ᠴᠢᠩᠭ᠎ᠠ ᠰᠣᠯᠢᠭ ᠤᠷᠤᠰᠬᠠᠯ᠎ᠤᠨ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ
2025-07-30 16:29:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ ᠴᠢᠩᠭ᠎ᠠ ᠰᠣᠯᠢᠭ ᠤᠷᠤᠰᠬᠠᠯ᠎ᠤᠨ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠶ᠋ᠢᠲᠡᠯᠡᠪᠡ᠄

 ᠵᠢᠱ᠌ᠢᠯᠲᠡ᠎ᠪᠡᠷ 7 ᠰᠠᠷ᠎ᠠ᠎ᠶᠢᠨ 30᠎ᠤ ᠡᠳᠦᠷ᠎ᠦᠨ 09 ᠴᠠᠭ᠎ᠠᠴᠠ 7 ᠰᠠᠷ᠎ᠠ᠎ᠶᠢᠨ 31᠎ᠦ ᠡᠳᠦᠷ᠎ᠦᠨ 09 ᠴᠠᠭ ᠪᠣᠯᠲᠠᠯ᠎ᠠ᠂ ᠠᠯᠠᠱᠠ ᠠᠶ᠋ᠢᠮᠠᠭ᠎ᠤᠨ ᠵᠡᠭᠦᠨ ᠡᠮᠦᠨ᠎ᠡ ᠪᠡᠶ᠎ᠡ᠂ ᠦᠬᠠᠶ ᠬᠣᠲᠠ᠂ ᠣᠷᠳᠣᠰ ᠬᠣᠲᠠ᠎ᠶᠢᠨ ᠶᠡᠬᠡᠩᠬᠢ ᠬᠡᠰᠡᠭ᠎ᠲᠦ᠍ ᠠᠶᠤᠩᠭᠠᠲᠤ᠌ ᠪᠣᠷᠣᠭᠠᠨ ᠣᠷᠣᠨ᠎ᠠ; ᠠᠯᠠᠱᠠ ᠠᠶ᠋ᠢᠮᠠᠭ᠎ᠤᠨ ᠵᠡᠭᠦᠨ ᠡᠮᠦᠨ᠎ᠡ ᠪᠡᠶ᠎ᠡ᠂ ᠦᠬᠠᠶ ᠬᠣᠲᠠ᠎ᠶᠢᠨ ᠡᠮᠦᠨ᠎ᠡ ᠪᠡᠶ᠎ᠡ᠂ ᠣᠷᠳᠣᠰ ᠬᠣᠲᠠ᠎ᠶᠢᠨ ᠪᠠᠷᠠᠭᠤᠨ ᠡᠮᠦᠨ᠎ᠡ ᠪᠡᠶ᠎ᠡ ᠳ᠋ᠤ ᠣᠬᠣᠷ ᠬᠤᠭᠤᠴᠠᠭᠠᠨ᠎ᠤ ᠰᠢᠷᠦᠭᠦᠨ ᠪᠣᠷᠣᠭᠠᠨ ᠣᠷᠣᠵᠤ᠂ ᠴᠠᠭ᠎ᠤᠨ ᠬᠤᠷ᠎ᠠ ᠲᠤᠨᠳᠠᠰᠤᠨ᠎ᠤ ᠬᠡᠮᠵᠢᠶ᠎ᠡ ᠨᠢ 20 — 40 ᠮᠢᠯᠢᠮᠧᠲ᠋ᠷ ᠲᠤ᠌ ᠬᠦᠷᠦᠨ᠎ᠡ; ᠠᠯᠠᠱᠠ ᠠᠶ᠋ᠢᠮᠠᠭ᠎ᠤᠨ ᠵᠡᠭᠦᠨ ᠡᠮᠦᠨ᠎ᠡ ᠪᠡᠶ᠎ᠡ ᠳ᠋ᠤ ᠠᠶᠤᠩᠭᠠᠲᠤ᠌ ᠪᠣᠷᠣᠭᠠᠨ ᠤᠷᠤᠵᠤ ᠶᠡᠬᠡ ᠰᠠᠯᠬᠢ ᠰᠠᠯᠬᠢᠯᠠᠬᠤ ᠪᠤᠶᠤ ᠮᠥᠨᠳᠥᠷ ᠤᠷᠤᠨ᠎ᠠ᠃


QQ截图20250224163902.png


ᠰᠡᠷᠭᠡᠶ᠋ᠢᠯᠡᠯᠲᠡ᠎ᠶᠢᠨ ᠵᠦᠭᠯᠡᠭᠦᠷ᠄

1. ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠣᠬᠣᠷ ᠬᠤᠭᠤᠴᠠᠭᠠᠨ᠎ᠤ ᠰᠢᠷᠦᠭᠦᠨ ᠪᠣᠷᠣᠭᠠᠨ᠂ ᠠᠶᠤᠩᠭ᠎ᠠ᠎ᠠᠴᠠ ᠰᠡᠷᠭᠡᠶ᠋ᠢᠯᠡᠬᠦ᠌᠂ ᠶᠡᠬᠡ ᠰᠠᠯᠬᠢ᠎ᠠᠴᠠ ᠰᠡᠷᠭᠡᠶ᠋ᠢᠯᠡᠬᠦ᠌ ᠪᠡᠯᠡᠳᠬᠡᠯ ᠠᠵᠢᠯ᠎ᠢ ᠰᠠᠶ᠋ᠢᠲᠤᠷ ᠬᠢᠵᠦ᠍᠂ ᠴᠠᠭ ᠠᠭᠤᠷ᠎ᠤᠨ ᠰᠠᠯᠠᠭ᠎ᠠ ᠮᠥᠴᠢᠷ᠎ᠦᠳ ᠬᠥᠮᠦᠨ᠎ᠦ ᠬᠦᠴᠦ᠎ᠪᠡᠷ ᠮᠥᠨᠳᠥᠷ᠎ᠡᠴᠡ ᠰᠡᠷᠭᠡᠶ᠋ᠢᠯᠡᠬᠦ᠌ ᠪᠡᠯᠡᠳᠬᠡᠯ᠎ᠢ ᠰᠠᠶ᠋ᠢᠲᠤᠷ ᠬᠢᠬᠦ᠌ ᠬᠡᠷᠡᠭᠲᠡᠶ;

