠨᠡᠨ ᠬᠦ᠌ ᠣᠢᠯᠠᠭᠠᠵᠤ᠂ ᠥᠪᠥᠷ ᠮᠣᠩᠭᠣᠯ ᠤ᠋ᠨ ᠣᠯᠤᠭ᠍ᠰᠠᠨ ᠠᠮᠵᠢᠯᠲᠠ ᠪᠦᠲᠦᠮᠵᠢ ᠳ᠋ᠤ ᠥᠪᠡᠷ ᠤ᠋ᠨ ᠡᠷᠬᠡ ᠥᠬᠡᠶ ᠣᠮᠣᠭ᠍ᠰᠢᠨ ᠵᠣᠷᠢᠭ᠍ᠵᠢᠬᠤ ᠶᠤᠮ᠃

《ᠲᠡᠮᠡᠴᠡᠯ ᠤ᠋ᠨ ᠢᠷᠠᠭᠤ ᠬᠠᠭᠤᠳᠠᠰᠤ》 ᠪᠦᠯᠦᠭ ᠲᠸ᠋ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠲᠡᠮᠡᠴᠡᠯ ᠤ᠋ᠨ ᠥᠩᠭᠡᠷᠡᠯᠲᠡ ᠵᠢ ᠠᠮᠢᠳᠤᠯᠢᠭ ᠵᠢᠡᠷ ᠢᠯᠡᠷᠡᠭᠦᠯᠪᠡ᠃ ᠠᠵᠤ ᠦᠢᠯᠡᠳᠪᠦᠷᠢ ᠵᠢᠨ ᠪᠦᠳᠦᠭᠡᠨ ᠪᠠᠢᠭᠤᠯᠤᠯᠲᠠ ᠡᠴᠡ ᠬᠥᠳᠡᠭᠡ ᠠᠵᠤ ᠠᠬᠤᠢ ᠵᠢᠨ ᠬᠥᠭ᠌ᠵᠢᠯᠲᠡ ᠬᠦᠷᠲᠡᠯ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠡᠴᠡ ᠰᠣᠶᠣᠯ ᠤᠷᠠᠯᠢᠭ ᠤ᠋ᠨ ᠦᠷᠨᠢᠨ ᠴᠡᠴᠡᠭ᠌ᠯᠡᠬᠦ᠌ ᠬᠦᠷᠲᠡᠯ᠎ᠡ᠂ ᠡᠯ᠎ᠠ ᠬᠦᠷᠢᠶ᠎ᠠ ᠴᠠᠷᠠᠭᠠᠨ ᠳ᠋ᠤ ᠲᠡᠮᠡᠴᠡᠭ᠌ᠰᠡᠳ ᠤ᠋ᠨ ᠴᠠᠰᠤ ᠱᠢᠭᠤᠷᠭᠠᠨ ᠢ᠋ ᠰᠥᠷᠴᠦ᠍᠂ ᠠᠭᠠᠭᠢᠮ᠎ᠠ ᠬᠠᠯᠠᠭᠤᠨ ᠳᠡᠰᠬᠢᠮ᠎ᠠ ᠬᠦᠢᠳᠡᠨ ᠢ᠋ ᠲᠤᠭᠤᠯᠵᠦ ᠶᠠᠪᠤᠭᠰᠠᠨ ᠦᠡᠭᠭᠡ ᠬᠡᠷᠡᠯᠳᠤ ᠴᠠᠭ ᠮᠦᠴᠡ ᠵᠢ ᠬᠠᠷᠠᠭᠤᠯᠤᠨ᠎ᠠ᠃ 1991 ᠣᠨ ᠳ᠋ᠤ ᠰᠡᠭᠦᠳᠡᠷᠯᠡᠭ᠌ᠰᠡᠨ 《ᠠᠴᠢᠶ᠎ᠠ ᠠᠴᠢᠵᠤ ᠡᠨᠳᠡ ᠡᠴᠡ ᠲᠠᠪᠬᠢᠶ᠎ᠠ》 ᠬᠡᠬᠦ ᠪᠦᠳᠦᠬᠡᠯ ᠵᠢᠡᠷ ᠵᠢᠱ᠌ᠢᠶᠡᠯᠡᠪᠡᠯ᠂ ᠬᠡᠷᠡᠯ ᠵᠢᠷᠤᠭ ᠨᠢ ᠥᠪᠥᠷ ᠮᠣᠩᠭᠣᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠦᠶ᠋ᠯᠡᠳᠪᠦᠷᠢ ᠵᠢᠨ ᠲᠠᠰᠤᠭ ᠵᠢᠡᠷ ᠠᠷᠤ ᠦᠵᠡᠭᠳᠡᠯ ᠵᠢᠡᠨ ᠪᠤᠯᠭᠠᠨ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠦᠯᠬᠦᠮ ᠨᠡᠢᠳᠡ ᠵᠢᠨ ᠬᠢᠨ᠎ᠮᠡᠷᠭᠡᠵᠢᠯ ᠤ᠋ᠨ ᠪᠡᠷᠬᠡ ᠪᠣᠭᠣᠮᠲᠠ ᠵᠢ ᠳᠤᠭᠤᠯᠵᠤ᠂ ᠤᠯᠤᠰ ᠤ᠋ᠨ ᠪᠠᠲᠤᠯᠠᠨ ᠬᠠᠮᠠᠭᠠᠯᠠᠯᠲᠠ ᠵᠢᠨ ᠦᠶ᠋ᠯᠡᠰ ᠲᠸ᠋ ᠡᠷᠡᠯᠬᠡᠭ᠌ᠯᠡᠨ ᠤᠷᠤᠭ᠍ᠰᠢᠯᠠᠭ᠍ᠰᠠᠨ ᠥᠯᠢᠭᠡᠷ ᠢ᠋ ᠠᠮᠢᠳᠤᠯᠢᠭ ᠵᠢᠡᠷ ᠪᠢᠴᠢᠭᠯᠡᠪᠡ᠃

ᠲᠤᠰ ᠪᠦᠯᠦᠭ ᠲᠸ᠋ ᠲᠡᠯᠭᠡᠭᠳᠡᠭᠰᠡᠨ ᠭᠡᠷᠡᠯ ᠵᠢᠷᠤᠭ ᠨᠢ ᠲᠡᠮᠡᠴᠡᠭ᠌ᠰᠡᠳ ᠤ᠋ᠨ ᠠᠷᠢᠭᠤᠨ ᠬᠥᠯᠥᠰᠥ᠍ ᠪᠡᠨ ᠤᠷᠤᠰᠭᠠᠬᠰᠠᠨ ᠭᠱᠠᠨ ᠵᠠᠭᠤᠷ᠎ᠠ ᠵᠢ ᠲᠡᠮᠳᠡᠭᠯᠡᠵᠤ᠂ ᠪᠠᠰᠠ ᠲᠡᠳᠡᠨ ᠤ᠋ ᠬᠦᠴᠢᠷ ᠪᠡᠷᠬᠡᠱᠢᠶᠡᠯ ᠡᠴᠡ ᠠᠶᠤᠬᠤ ᠦᠭᠡᠢ ᠵᠣᠷᠢᠭ ᠰᠠᠨᠠᠭ᠎ᠠ ᠵᠢ ᠢᠯᠡᠷᠡᠭᠦᠯᠪᠡ; ᠮᠦᠨ ᠴᠸ᠋ ᠥᠪᠥᠷ ᠮᠣᠩᠭᠣᠯ ᠤ᠋ᠨ ᠠᠷᠠᠳ ᠲᠦᠮᠡᠨ ᠤ᠋ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ ᠵᠢᠴᠢ ᠲᠡᠳᠡᠨ ᠤ᠋ ᠰᠠᠢᠨ ᠰᠠᠢᠬᠠᠨ ᠬᠡᠷ ᠣᠷᠣᠨ ᠵᠢᠡᠨ ᠪᠥᠲᠥᠭᠡᠨ ᠪᠠᠢᠭᠤᠯᠬᠤ ᠵᠢᠨ ᠲᠥᠯᠥᠭᠡ ᠭᠠᠷᠭᠠᠭ᠍ᠰᠠᠨ ᠴᠥᠬᠥᠷᠡᠰᠢ ᠥᠬᠡᠶ ᠵᠢᠳᠬᠦᠯ ᠴᠢᠷᠮᠠᠢᠯᠭ᠎ᠠ ᠵᠢ ᠭᠦᠨᠵᠡᠭᠡᠶ ᠣᠢᠯᠠᠭᠠᠵᠤ ᠪᠣᠯᠤᠨ᠎ᠠ; ᠪᠠᠰᠠ ᠪᠢᠳᠡᠨ ᠤ᠋ ᠱᠢᠨ᠎ᠡ ᠴᠠᠭ ᠦᠶ᠎ᠡ ᠳ᠋ᠤ ᠦᠷᠭᠦᠯᠵᠢᠯᠡᠨ ᠡᠷᠡᠯᠬᠡᠭ᠌ᠯᠡᠨ ᠲᠡᠮᠡᠴᠡᠵᠦ᠍ ᠂ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠌ ᠳ᠋ᠤ ᠬᠦᠴᠦᠨ ᠴᠢᠳᠠᠯ ᠵᠢᠡᠨ ᠡᠷᠭᠦᠬᠦ᠌ ᠵᠢ ᠵᠣᠷᠢᠭ᠍ᠵᠢᠭᠤᠯᠵᠤ ᠪᠠᠢᠬᠤ ᠪᠠᠷ ᠪᠠᠷᠠᠬᠤ ᠦᠭᠡᠢ ᠨᠡᠩ ᠴᠤ᠌ ᠬᠥᠮᠦᠰ ᠤ᠋ᠨ ᠴᠤᠭ ᠪᠠᠳᠠᠷᠠᠩᠭᠤᠢ ᠲᠡᠮᠡᠴᠡᠯ ᠤ᠋ᠨ ᠵᠣᠷᠢᠭ ᠰᠠᠨᠠᠭ᠎ᠠ ᠵᠢ ᠬᠥᠭ᠌ᠵᠢᠭᠡᠬᠦ᠌ ᠬᠥᠳᠡᠯᠭᠡᠬᠦ᠌ ᠬᠦᠴᠦᠨ ᠤ᠋ ᠡᠬᠢ ᠪᠤᠯᠠᠭ ᠪᠤᠯᠵᠤ ᠪᠠᠢᠨ᠎ᠠ᠃

AI ᠮᠡᠷᠭᠡᠵᠢᠯ ᠤ᠋ᠨ ᠬᠡᠷᠡᠭ᠌ᠯᠡᠯᠲᠡ ᠪᠣᠯ ᠲᠤᠰ ᠤᠳᠠᠭ᠎ᠠ ᠵᠢᠨ ᠦᠵᠡᠬᠦᠯᠭᠡ ᠵᠢᠨ ᠨᠢᠭᠡᠨ ᠶᠡᠬᠡ ᠭᠢᠯᠠᠰ ᠴᠡᠭ ᠪᠣᠯᠤᠨ᠎ᠠ᠃ AI ᠎ᠮᠡᠷᠭᠡᠵᠢᠯ ᠵᠢᠡᠷ ᠲᠡᠳᠡᠭᠡᠷ ᠬᠡᠷᠡᠯ ᠵᠢᠷᠤᠭ ᠢ᠋ ᠰᠡᠷᠬᠦᠭᠡᠨ ᠵᠠᠰᠠᠬᠤ ᠪᠠ ᠠᠮᠢᠯᠠᠭᠤᠯᠬᠤ ᠪᠡᠷ ᠳᠠᠮᠵᠢᠨ ᠬᠠᠭᠤᠴᠢᠨ ᠬᠡᠷᠡᠯ ᠵᠢᠷᠤᠭ ᠲᠡᠬᠢ ᠬᠥᠮᠦᠨ ᠪᠠ ᠦᠵᠡᠭ᠌ᠳᠡᠯ ᠨᠢ ᠶᠠᠭ ᠴᠠᠭ ᠣᠷᠣᠨ ᠵᠠᠶ ᠵᠢ ᠲᠤᠭᠤᠯᠵᠤ᠂ ᠨᠢᠳᠤᠨ ᠳ᠋ᠤ ᠦᠵᠡᠭᠳᠡᠮ᠎ᠠ ᠭᠠᠷ ᠲᠸ᠋ ᠪᠠᠷᠢᠬᠳᠠᠮ᠎ᠠ ᠪᠤᠯᠭᠠᠵᠠᠢ᠃ ᠪᠠᠯᠠᠷᠬᠠᠶ ᠵᠢᠷᠤᠭ ᠳᠦᠷᠰᠦ ᠨᠢ ᠲᠣᠳᠣᠷᠬᠠᠶ ᠪᠣᠯᠵᠤ᠂ ᠲᠣᠭ᠍ᠲᠠᠩᠭᠤᠶ ᠵᠢᠷᠤᠭ ᠳᠦᠷᠰᠦ ᠨᠢ ᠬᠥᠳᠡᠯᠦᠩᠭᠦᠶ ᠴᠢᠨᠠᠷ ᠤ᠋ᠨ ᠮᠡᠳᠡᠷᠡᠮᠵᠢ ᠲᠡᠶ ᠪᠣᠯᠵᠤ᠂ ᠪᠢᠳᠡᠨ ᠳ᠋ᠤ ᠲᠡᠦᠬᠡ ᠵᠢ ᠨᠡᠩ ᠦᠨᠡᠨ ᠪᠣᠳᠠᠲᠠᠶ ᠪᠠᠷ ᠮᠡᠳᠡᠷᠡᠭᠦᠯᠪᠡ᠃ ᠡᠢᠮᠦᠷᠬᠦᠦ ᠱᠢᠨ᠎ᠡ ᠵᠢ ᠡᠬᠦᠳᠦᠭᠰᠡᠨ ᠦᠵᠡᠭᠦᠯᠭᠡ ᠵᠢᠨ ᠠᠷᠭ᠎ᠠ ᠬᠡᠯᠪᠡᠷᠢ ᠨᠢ ᠲᠡᠦᠬᠡ ᠰᠣᠶᠣᠯ ᠢ᠋ ᠨᠡᠩ ᠠᠮᠢᠳᠤᠯᠢᠭ ᠢᠯᠡᠷᠡᠭᠦᠯᠦᠭ᠌ᠰᠡᠨ ᠵᠢᠡᠷ ᠪᠠᠷᠠᠬᠤ ᠦᠭᠡᠢ᠂ ᠪᠠᠰᠠ ᠨᠡᠩ ᠤᠯᠠᠨ ᠵᠠᠯᠠᠭᠤ ᠦᠵᠡᠭ᠌ᠴᠢ ᠵᠢᠨ ᠠᠩᠬᠠᠷᠤᠯ ᠢ᠋ ᠲᠠᠲᠠᠵᠤ᠂ ᠤᠯᠠᠮᠵᠢᠯᠠᠯᠲᠤ ᠰᠣᠶᠣᠯ ᠤ᠋ᠨ ᠤᠯᠠᠮᠵᠢᠯᠠᠯ ᠪᠣᠯᠤᠨ ᠬᠥᠭ᠌ᠵᠢᠯᠲᠡ ᠳ᠋ᠤ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠰᠣᠶᠣᠯ ᠤ᠋ᠨ ᠪᠦᠷᠢᠨ ᠲᠡᠭᠦᠯᠳᠡᠷ ᠠᠭᠤᠰᠤᠯᠴᠠᠯ ᠢ᠋ ᠪᠡᠶᠡᠯᠡᠭᠦᠯᠪᠡ᠃ 1958 ᠣᠨ ᠳ᠋ᠤ ᠰᠡᠬᠦᠳᠡᠷᠯᠡᠭᠰᠡᠨ 《ᠣᠷᠳᠣ ᠵᠢᠨ ᠲᠠᠭᠤᠴᠢᠨ ᠯᠾᠠᠵᠠᠪ》 ᠬᠡᠬᠦ ᠪᠦᠳᠤᠭᠡᠯ ᠢ᠋ AI ᠮᠡᠷᠭᠡᠵᠢᠯ ᠵᠢᠡᠷ ᠰᠡᠷᠬᠦᠭᠡᠨ ᠵᠠᠰᠠᠬᠰᠠᠨ ᠤ᠋ ᠲᠠᠷᠠᠭ᠎ᠠ ᠵᠢᠷᠤᠭ ᠳᠦᠷᠰᠦ ᠨᠢ ᠲᠣᠳᠣᠷᠬᠠᠶ ᠪᠣᠯᠤᠭ᠍ᠰᠠᠨ ᠵᠢᠡᠷ ᠪᠠᠷᠠᠬᠤ ᠥᠬᠡᠶ᠂ ᠢᠷᠠᠭᠤ ᠴᠢᠯᠤᠭᠡᠳᠠᠢ ᠣᠷᠳᠣ ᠵᠢᠨ ᠳᠠᠭᠤᠤ ᠵᠢᠨ ᠡᠭᠡᠰᠢᠭᠯᠡᠡᠭ ᠨᠢ ᠬᠥᠮᠦᠰ ᠢ᠋ ᠯᠾᠠᠵᠠᠪ ᠤ᠋ᠨ ᠴᠠᠭ ᠦᠶ᠎ᠡ ᠳ᠋ᠤ ᠠᠪᠠᠴᠢᠬᠰᠠᠨ ᠬᠡᠮᠡᠷ ᠁


QQ截图20250224163936.png


ᠣᠷᠳᠣ  ᠵᠢᠨ  ᠲᠠᠭᠤᠴᠢᠨ  ᠯᠾᠠᠵᠠᠪ ( ᠵᠡᠬᠦᠨ )

( 1958 ᠤᠨ ᠂  ᠡᠪ   ᠰᠡᠬᠦᠳᠡᠷᠯᠡᠪᠡ)


ᠲᠤᠰ ᠤᠳᠠᠭ᠎ᠠ ᠵᠢᠨ ᠦᠵᠡᠭᠦᠯᠭᠡ ᠨᠢ ᠵᠢᠷᠤᠭ ᠵᠢᠡᠷ ᠠᠴᠢᠶᠠᠯᠠᠪᠤᠷᠢ ᠪᠣᠯᠭᠠᠨ᠂ AI ᠮᠡᠷᠭᠡᠵᠢᠯ ᠵᠢᠡᠷ ᠠᠷᠭ᠎ᠠ ᠪᠠᠷᠢᠯ ᠵᠢᠡᠨ ᠪᠣᠯᠭᠠᠵᠤ᠂ ᠪᠢᠳᠡᠨ ᠳ᠋ᠤ ᠤᠮᠠᠷᠠᠲᠤ ᠬᠢᠯᠢ ᠵᠢᠨ ᠯᠤᠲᠤ ᠶᠡᠬᠡ ᠬᠤᠪᠢᠷᠠᠯᠲᠠ ᠵᠢ ᠦᠵᠡᠭᠦᠯᠵᠦ᠍᠂ ᠥᠪᠥᠷ ᠮᠣᠩᠭᠣᠯ ᠤ᠋ᠨ ᠠᠷᠠᠳ ᠲᠦᠮᠡᠨ ᠤ᠋ ᠲᠡᠮᠡᠴᠡᠯ ᠤ᠋ᠨ ᠵᠣᠷᠢᠭ ᠰᠠᠨᠠᠭ᠎ᠠ ᠪᠣᠯᠤᠨ ᠠᠮᠢᠳᠤᠷᠠᠯ ᠤ᠋ᠨ ᠬᠠᠯᠠᠭᠤᠨ ᠰᠡᠳᠭᠢᠯᠭᠡ ᠵᠢ ᠮᠡᠳᠡᠷᠡᠭᠦᠯᠪᠡ᠃ ᠦᠵᠡᠬᠦᠯᠭᠡ ᠨᠢ ᠥᠩᠭᠡᠷᠡᠭ᠌ᠰᠡᠨ ᠤ᠋ ᠡᠷᠭᠢᠴᠡᠭᠦᠯᠦᠯ ᠪᠤᠯᠤᠭᠰᠠᠨ ᠵᠢᠡᠷ ᠪᠠᠷᠠᠬᠤ ᠥᠬᠡᠶ ᠂ ᠨᠠᠩ ᠴᠤ᠌ ᠢᠷᠡᠭᠡᠳᠦᠶ ᠵᠢᠨ ᠪᠠᠷᠠᠯᠠᠯ ᠪᠤᠯᠬᠤ ᠶᠤᠮ᠃ ᠡᠨᠡ ᠨᠢ ᠪᠢᠳᠡᠨ ᠤ᠋ ᠱᠢᠨ᠎ᠡ ᠴᠠᠭ ᠦᠶ᠎ᠡ ᠳ᠋ᠤ ᠥᠪᠥᠷ ᠮᠣᠩᠭᠣᠯ ᠤ᠋ᠨ ᠬᠡᠷᠡᠯ ᠰᠠᠴᠤᠷᠠᠩᠭᠤᠶ ᠰᠢᠨ᠎ᠠ ᠬᠠᠭᠤᠳᠠᠰᠤ ᠵᠢ ᠦᠷᠭᠦᠯᠵᠢᠯᠡᠨ ᠪᠢᠴᠢᠭ᠌ᠯᠡᠵᠦ᠍᠂ ᠲᠤᠮᠳᠠᠳᠤ ᠵᠢᠨ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠪᠠ ᠱᠢᠨ᠎ᠡ ᠵᠢ ᠡᠭᠦᠳᠬᠦ᠌ ᠵᠠᠮ ᠳᠡᠭᠡᠷ᠎ᠡ ᠨᠡᠩ ᠬᠢᠯᠠᠯᠵᠠᠭᠰᠠᠨ ᠬᠠᠭᠤᠳᠠᠰᠤ ᠵᠢ ᠪᠢᠴᠢᠭ᠌ᠯᠡᠬᠦ᠌ ᠵᠢ ᠵᠣᠷᠢᠭ᠍ᠵᠢᠭᠤᠯᠵᠤ ᠪᠢᠯᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号