ᠨᠠᠰᠤᠠᠤ᠋ᠷᠳᠤ᠄ ᠲᠠᠯ᠎ᠠ ᠨᠤᠲᠤᠭ᠎ᠤᠨ 《ᠮᠣᠷᠢᠲᠤ ᠱᠢᠭᠦᠭ᠌ᠴᠢ》
2025-07-04 10:32:30
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 1 ᠤ᠋ ᠡᠳᠦᠷ᠂ ᠲᠦᠩᠯᠢᠶᠣᠤ ᠬᠣᠲᠠ᠎ᠶ᠋ᠢᠨ ᠵᠠᠷᠤᠳ ᠬᠣᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ ᠳ᠋ᠤ ᠬᠦᠷᠪᠡᠯ᠂ ᠲᠤᠰᠭᠠᠶ ᠲᠤᠱᠢᠶᠠᠯᠲᠤ ᠵᠠᠭᠠᠯᠳᠤᠬᠤ᠎ᠡᠴᠡ ᠡᠮᠦᠨᠡᠬᠢ ᠡᠶᠡᠳᠡᠭᠦᠯᠦᠭ᠌ᠴᠢ ᠨᠠᠰᠤᠠᠤ᠋ᠷᠳᠤ ᠶᠠᠭ ᠬᠡᠷᠡᠭ᠎ᠦᠨ ᠲᠠᠩᠰᠠ ᠡᠪᠬᠡᠮᠡᠯ᠎ᠢ ᠲᠦᠷᠭᠡᠨ ᠨᠢᠳᠦᠯᠡᠨ ᠤᠨᠭᠰᠢᠵᠤ᠂ ᠮᠠᠷᠭᠤᠯᠳᠤᠭᠠᠨ᠎ᠤ ᠵᠠᠩᠬᠢᠯᠠᠭ᠎ᠠ ᠵᠢᠨ ᠠᠭᠤᠯᠭ᠎ᠠ᠎ᠵᠢ ᠤᠯᠠᠭᠠᠨ ᠪᠢᠷ᠎ᠢᠶᠡᠷ ᠲᠡᠮᠳᠡᠭ᠌ᠯᠡᠨ᠂ ᠡᠶᠡᠳᠡᠭᠦᠯᠬᠦ᠌ ᠠᠵᠢᠯ ᠎ᠳᠠᠭᠠᠨ ᠪᠡᠯᠡᠳᠭᠡᠯ ᠬᠢᠵᠦ᠍ ᠪᠠᠢᠪᠠ᠃

ᠨᠠᠰᠤᠠᠤ᠋ᠷᠳᠤ ᠦᠩᠭᠡᠷᠡᠭᠰᠡᠨ ᠳ᠋ᠤ ᠵᠠᠷᠤᠳ ᠬᠣᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ ᠵᠢᠨ ᠪᠠᠶᠠᠷᠳᠤᠬᠤᠱᠢᠭᠤ ᠱᠢᠭᠦᠬᠦ᠌ ᠲᠢᠩᠬᠢᠮ᠎ᠦᠨ ᠳᠠᠷᠤᠭ᠎ᠠ ᠪᠠᠢᠵᠠᠢ᠂ ᠤᠯᠠᠨ᠎ᠢᠶᠠᠷ᠎ᠢᠶᠠᠨ ᠲᠡᠭᠦᠨ᠎ᠢ ᠨᠠᠰᠤᠨ ᠭᠡᠳᠡᠭ᠃ 30 ᠭᠠᠷᠤᠢ ᠵᠢᠯ᠎ᠦᠨ ᠲᠤᠷᠰᠢ᠂ ᠲᠡᠷᠡ ᠢᠮᠠᠭ᠍ᠲᠠ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠴᠢᠷᠮᠠᠢᠨ ᠲᠡᠮᠡᠴᠡᠵᠦ᠍᠂ ᠦᠨᠡᠨᠴᠢ ᠱᠢᠳᠤᠷᠭᠤ ᠪᠠ ᠤᠶᠤᠨ ᠤᠬᠠᠭᠠᠨ᠎ᠢᠶᠠᠷ᠎ᠢᠶᠠᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠂ ᠲᠡᠷᠡ ᠡᠳᠦᠷᠵᠢᠨ ᠲᠠᠷᠢᠶᠠᠨ ᠵᠠᠬ᠎ᠠ᠂ ᠮᠠᠯᠵᠢᠯ᠎ᠤᠨ ᠲᠠᠯᠠᠪᠠᠢ ᠪᠡᠷ ᠨᠠᠭᠠᠰᠢ ᠴᠠᠭᠠᠰᠢ ᠶᠠᠪᠤᠵᠤ᠂ ᠮᠠᠯᠵᠢᠬᠤ ᠣᠷᠣᠨ᠎ᠤ ᠤᠯᠠᠨ ᠲᠦᠮᠡᠨ᠎ᠦ ᠵᠠᠷᠭᠤᠯᠳᠤᠬᠤ᠎ᠶᠠᠪᠤᠴᠠ ᠳ᠋ᠡᠬᠢ ᠬᠦᠴᠢᠷᠳᠡᠯ᠎ᠢ ᠢᠯᠠᠨ ᠳᠠᠪᠠᠵᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠮᠠᠯᠴᠢᠳ᠎ᠤᠨ ᠭᠡᠷ᠎ᠤ᠋ᠨ ᠡᠭᠦᠳᠡᠨ ᠳ᠋ᠤ ᠱᠢᠭᠤᠳ ᠬᠦᠷᠭᠡᠵᠦ᠍᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠰᠣᠨᠣᠰᠭᠤ 《ᠮᠤᠷᠢᠲᠤ ᠱᠢᠭᠦᠭ᠌ᠴᠢ》 ᠪᠣᠯᠵᠠᠢ᠃

《ᠵᠠᠷᠢᠮ᠎ᠳᠠᠭᠠᠨ ᠨᠢᠭᠡ ᠬᠡᠷᠡᠭ᠎ᠢ ᠰᠠᠢᠲᠤᠷ ᠱᠢᠶ᠋ᠳᠪᠦᠷᠢᠯᠡᠬᠦ᠌᠎ᠶ᠋ᠢᠨ ᠲᠥᠯᠥᠭᠡ᠂ ᠵᠠᠯᠭᠠᠭ᠎ᠠ᠎ᠪᠠᠷ ᠬᠡᠲᠦ ᠤᠳᠠᠭ᠎ᠠ ᠨᠠᠭᠠᠰᠢ ᠴᠠᠭᠠᠰᠢ ᠶᠠᠪᠤᠵᠤ ᠬᠤᠶᠠᠷ ᠡᠳᠡᠬᠡᠳ᠎ᠤᠨ ᠬᠤᠭᠤᠷᠤᠨᠳᠤ ᠡᠶᠡᠳᠡᠭᠦᠯᠳᠡᠭ᠂ ᠬᠡᠷᠪᠡ ᠡᠯᠡᠰᠦᠨ ᠰᠢᠭᠤᠷᠭ᠎ᠠ᠂ ᠪᠣᠷᠣᠭᠠᠨ ᠴᠠᠰᠤ᠎ᠲᠠᠶ ᠴᠠᠭ ᠠᠭᠤᠷ᠎ᠲᠠᠭᠠᠷᠠᠯᠳᠤᠪᠠᠯ ᠲᠠᠯ᠎ᠠ ᠨᠤᠲᠤᠭ᠎ᠤᠨ ᠤᠯᠠᠩᠬᠢ ᠵᠠᠮ ᠨᠢ ᠲᠡᠷᠭᠡ ᠶᠠᠪᠤᠬᠤ᠎ᠶ᠋ᠢᠨ ᠠᠷᠭ᠎ᠠ ᠥᠬᠡᠶ ᠪᠣᠯᠵᠣ᠂ ᠵᠥᠪᠬᠡᠨ ᠮᠣᠷᠢ ᠤᠨᠤᠬᠤ ᠪᠤᠶᠤ ᠶᠠᠪᠠᠭᠠᠨ᠎ᠢᠶᠠᠷ ᠶᠠᠪᠤᠳᠠᠭ ᠪᠠᠢᠪᠠ》 ᠭᠡᠵᠦ ᠨᠠᠰᠤᠨ ᠡᠷᠭᠢᠴᠡᠭᠦᠯᠦᠨ ᠬᠡᠯᠡᠪᠡ᠃

ᠪᠠᠶᠠᠷᠳᠤᠬᠤᠱᠢᠭᠤ ᠱᠢᠭᠦᠬᠦ᠌ ᠲᠢᠩᠬᠢᠮ᠎ᠨᠢ ᠵᠠᠷᠤᠳ ᠬᠣᠱᠢᠭᠤᠨ᠎ᠤ ᠬᠣᠢᠲᠤ ᠬᠡᠰᠡᠭ᠎ᠲᠦ ᠪᠠᠢᠷᠢᠯᠠᠵᠤ᠂ ᠬᠠᠷᠢᠶ᠎ᠠ ᠣᠷᠣᠨ᠎ᠤ ᠲᠠᠯᠠᠪᠠᠶ᠎ᠨᠢ 8000 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠲᠤᠬᠠᠶ᠎ᠶ᠋ᠢᠨ ᠭᠠᠵᠠᠷ᠎ᠤᠨ ᠮᠠᠯᠴᠢᠨ ᠲᠠᠷᠢᠶᠠᠴᠢᠨ ᠲᠠᠷᠠᠬᠠᠶ ᠪᠤᠲᠠᠷᠬᠠᠶ ᠰᠠᠭᠤᠷᠢᠱᠢᠵᠤ᠂ ᠵᠠᠮ ᠬᠠᠷᠢᠯᠴᠠᠭ᠎ᠠ ᠲᠤᠢᠯ᠎ᠤᠨ ᠳᠥᠭᠥᠮ ᠦᠭᠡᠢ ᠪᠠᠢᠳᠠᠭ᠃ ᠤᠯᠠᠨ ᠲᠦᠮᠡᠨ᠎ᠦ ᠵᠠᠷᠭᠤ ᠬᠢᠬᠦ᠌᠎ᠳᠦ ᠲᠦᠬᠦᠮ ᠦᠵᠡᠭᠦᠯᠬᠦ᠌᠎ᠶ᠋ᠢᠨ ᠲᠥᠯᠥᠭᠡ᠂ ᠨᠠᠰᠤᠨ ᠤᠯᠤᠰ᠎ᠤᠨ ᠰᠦᠯᠳᠡ᠎ᠵᠢ ᠡᠭᠦᠷᠴᠦ᠍᠂ ᠬᠡᠷᠡᠭ᠎ᠤᠨ ᠲᠠᠩᠰᠠ ᠡᠪᠬᠡᠮᠡᠯ᠎ᠢᠶᠡᠨ ᠲᠤᠬᠤᠢᠯᠠᠵᠤ᠂ ᠮᠣᠷᠢ ᠳᠠᠪᠬᠢᠭᠤᠯᠤᠨ ᠨᠠᠢ᠍ᠮᠠᠨ ᠮᠢᠩᠭᠠᠨ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠲᠠᠯ᠎ᠠ ᠨᠤᠲᠤᠭ᠎ᠲᠤ 《ᠲᠣᠭᠣᠷᠢᠨ ᠱᠢᠭᠦᠬᠦ᠌ ᠲᠢᠩᠬᠢᠮ》 ᠨᠡᠭᠡᠭᠡᠵᠤ ᠪᠢᠯᠡ᠃ ᠪᠣᠳᠠᠲᠠᠢ ᠠᠵᠢᠯ᠎ᠤᠨ ᠳᠤᠮᠳᠠ ᠪᠠᠨ᠂ ᠲᠡᠷᠡ ᠨᠢᠭᠡᠨ ᠢᠵᠢ 《ᠲᠣᠭᠣᠷᠢᠨ ᠪᠠᠢᠴᠠᠭᠠᠬᠤ᠂ ᠲᠠᠩᠰᠠᠯᠠᠬᠤ᠂ ᠡᠶᠡᠳᠡᠭᠦᠯᠬᠦ᠌᠂ ᠱᠢᠭᠦᠬᠦ᠌᠂ ᠭᠦᠢᠴᠡᠳᠭᠡᠬᠦ᠌᠂ ᠵᠢᠭᠠᠬᠤ》 ᠠᠷᠠᠳ᠎ᠤᠨ ᠱᠢᠭᠦᠬᠦ᠌ ᠲᠢᠩᠬᠢᠮ᠎ᠦᠨ ᠲᠣᠭᠣᠷᠢᠨ ᠬᠡᠷᠡᠭ ᠱᠢᠢᠳᠪᠦᠷᠢᠯᠡᠬᠦ᠌ ᠵᠠᠭ᠍ᠪᠤᠷ᠎ᠢ ᠳ᠋ᠦᠩᠨᠡᠨ ᠭᠠᠷᠭᠠᠵᠤ᠂ ᠮᠠᠯᠵᠢᠬᠤ ᠣᠷᠣᠨ᠂ ᠲᠡᠯᠭᠡᠭᠦᠷ ᠬᠤᠳᠠᠯᠳᠤᠭ᠎ᠠ ᠵᠢᠨ ᠭᠠᠵᠠᠷ᠎ᠢᠶᠡᠷ ᠬᠦᠨᠵᠡᠬᠡᠢᠷᠡᠨ᠂ ᠲᠤᠬᠠᠢ᠎ᠶ᠋ᠢᠨ ᠭᠠᠵᠠᠷ᠎ᠲᠤᠨᠢ ᠬᠡᠷᠡᠭ᠎ᠢ ᠬᠦᠯᠢᠶᠡᠨ ᠠᠪᠴᠤ᠌ ᠲᠤᠬᠠᠢ᠎ᠶ᠋ᠢᠨ ᠭᠠᠵᠠᠷ᠎ᠲᠤᠨᠢ ᠲᠢᠩᠬᠢᠮ ᠨᠡᠭᠡᠭᠡᠵᠦ᠍᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠲᠠᠯ᠎ᠠ ᠨᠤᠲᠤᠭ᠎ᠤᠨ ᠬᠦᠨ ᠳ᠋ᠤ ᠬᠦᠷᠭᠡᠵᠦ᠍᠂ ᠠᠷᠠᠳ᠎ᠲᠤ ᠲᠦᠬᠦᠮ ᠦᠵᠡᠭᠦᠯᠬᠦ᠌ ᠵᠠᠷᠭᠤ᠎ᠶ᠋ᠢ ᠲᠦᠷᠭᠡᠨ᠎ᠦ ᠵᠠᠮ᠎ᠳᠤ ᠣᠷᠣᠭᠤᠯᠵᠤ᠂ ᠲᠦᠩᠯᠢᠶᠣᠤ ᠬᠤᠳᠠ᠎ᠶ᠋ᠢᠨ ᠦᠨᠳᠦᠰᠦᠨ ᠱᠠᠲᠤᠨ᠎ᠤ ᠱᠢᠭᠦᠬᠦ᠌ ᠬᠣᠷᠢᠶ᠎ᠠ᠎ᠨᠢ ᠡᠨᠡ ᠬᠦ᠌ ᠵᠠᠬᠪᠤᠷ᠎ᠢ ᠥᠷᠭᠡᠨ᠎ᠢᠶᠡᠷ ᠰᠤᠷᠤᠯᠴᠠᠨ ᠲᠦᠬᠡᠮᠡᠯᠵᠢᠬᠦᠯᠵᠡᠢ᠃

2012 ᠣᠨ᠎ᠳᠤ ᠵᠠᠷᠤᠳ ᠬᠣᠱᠢᠭᠤᠨ᠎ᠤ ᠱᠢᠭᠦᠬᠦ᠌ ᠬᠣᠷᠢᠶ᠎ᠠ ᠨᠠᠮ᠎ᠤᠨ ᠡᠭᠦᠷ᠎ᠢ ᠱᠢᠭᠦᠬᠦ᠌ ᠲᠢᠩᠬᠢᠮ᠎ᠳᠦ ᠪᠠᠢᠭᠤᠯᠵᠤ᠂ ᠦᠨᠳᠦᠰᠦᠨ ᠱᠠᠲᠤᠨ᠎ᠤ ᠱᠢᠭᠦᠬᠦ᠌ ᠲᠢᠩᠬᠢᠮ᠎ᠦᠨ ᠬᠠᠮᠲᠤᠷᠠᠭ᠍ᠰᠠᠨ ᠨᠠᠮ᠎ᠤᠨ ᠡᠭᠦᠷ᠎ᠪᠠᠢᠭᠤᠯᠵᠤ᠂ ᠨᠠᠰᠤᠠᠠᠤᠷᠲᠤ ᠨᠠᠮ᠎ᠤᠨ ᠡᠭᠦᠷ᠎ᠦᠨ ᠱᠦᠵᠢ ᠪᠣᠯᠪᠠ᠃ ᠲᠡᠷᠡ ᠨᠠᠮ᠎ᠤᠨ ᠪᠠᠢᠭᠤᠯᠤᠯᠲᠠ ᠪᠣᠯᠤᠨ ᠱᠢᠭᠦᠨ ᠲᠠᠰᠤᠯᠤᠯᠳᠠ᠎ᠶ᠋ᠢ ᠨᠢᠭ᠍ᠲᠠ ᠤᠶᠠᠯᠳᠤᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠢᠶᠠᠷ ᠦᠨᠳᠦᠰᠦᠨ ᠱᠠᠲᠤᠨ᠎ᠤ ᠱᠢᠭᠦᠨ ᠲᠠᠰᠤᠯᠤᠯᠳᠠ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠬᠠᠤᠯᠢ ᠴᠠᠭᠠᠵᠠ᠎ᠶ᠋ᠢ ᠬᠥᠳᠡᠭᠡ ᠬᠦᠷᠭᠡᠵᠦ᠍ ᠦᠨᠳᠦᠰᠦᠨ ᠱᠠᠲᠤᠨ᠎ᠤ ᠬᠠᠤᠯᠢ ᠪᠡᠷ ᠵᠠᠰᠠᠬᠤ ᠨᠡᠢᠭᠡᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠬᠠᠤᠯᠢ ᠴᠠᠭᠠᠵᠠ᠎ᠶ᠋ᠢ ᠠᠵᠤ ᠠᠬᠤᠢᠯᠠᠯ᠎ᠳᠤ ᠬᠦᠷᠭᠡᠬᠦ᠌᠎ᠶ᠋ᠢ ᠥᠷᠨᠢᠭᠦᠯᠵᠦ᠍ ᠣᠷᠣᠨ ᠨᠤᠲᠤᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠳ᠋ᠤ ᠦᠢᠯᠡᠴᠢᠯᠡᠪᠡ᠃

ᠨᠠᠰᠤᠨᠨ᠌ᠤᠷᠲᠤ᠄ 《ᠰᠢᠭᠦᠯᠲᠡ ᠨᠡᠬᠡᠬᠡᠬᠦ ᠪᠣᠯ ᠠᠷᠭ᠎ᠠ ᠪᠠᠷᠢᠯ ᠮᠥᠨ᠂ ᠠᠰᠠᠭᠤᠳᠠᠯ᠎ᠢ ᠱᠢᠢᠳᠪᠦᠷᠢᠯᠡᠬᠦ᠌ ᠪᠣᠯ ᠰᠠᠶᠢ ᠵᠠᠩᠭᠢᠯᠠᠭ᠎ᠠ ᠪᠣᠯᠤᠨ᠎ᠠ》 ᠭᠡᠵᠦ ᠦᠷᠭᠦᠯᠵᠢ ᠶᠠᠷᠢᠳᠠᠭ᠃ ᠲᠡᠷᠡ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠤᠬᠠᠮᠰᠠᠷ᠎ᠠᠴᠠ᠎ᠪᠠᠨ ᠬᠠᠤᠯᠢ᠎ᠶ᠋ᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠪᠡᠷ ᠰᠢᠢᠳᠪᠦᠷᠢᠯᠡᠬᠦ᠂ ᠠᠰᠠᠭᠤᠳᠠᠯ᠎ᠢ ᠱᠢᠢᠳᠪᠦᠷᠢᠯᠡᠬᠦ᠌᠎ᠳᠦ ᠬᠠᠤᠯᠢ᠎ᠳ᠋ᠤ ᠲᠦᠱᠢᠭ᠌ᠯᠡᠬᠦ᠌᠎ᠶ᠋ᠢ ᠢᠳᠡᠪᠬᠢᠲᠡᠢ ᠬᠦᠲᠦᠯᠦᠨ ᠵᠢᠯᠣᠭᠣᠳᠴᠤ᠌᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠵᠠᠰᠠᠬᠤ᠎ᠶ᠋ᠢ ᠴᠢᠩᠭᠠᠳᠭᠠᠨ᠂ ᠡᠶᠡᠳᠡᠭᠦᠯᠬᠦ᠌ ᠪᠠ ᠱᠢᠭᠦᠨ ᠲᠠᠰᠤᠯᠬᠤ᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠵᠥᠷᠢᠴᠡᠯ ᠵᠠᠭᠤᠷᠠᠯᠳᠤᠭᠠᠨ᠎ᠢ ᠠᠷᠢᠯᠭᠠᠵᠤ᠂ ᠣᠷᠣᠨ ᠪᠦᠰᠡ᠎ᠶ᠋ᠢᠨ ᠣᠨᠴᠠᠯᠢᠭ ᠪᠦᠬᠦᠢ 《ᠨᠠᠰᠤᠨᠨ᠌ᠤᠷᠲᠤ᠎ᠵᠢᠨ ᠡᠶᠡᠳᠡᠭᠦᠯᠬᠦ᠌ ᠠᠷᠭ᠎ᠠ》᠎ᠶ᠋ᠢ ᠪᠦᠷᠢᠯᠳᠦᠭᠦᠯᠪᠡ᠃

