ᠤᠷᠤᠨ ᠲᠠᠶᠠᠭᠠᠷ᠎ᠤᠨ ᠬᠦᠴᠦᠨ ᠢ᠋ ᠳᠠᠢᠴᠢᠯᠡᠵᠤ ᠪᠤᠭᠤᠮᠳᠠ ᠰᠢᠪᠳᠤᠯᠤᠨ ᠡᠷᠡᠮᠡᠭᠡᠢᠯᠡᠨ ᠤᠷᠤᠭᠰᠢᠯᠠᠨ᠎ᠠ
2025-07-04 09:59:28
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠪᠡᠷ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠤᠭᠰᠠᠨ ᠨᠢᠭᠤᠴᠠ ᠢ᠋ᠢ ᠬᠠᠢᠬᠤᠢ ①


ᠥᠪᠥᠷ ᠮᠣᠩᠭᠣᠯ ᠤ᠋ᠨ ᠡᠬᠡ ᠭᠠᠵᠠᠷ᠎ᠲᠤ ᠱᠢᠨ᠎ᠡ ᠢ᠋ᠢ ᠡᠭᠦᠳᠬᠦ᠌ ᠥᠷᠨᠢᠯᠲᠡ ᠡᠷᠴᠢᠮᠳᠠᠢ ᠶᠠᠪᠤᠭᠳᠠᠨ᠎ᠠ  —

《ᠰᠦ ᠰᠠᠭᠠᠯᠢ ᠢ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ》 ᠴᠠᠭᠠᠨ ᠢᠳᠡᠭᠡᠨ ᠤ᠋ ᠠᠵᠤ ᠦᠶ᠋ᠯᠡᠰ ᠤ᠋ᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠳᠠᠭᠠᠭᠤᠯᠵᠤ᠂ 《ᠠᠵᠤ ᠦᠶ᠋ᠯᠡᠳᠪᠦᠷᠢ ᠢ᠋ᠢᠨ ᠸᠢᠲ᠋ᠠᠮᠢᠨ》 ᠬᠣᠪᠣᠷ ᠱᠢᠷᠣᠶ ᠢ᠋ᠢᠨ 《ᠬᠦᠨᠵᠡᠭᠡᠢ ᠬᠤᠪᠢᠰᠤᠯᠲᠠ》᠂ ᠤᠰᠤᠲᠥ᠋ᠷᠥᠭ᠌ᠴᠢ ᠡᠨᠧᠷᠭᠢ ᠨᠥᠭᠡᠴᠡ ᠡᠨ᠋ᠸᠷᠬᠢ ᠢ᠋ᠢᠨ ᠬᠦᠷᠢᠶᠡᠨ ᠳ᠋ᠤ 《ᠪᠣᠬᠢᠷᠲᠤᠯ ᠥᠬᠡᠶ ᠬᠤᠪᠢᠰᠭᠠᠯ》 ᠢ᠋ ᠪᠣᠶ ᠪᠣᠯᠭᠠᠪᠠ ᠁  ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠢᠨᠵᠧᠨᠧᠷᠢᠩ ᠢ᠋ ᠡᠬᠢᠯᠡᠭᠦᠯᠦᠭ᠌ᠰᠡᠨ ᠡᠴᠡ ᠨᠠᠭᠠᠰᠢ ᠥᠪᠥᠷ ᠮᠣᠩᠭᠣᠯ ᠦᠪᠡᠷᠮᠢᠴᠡ ᠤᠨᠴᠠᠯᠢᠭᠳᠤ ᠳᠠᠪᠠᠭᠤᠯᠢᠭ ᠬᠦᠷᠢᠶᠡᠨ ᠳ᠋ᠤ ᠲᠥᠪᠯᠡᠷᠡᠭᠦᠯᠦᠨ ᠪᠣᠭᠣᠮᠲᠠ ᠱᠢᠪᠲᠤᠯᠵᠤ᠂ ᠱᠢᠨ᠎ᠡ ᠢ᠋ᠢ ᠡᠭᠦᠳᠬᠦ᠌ ᠬᠦᠭᠵᠢᠯᠲᠡ ᠡᠷᠴᠢ ᠬᠦᠴᠦᠨ ᠲᠠᠢ ᠶᠠᠪᠤᠭᠳᠠᠵᠤ ᠪᠤᠢ᠃

《ᠡᠬᠢ ᠪᠠᠶᠠᠯᠢᠭ ᠤ᠋ᠨ ᠥᠨᠳᠥᠷᠯᠢᠭ》 ᠡᠴᠡ 《ᠱᠢᠨ᠎ᠡ ᠢ᠋ᠢ ᠡᠭᠦᠳᠬᠦ᠌ ᠥᠨᠳᠥᠷᠯᠢᠭ》 ᠬᠦᠷᠲᠡᠯ᠎ᠡ᠂ ᠥᠪᠥᠷ ᠮᠣᠩᠭᠣᠯ ᠪᠦᠬᠦ᠌ ᠣᠷᠣᠨ ᠤ᠋ ᠬᠦᠴᠦᠨ ᠢ᠋ ᠳᠠᠢᠴᠢᠯᠡᠨ 《ᠪᠦᠰᠡᠯᠡᠯᠲᠡ ᠰᠢᠪᠳᠤᠯᠵᠤ》᠂ ᠨᠢᠭᠡᠨ ᠤᠳᠠᠭᠠᠨ ᠤ᠋ ᠠᠵᠤ ᠦᠢᠯᠡᠰ ᠤ᠋ᠨ ᠬᠥᠳᠡᠯᠭᠡᠬᠦ᠌ ᠬᠦᠴᠦᠨ᠎ᠢ᠋ ᠬᠦᠭᠵᠢᠭᠡᠬᠦ ᠰᠢᠨ᠎ᠠ 《ᠬᠤᠪᠢᠰᠭᠠᠯ》 ᠢ᠋ ᠦᠷᠨᠢᠭᠦᠯᠪᠠ᠃

ᠮᠡᠷᠭᠡᠵᠢᠯ ᠤ᠋ᠨ ᠱᠢᠪᠲᠤᠯᠤᠯᠲᠠ ᠠᠵᠤ ᠦᠶ᠋ᠯᠡᠰ ᠤ᠋ᠨ ᠱᠢᠨ᠎ᠡ ᠬᠥᠳᠡᠯᠭᠡᠬᠦ᠌ ᠬᠦᠴᠦᠨ ᠢ᠋ ᠬᠥᠭ᠌ᠵᠢᠭᠡᠨ᠎ᠡ

ᠤᠯᠤᠰ ᠤ᠋ᠨ ᠴᠠᠭᠠᠨ ᠢᠳᠡᠭᠡᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠥᠪ ᠲᠤ᠌ ᠬᠦᠷᠬᠦᠯᠠᠷ᠂ ᠱᠢᠨ᠎ᠡ ᠢ᠋ᠢ ᠡᠭᠦᠳᠬᠦ᠌ ᠲᠤᠷᠱᠢᠯᠲᠠ ᠢ᠋ᠢᠨ ᠲᠠᠰᠤᠭ ᠪᠤᠯᠤᠨ ᠦᠶ᠋ᠯᠡᠳᠪᠦᠷᠢᠯᠡᠯ ᠤ᠋ᠨ ᠲᠠᠰᠤᠭ ᠲᠤ᠌ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯᠲᠠᠳ ᠶᠠᠭᠠᠷᠠᠯᠲᠠᠶ ᠠᠵᠢᠯᠯᠠᠨ᠎ᠠ᠃