2. ᠬᠡᠷ᠎ᠦᠨ ᠭᠠᠳᠠᠨᠠᠬᠢ ᠶᠠᠪᠠᠭᠠᠨ ᠬᠥᠮᠦᠨ ᠪᠠ ᠠᠵᠢᠯᠲᠠᠨ ᠬᠡᠷ᠎ᠦᠨ ᠭᠠᠳᠠᠨᠠᠬᠢ ᠠᠵᠢᠯᠯᠠᠭ᠎ᠠ᠎ᠶᠢ ᠪᠠᠭᠠᠰᠬᠠᠵᠤ᠂ ᠰᠠᠷᠠᠪᠴᠢᠨ ᠳᠡᠭᠡᠷᠡᠬᠢ ᠵᠠᠷ ᠮᠡᠳᠡᠭᠡ᠎ᠶᠢᠨ ᠫᠠᠶ᠋ᠢᠰᠠ ᠵᠡᠷᠭᠡ᠎ᠡᠴᠡ ᠬᠣᠯᠠ ᠪᠠᠶ᠋ᠢᠬᠤ᠎ᠶᠢ ᠠᠩᠬᠠᠷᠬᠤ ᠬᠡᠷᠡᠭᠲᠡᠶ;

3. ᠭᠡᠷ᠎ᠦᠨ ᠵᠢᠭᠦᠷᠲᠡᠨ ᠠᠮᠢᠲᠠᠨ᠂ ᠮᠠᠯ ᠤᠨᠤᠭ᠎ᠠ᠎ᠶᠢ ᠫᠧᠩ᠎ᠲᠡᠶ ᠭᠠᠵᠠᠷ᠎ᠲᠤ᠌ ᠬᠥᠭᠡᠭᠡᠨ ᠣᠷᠣᠭᠤᠯᠵᠤ᠂ ᠡᠭᠦᠳᠡ ᠴᠣᠩᠬᠣ᠎ᠶᠢ ᠨᠢ ᠬᠠᠭᠠᠵᠤ ᠬᠠᠰᠢᠶ᠎ᠠ ᠰᠠᠷᠠᠪᠴᠢ᠎ᠶᠢ ᠨᠢ ᠪᠡᠬᠢᠯᠡᠬᠦ᠌ ᠬᠡᠷᠡᠭᠲᠡᠶ;

4. ᠨᠢᠰᠬᠡᠯ᠎ᠦᠨ ᠪᠠᠭᠤᠳᠠᠯ᠂ ᠲᠡᠮᠦᠷ ᠵᠠᠮ᠂  ᠲᠦᠷᠭᠡᠨ᠎ᠤ ᠵᠠᠰᠠᠮᠠᠯ ᠵᠠᠮ ᠪᠣᠯᠤᠨ ᠤᠰᠤᠨ ᠳᠡᠭᠡᠷᠡᠬᠢ ᠵᠠᠮ ᠬᠠᠷᠢᠯᠴᠠᠭ᠎ᠠ ᠵᠡᠷᠭᠡ ᠨᠢᠭᠡᠴᠢ ᠵᠢᠨ ᠬᠢᠨ ᠨᠢᠰᠦᠯᠳᠡ ᠵᠢ ᠬᠢᠵᠠᠭᠠᠷᠯᠠᠬᠤ᠂ ᠬᠤᠷᠳᠤᠴᠠ᠎ᠶᠢ ᠬᠢᠵᠠᠭᠠᠷᠯᠠᠬᠤ ᠪᠤᠶᠤ ᠲᠦᠷ ᠴᠠᠭ ᠬᠠᠭᠠᠬᠤ ᠵᠡᠷᠭᠡ ᠠᠷᠭ᠎ᠠ ᠬᠡᠮᠵᠢᠶ᠎ᠡ ᠠᠪᠴᠤ᠌᠂ ᠠᠵᠢᠯᠲᠠᠨ ᠪᠣᠯᠤᠨ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠶ;

5. ᠬᠣᠲᠠ᠂ ᠲᠠᠷᠢᠶᠠᠨ ᠭᠠᠵᠠᠷ ᠵᠡᠷᠭᠡ ᠤᠰᠤ ᠲᠠᠲᠠᠷᠠᠭᠤᠯᠬᠤ ᠰᠢᠰᠲᠧᠮ᠎ᠢ ᠪᠠᠶ᠋ᠢᠴᠠᠭᠠᠵᠤ᠂ ᠦᠶᠡᠷ ᠲᠠᠲᠠᠷᠠᠭᠤᠯᠬᠤ ᠪᠡᠯᠡᠳᠬᠡᠯ ᠪᠣᠯᠤᠨ ᠠᠭᠤᠯᠠᠨ ᠦᠶᠡᠷ᠂ ᠪᠡᠯ ᠶᠡᠭᠦᠷᠡᠬᠦ᠌᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠪᠡᠯᠡᠳᠬᠡᠯ᠎ᠢ ᠰᠠᠶ᠋ᠢᠲᠤᠷ ᠬᠢᠬᠦ᠌ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠴᠠᠬ ᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号