ᠨᠠᠰᠤᠨᠨ᠌ᠤᠷᠲᠤ᠄《ᠤᠳᠠᠭ᠎ᠠ ᠪᠦᠷᠢ᠎ᠶ᠋ᠢᠨ ᠡᠶᠡᠳᠡᠭᠦᠯᠭᠡ᠂ ᠤᠳᠠᠭ᠎ᠠ ᠪᠦᠷᠢ᠎ᠶ᠋ᠢᠨ ᠲᠤᠬᠠᠢ᠎ᠶ᠋ᠢᠨ ᠬᠥᠮᠦᠨ᠎ᠯᠦᠭᠡ᠎ᠶ᠋ᠢᠨ ᠨᠡᠪᠲᠡᠷᠡᠯᠴᠡᠭᠡ ᠳᠤᠮᠳᠠ᠂ ᠲᠤᠬᠠᠢ᠎ᠶ᠋ᠢᠨ ᠬᠥᠮᠦᠨ᠎ᠳᠦ ᠰᠢᠭᠦᠭᠴᠢ ᠲᠤᠱᠢᠶᠠᠯᠲᠠᠨ᠎ᠤ ᠲᠥᠪ ᠭᠣᠣᠯᠴᠢ ᠪᠠ ᠬᠠᠢᠷ᠎ᠠ ᠬᠠᠯᠠᠮᠵᠢ᠎ᠶ᠋ᠢ ᠮᠡᠳᠡᠷᠡᠭᠦᠯᠵᠦ᠍᠂ ᠰᠢᠭᠦᠭᠴᠢ ᠲᠤᠱᠢᠶᠠᠯᠲᠠᠨ᠎ᠤ ᠠᠷᠠᠳ ᠤᠯᠠᠨ᠎ᠤ ᠰᠡᠳᠬᠢᠯ᠎ᠳᠠᠬᠢ ᠢᠲᠡᠭᠡᠯ᠎ᠢ ᠠᠭᠠᠵᠢᠮ᠎ᠢᠶᠠᠷ ᠪᠤᠢ ᠪᠤᠯᠭᠠᠬᠤ ᠬᠡᠷᠡᠭ᠌ᠲᠡᠢ᠂ ᠡᠢᠮᠦᠷᠬᠦᠦ ᠢᠲᠡᠭᠡᠯ ᠨᠢ ᠮᠠᠨ᠎ᠤ ᠬᠠᠤᠯᠢ ᠴᠠᠭᠠᠵᠠ᠎ᠵᠢᠨ ᠱᠢᠭᠦᠨ ᠲᠠᠰᠤᠯᠬᠤ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠰᠠᠢ᠌ᠨ ᠰᠠᠢᠬᠠᠨ ᠣᠷᠴᠢᠯ᠎ᠢ ᠪᠤᠢ ᠪᠣᠯᠭᠠᠬᠤ ᠶᠤᠮ》 ᠭᠡᠪᠡ᠃

《ᠨᠠᠰᠤᠨᠨ᠌ᠤᠷᠲᠤ᠎ᠵᠢᠨ ᠡᠶᠡᠳᠡᠭᠦᠯᠬᠦ᠌ ᠠᠷᠭ᠎ᠠ》 ᠨᠢ ᠲᠤᠬᠠᠢ᠎ᠶ᠋ᠢᠨ ᠬᠥᠮᠦᠨ᠎ᠦ ᠬᠦᠯᠢᠶᠡᠨ ᠠᠪᠬᠤ ᠰᠡᠳᠬᠢᠯᠬᠡ᠎ᠶ᠋ᠢ ᠴᠢᠩᠭᠠᠳᠭᠠᠬᠤ᠎ᠪᠠᠷ ᠳᠠᠮᠵᠢᠨ᠂ ᠰᠡᠳᠭᠢᠯ᠎ᠤᠨ ᠵᠠᠢ᠎ᠶ᠋ᠢ ᠣᠢᠷᠠᠲᠤᠭᠤᠯᠵᠤ᠂ ᠲᠡᠷᠡ ᠳᠠᠷᠤᠢ᠎ᠳᠤᠨᠢ ᠬᠡᠷᠡᠭ ᠪᠤᠯᠭᠠᠨ ᠲᠠᠩᠰᠠᠯᠠᠬᠤ᠂ ᠲᠡᠷᠡ ᠳᠠᠷᠤᠢ᠎ᠳᠤᠨᠢ ᠰᠢᠭᠦᠬᠦ᠂ ᠲᠡᠷᠡ ᠳᠠᠷᠤᠢ᠎ᠳᠤᠨᠢ ᠬᠡᠷᠡᠭᠵᠢᠬᠦᠯᠬᠦ ᠬᠡᠯᠪᠡᠷᠢ ᠪᠡᠷ ᠠᠷᠠᠳ ᠤᠯᠠᠨ᠎ᠤ ᠬᠤᠭᠤᠷᠤᠨᠳᠤᠬᠢ ᠵᠠᠭᠤᠷᠠᠯᠳᠤᠭᠠᠨ᠎ᠢ ᠦᠳᠲᠡᠷ ᠲᠦᠷᠭᠡᠨ ᠰᠢᠢᠳᠪᠤᠷᠢᠯᠠᠵᠤ᠂ ᠦᠨᠳᠦᠰᠦᠨ ᠱᠠᠲᠤᠨ᠎ᠤ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠨ ᠠᠷᠢᠯᠭᠠᠬᠤ᠎ᠳᠤ ᠬᠡᠷᠡᠭ᠌ᠯᠡᠬᠦ᠌ ᠱᠢᠨ᠎ᠡ ᠠᠷᠭ᠎ᠠ ᠵᠠᠮ᠎ᠢ ᠨᠡᠭᠡᠭᠡᠵᠦ᠍᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠠᠢᠭᠤᠯᠬᠤ᠎ᠳᠤ ᠱᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

2019 ᠣᠨ᠎ᠤ 8 ᠰᠠᠷ᠎ᠠ᠎ᠳᠤ᠂ ᠨᠠᠰᠤᠨᠨ᠌ᠤᠷᠲᠤ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠪᠡ᠂ ᠲᠡᠷᠡ ᠱᠢᠭᠦᠬᠦ᠌ ᠬᠣᠷᠢᠶ᠎ᠠ ᠡᠴᠡ ᠲᠡᠬᠦᠨ᠎ᠢ ᠳᠠᠬᠢᠨ ᠤᠷᠢᠨ ᠬᠡᠷᠡᠭᠯᠡᠬᠦ ᠤᠷᠢᠯᠭ᠎ᠠ᠎ᠶ᠋ᠢ ᠦᠴᠦᠬᠡᠨ ᠴᠤ᠌ ᠲᠠᠳᠠᠭᠠᠯᠵᠠᠬᠰᠠᠨ ᠦᠬᠡᠢ ᠪᠡᠷ ᠭᠥᠯᠢᠶᠡᠨ ᠠᠪᠴᠤ᠌᠂ ᠵᠠᠷᠭᠤᠯᠳᠤᠬᠤ᠎ᠠᠴᠠ ᠡᠮᠦᠨᠡᠬᠢ ᠲᠤᠰᠭᠠᠶ ᠡᠶᠡᠳᠡᠭᠦᠯᠦᠭ᠌ᠴᠢ ᠪᠣᠯᠪᠠ᠂ ᠲᠡᠷᠡ ᠡᠶᠡᠳᠡᠭᠦᠯᠬᠦ᠌ ᠠᠵᠢᠯ᠎ᠤᠨ ᠦᠨᠳᠦᠷ ᠪᠦᠳᠦᠮᠵᠢᠳᠡᠢ ᠲᠤᠷᠱᠢᠯᠭ᠎ᠠ ᠪᠣᠯᠤᠨ ᠡᠯᠪᠡᠭ ᠪᠠᠶᠠᠯᠢᠭ ᠬᠠᠤᠯᠢ ᠴᠠᠭᠠᠵᠠ᠎ᠶ᠋ᠢᠨ ᠮᠡᠳᠡᠯᠭᠡ᠎ᠪᠠᠨ ᠴᠥᠮ ᠠᠵᠢᠯ᠎ᠤᠨ ᠳᠤᠮᠳᠠ᠎ᠪᠠᠨ ᠬᠡᠷᠡᠭ᠌ᠯᠡᠵᠦ᠍᠂ ᠦᠨᠳᠦᠰᠦᠨ ᠱᠠᠲᠤᠨ᠎ᠤ 6 ᠱᠢᠭᠦᠬᠦ᠌ ᠲᠢᠩᠬᠢᠮ᠎ᠳᠦ ᠲᠣᠭᠣᠷᠢᠨ ᠡᠶᠡᠳᠡᠭᠦᠯᠵᠦ᠍ ᠡᠬᠢᠯᠡᠪᠡ᠂ ᠣᠲᠣᠬᠠᠨ ᠪᠣᠯᠲᠠᠯ᠎ᠠ ᠨᠡᠢᠲᠡ 600 ᠭᠠᠷᠤᠶ ᠢᠷᠭᠡᠨ᠎ᠦ ᠬᠡᠷᠡᠭ᠎ᠦᠨ ᠵᠠᠭᠤᠷᠠᠯᠳᠤᠭᠠᠨ᠎ᠢ ᠡᠶᠡᠳᠡᠭᠦᠯᠦᠭ᠌ᠰᠡᠨ ᠪᠠᠢᠨ᠎ᠠ᠃

ᠭᠠᠯ ᠵᠠᠯᠠᠭᠤ᠎ᠶ᠋ᠢᠨ ᠴᠤᠭ ᠵᠢᠪᠬᠤᠭ᠎ᠠ ᠪᠠᠳᠠᠷᠠᠵᠤ ᠪᠠᠢᠭ᠍ᠰᠠᠨ᠎ᠠᠴᠠ ᠪᠠᠨ ᠵᠠᠵᠢᠨ ᠦᠰᠦ ᠪᠠᠨ ᠪᠤᠭᠤᠷᠤᠯᠲᠤᠲᠡᠯ᠎ᠡ᠂ ᠨᠠᠰᠤᠨᠨ᠌ᠤᠷᠲᠤ ᠲᠠᠯ᠎ᠠ ᠨᠤᠲᠤᠭ᠎ᠤᠨ ᠠᠷᠠᠳ ᠲᠦᠮᠡᠨ᠎ᠢ ᠰᠡᠳᠭᠢᠯ᠎ᠳᠡᠭᠡᠨ ᠪᠤᠳᠤᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠢᠭᠡᠨ ᠡᠪ ᠬᠠᠮᠲᠤ ᠨᠠᠮ᠎ᠤᠨ ᠭᠡᠱᠢᠭᠦᠨ᠂ ᠨᠢᠭᠡᠨ ᠠᠷᠠᠳ᠎ᠤᠨ ᠱᠢᠭᠦᠭ᠌ᠴᠢ᠎ᠶ᠋ᠢᠨ ᠠᠷᠠᠳ ᠲᠦᠮᠡᠨ᠎ᠦ ᠬᠠᠤᠯᠢ ᠴᠠᠭᠠᠵᠠ᠎ᠶ᠋ᠢᠨ ᠦᠢᠯᠡᠰ᠎ᠦᠨ ᠲᠦᠯᠦᠬᠡᠨ᠎ᠤ ᠡᠷᠬᠢᠮ ᠳᠡᠭᠡᠳᠦ ᠢᠲᠡᠭᠡᠯ ᠪᠢᠱᠢᠷᠡᠯ ᠪᠠ ᠬᠢᠵᠠᠭᠠᠯᠠᠰᠢ ᠦᠭᠡᠢ ᠬᠥᠭᠡᠭᠡᠴᠡᠯᠳᠦᠯ᠎ᠢ ᠲᠠᠢᠯᠪᠤᠷᠢᠯᠠᠵᠤ ᠪᠢᠯᠡ᠃ ᠦᠨᠳᠦᠰᠦᠨ ᠱᠠᠲᠤᠨ᠎ᠤ ᠬᠠᠤᠯᠢ ᠪᠠᠷᠢᠬᠤ ᠦᠢᠯᠡᠰ᠎ᠲᠤ 30 ᠭᠠᠷᠤᠢ ᠵᠢᠯ ᠵᠢᠳᠬᠦᠵᠤ᠂ ᠨᠠᠰᠤᠨᠨ᠌ᠤᠷᠲᠤ᠎ᠵᠢᠨ ᠱᠢᠭᠦᠵᠦ᠍ ᠳᠠᠭᠤᠰᠭᠠᠭ᠍ᠰᠠᠨ ᠬᠡᠷᠡᠭ 3500 ᠭᠠᠷᠤᠢ ᠪᠠᠢᠵᠤ᠂ ᠱᠢᠭᠦᠬᠦ᠌ ᠬᠤᠭᠤᠴᠠᠭ᠎ᠠ᠎ᠠᠴᠠ ᠬᠡᠲᠦᠷᠡᠭ᠌ᠰᠡᠨ ᠬᠡᠷᠡᠭ ᠨᠢᠭᠡ ᠴᠦ᠍ ᠦᠭᠡᠢ᠂ ᠬᠠᠤᠯᠢ᠎ᠶ᠋ᠢ ᠵᠥᠷᠢᠴᠡᠵᠦ᠍ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠬᠡᠷᠡᠭ ᠨᠢᠭᠡ ᠴᠦ᠍ ᠦᠭᠡᠢ᠂ ᠲᠤᠬᠠᠢ᠎ᠶ᠋ᠢᠨ ᠬᠥᠮᠦᠨ ᠰᠢᠬᠦᠯᠳᠡ ᠵᠢᠨ ᠦᠷ᠎ᠡ ᠳ᠋ᠦᠩ᠎ᠢ ᠬᠦᠯᠢᠶᠡᠬᠦ ᠦᠬᠡᠢ ᠵᠠᠭᠤᠷᠠᠯᠳᠤᠨ ᠵᠠᠭᠠᠯᠳᠤᠵᠤ ᠳᠡᠭᠡᠷ᠎ᠡ ᠱᠠᠳᠤᠨ ᠳ᠋ᠤ ᠰᠤᠷᠪᠤᠯᠵᠢᠯᠠᠯ ᠬᠢᠭᠰᠡᠨ ᠬᠡᠷᠡᠭ ᠨᠢᠭᠡ ᠴᠦ᠍ ᠦᠭᠡᠢ᠃ ᠲᠡᠭᠦᠨ᠎ᠦ ᠱᠢᠭᠦᠵᠦ᠍ ᠳᠠᠭᠤᠰᠭᠠᠭ᠍ᠰᠠᠨ ᠬᠡᠷᠡᠭ᠎ᠤᠨ ᠲᠤᠳᠤᠷ᠎ᠠ ᠡᠶᠡᠳᠡᠭᠦᠯᠬᠦ ᠪᠡᠷ ᠲᠡᠮᠵᠢᠨ ᠵᠠᠷᠭᠤᠯᠳᠤᠬᠤ ᠪᠠᠨ ᠵᠤᠬᠰᠤᠬᠰᠠᠨ ᠨᠤᠷᠮ᠎ᠠ 95% ᠡᠴᠡ ᠳᠡᠭᠡᠭ᠌ᠰᠢ ᠪᠠᠢᠵᠤ᠂ ᠲᠣᠭᠣᠷᠢᠨ ᠱᠢᠢᠳᠪᠦᠷᠢᠯᠡᠭ᠌ᠰᠡᠨ ᠬᠡᠷᠡᠭ᠎ᠤᠨ ᠡᠵᠡᠯᠡᠬᠦ ᠬᠠᠷᠢᠴᠠᠯ 60% ᠵᠢ ᠳᠠᠪᠠᠵᠤ᠂ ᠤᠯᠠᠨ ᠲᠦᠮᠡᠨ᠎ᠦ ᠰᠡᠳᠭᠢᠯ ᠬᠠᠨᠤᠮᠵᠢ ᠲᠠᠢ ᠪᠠᠢᠬᠤ ᠬᠡᠮᠵᠢᠢ᠎ᠡ 99%᠎ᠳ᠋ᠤ ᠬᠦᠷᠴᠡᠢ᠃ ᠨᠠᠰᠤᠨᠨ᠌ᠤᠷᠲᠤ ᠤᠷᠢᠳ ᠬᠣᠵᠢᠳ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠂ ᠪᠥᠬᠥ᠌ ᠤᠯᠤᠰ᠎ᠤᠨ ᠱᠢᠯᠢᠳᠡᠭ ᠱᠢᠭᠦᠬᠦ᠌ ᠲᠤᠱᠢᠶᠠᠯᠲᠠᠨ᠂ ᠪᠥᠬᠥ᠌ ᠤᠯᠤᠰ᠎ᠤᠨ ᠱᠢᠭᠦᠬᠦ᠌ ᠬᠣᠷᠢᠶᠠᠨ᠎ᠤ ᠠᠷᠠᠳ᠎ᠤᠨ ᠱᠢᠭᠦᠬᠦ᠌ ᠲᠢᠩᠬᠢᠮ᠎ᠦᠨ ᠠᠵᠢᠯ᠎ᠤᠨ ᠲᠡᠷᠢᠭᠦᠨ᠎ᠦ ᠬᠤᠪᠢ ᠬᠥᠮᠦᠨ᠂ ᠪᠥᠬᠥ᠌ ᠤᠯᠤᠰ᠎ᠤᠨ ᠱᠢᠭᠦᠬᠦ᠌ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠡᠷᠢᠭᠦᠨ᠎ᠦ ᠬᠤᠪᠢ ᠬᠥᠮᠦᠨ᠂ ᠪᠥᠬᠥ᠌ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠵᠡᠷᠭᠡ ᠢᠷᠠᠭᠤ ᠠᠯᠳᠠᠷ᠎ᠢ ᠭᠥᠷᠳᠡᠪᠡ᠃

ᠲᠦᠷᠦᠭᠦᠬᠡᠨ᠂ 2025 ᠣᠨ᠎ᠤ ᠲᠦᠷᠦᠬᠦᠦ ᠤᠯᠠᠷᠢᠯ᠎ᠤᠨ 《ᠳᠤᠮᠳᠠᠳᠤ ᠤᠯᠤᠰ᠎ᠤᠨ ᠰᠠᠢᠨ ᠬᠥᠮᠦᠨ᠎ᠦ ᠨᠡᠷᠡᠰ》 ᠢ᠋ ᠨᠡᠢᠲᠡᠯᠡᠪᠡ᠂ ᠨᠠᠰᠤᠨᠨ᠌ᠤᠷᠲᠤ ᠲᠡᠳᠡᠬᠡᠷ᠎ᠤᠨ ᠲᠤᠳᠤᠷᠠᠬᠢ ᠨᠢᠬᠡ ᠪᠤᠯᠵᠤ ᠲᠤᠳᠤᠷᠠᠵᠠᠢ᠃ ᠲᠡᠷᠡ᠂ ᠡᠨᠡ ᠪᠣᠯ ᠡᠷᠬᠢᠮ ᠳᠡᠭᠡᠳᠦ ᠢᠷᠠᠭᠤ ᠠᠯᠳᠠᠷ ᠪᠣᠯᠬᠤ ᠪᠥᠭᠡᠳ ᠨᠡᠩ ᠴᠤ᠌ ᠨᠠᠮ ᠪᠣᠯᠤᠨ ᠠᠷᠠᠳ ᠲᠦᠮᠡᠨ᠎ᠦ ᠬᠦᠨᠳᠦ ᠬᠦᠰᠡᠯ ᠨᠠᠢᠳᠠᠯᠭ᠎ᠠ ᠪᠣᠯᠤᠨ᠎ᠠ ᠭᠡᠵᠦ ᠢᠯᠡᠳᠭᠡᠪᠡ᠃ ᠨᠠᠰᠤᠨᠨ᠌ᠤᠷᠲᠤ᠄《ᠬᠣᠢᠱᠢᠳᠠ᠎ᠶ᠋ᠢᠨ ᠠᠵᠢᠯ᠎ᠤᠨ ᠳᠤᠮᠳᠠ ᠪᠠᠨ ᠪᠢ ᠵᠥᠷᠢᠴᠡᠯ ᠨᠢᠭᠡᠪᠦᠷᠢ᠎ᠶ᠋ᠢ ᠨᠡᠩ ᠨᠠᠷᠢᠨ ᠬᠢᠨᠠᠮᠠᠭᠠᠢ ᠲᠣᠬᠢᠲᠠᠢ ᠱᠢᠢᠳᠪᠦᠷᠢᠯᠡᠵᠦ᠍᠂ ᠵᠠᠭᠤᠷᠠᠯᠳᠤᠭᠠᠨ ᠨᠢᠭᠡᠪᠦᠷᠢ᠎ᠶ᠋ᠢ ᠰᠡᠳᠭᠢᠯ ᠲᠠᠯᠪᠢᠨ ᠰᠠᠢᠲᠤᠷ ᠡᠶᠡᠳᠡᠭᠦᠯᠵᠦ᠍᠂ ᠠᠷᠠᠳ ᠤᠯᠠᠨ᠎ᠢ ᠰᠡᠳᠭᠢᠯ ᠬᠠᠨᠤᠮᠵᠢᠲᠠᠢ ᠪᠣᠯᠭᠠᠬᠤ᠎ᠪᠠᠷ ᠴᠢᠷᠮᠠᠢᠵᠤ᠂ ᠲᠤᠰᠭᠠᠢ ᠮᠡᠷᠭᠡᠵᠢᠯ᠎ᠦᠨ ᠬᠠᠤᠯᠢ ᠴᠠᠭᠠᠵᠠ᠎ᠶ᠋ᠢᠨ ᠮᠡᠳᠡᠯᠭᠡ᠂ ᠡᠯᠪᠡᠭ ᠪᠠᠶᠠᠯᠢᠭ ᠬᠠᠤᠯᠢ ᠴᠠᠭᠠᠵᠠ᠎ᠶ᠋ᠢᠨ ᠲᠤᠷᠱᠢᠯᠭ᠎ᠠ᠎ᠪᠠᠷ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠥᠷᠨᠢᠨ ᠬᠥᠭ᠌ᠵᠢᠬᠦ᠌᠎ᠳᠦ ᠬᠦᠴᠦᠨ ᠨᠡᠮᠡᠷᠢᠯᠡᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号