ᠱᠢᠨ᠎ᠡ ᠢ᠋ᠢ ᠡᠭᠦᠳᠬᠦ᠌ ᠲᠥᠪ ᠤ᠋ᠨ ᠳᠡᠭᠡᠳᠦ ᠵᠡᠷᠭᠡ ᠢ᠋ᠢᠨ ᠲᠤᠰᠭᠠᠶ ᠮᠡᠷᠭᠡᠵᠢᠯᠲᠡᠨ ᠸᠠᠩ ᠼᠠᠢ ᠶᠦᠨ ᠤ᠋ ᠪᠦᠯᠬᠦᠮ ᠢ᠋ᠢᠡᠨ ᠳᠠᠭᠠᠭᠤᠯᠤᠨ ᠰᠤᠳᠤᠯᠤᠨ ᠦᠶ᠋ᠯᠡᠳᠦᠭ᠌ᠰᠡᠨ ᠰᠦ᠋ ᠵᠢᠨ ᠤᠭᠤᠷᠠᠭ ᠢ᠋ ᠬᠠᠨᠳᠤᠯᠭ᠎ᠠ᠎ᠲᠠᠶ᠎ᠪᠠᠷ ᠭᠠᠷᠭᠠᠨ ᠠᠪᠴᠤ᠌ ᠬᠠᠮᠠᠭᠠᠯᠠᠬᠤ ᠮᠡᠷᠭᠡᠵᠢᠯ ᠪᠠ ᠪᠠᠺᠲ᠋ᠧᠷᠢ ᠥᠬᠡᠶ ᠪᠡᠷ ᠡᠭᠡᠭᠦᠯᠦᠨ ᠬᠤᠷᠢᠶᠠᠬᠤ ᠮᠡᠷᠭᠡᠵᠢᠯ ᠨᠢ ᠡᠡᠭ ᠤ᠋ᠨ ᠳᠤᠯᠠᠭᠠᠨ ᠳ᠋ᠡᠬᠢ ᠦᠨᠢᠶᠠᠨ ᠰᠦ᠋ ᠵᠢᠨ ᠤᠭᠤᠷᠠᠭ ᠤ᠋ᠨ ᠬᠠᠳᠠᠭᠠᠯᠠᠯᠲᠠ ᠢ᠋ᠢᠨ ᠨᠤᠷᠮ᠎ᠠ ᠢ᠋ᠢ 90% ᠡᠴᠡ ᠳᠡᠭᠡᠭ᠌ᠰᠢ ᠳ᠋ᠤ ᠬᠦᠷᠭᠡᠵᠤ᠂ ᠪᠥᠬᠥ᠌ ᠳᠡᠯᠡᠬᠡᠶ ᠢ᠋ᠢᠨ ᠤᠤᠭᠠᠯ ᠡᠭᠦᠳᠦᠯᠲᠡ ᠳ᠋ᠤ ᠲᠣᠭᠠᠴᠠᠭ᠍ᠳᠠᠪᠠ᠃ ᠡᠨᠡ ᠬᠦ᠌ 《ᠪᠦᠰᠠᠯᠠᠯᠲᠠ ᠱᠢᠪᠲᠤᠯᠤᠭ᠍ᠰᠠᠨ》 ᠦᠷ᠎ᠡ ᠪᠦᠲᠦᠭᠡᠯ ᠨᠢ 2024 ᠣᠨ ᠤ᠋ ᠳᠡᠯᠡᠬᠡᠢ ᠢ᠋ᠢᠨ ᠴᠠᠭᠠᠨ ᠢᠳᠡᠭᠡᠨ ᠤ᠋ ᠦᠢᠯᠡᠰ ᠤ᠋ᠨ ᠲᠦᠷᠦᠭᠦᠴᠦᠳ ᠤ᠋ᠨ ᠬᠤᠷᠠᠯ ᠳᠡᠭᠡᠷ᠎ᠡ 《ᠱᠢᠨ᠎ᠡ ᠦᠢᠯᠡᠳᠬᠦᠨ ᠢ᠋ ᠨᠡᠭᠡᠭᠡᠨ ᠬᠥᠭ᠌ᠵᠢᠭᠦᠯᠵᠦ᠍ ᠱᠢᠨ᠎ᠡ ᠢ᠋ᠢ ᠡᠭᠦᠳᠦᠭ᠌ᠰᠡᠨ ᠱᠠᠩᠨᠠᠯ》 ᠬᠦᠷᠳᠡᠵᠤ᠂ ᠳᠡᠯᠡᠬᠡᠢ ᠳ᠋ᠠᠬᠢᠨ ᠳ᠋ᠤ ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠪᠣᠳᠠᠲᠤ ᠬᠦᠴᠦᠨ ᠢ᠋ ᠢᠯᠡᠷᠡᠭᠦᠯᠦᠭ᠌ᠰᠡᠨ ᠢ᠋ᠢᠡᠷ ᠪᠠᠷᠠᠬᠤ ᠦᠭᠡᠢ ᠭᠠᠭ᠍ᠴᠠᠭᠠᠷ ᠡᠵᠡᠮᠱᠢᠯ ᠢ᠋ ᠡᠪᠳᠡᠵᠦ᠍᠂ ᠮᠠᠨ ᠤ᠋ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠠᠩᠬᠠᠳᠠᠭ᠍ᠴᠢ ᠵᠠᠩᠭᠢᠯᠠᠭ᠎ᠠ ᠢ᠋ᠢᠨ ᠲᠦᠭᠦᠬᠡᠢ ᠮᠠᠲ᠋ᠧᠷᠢᠶᠠᠯ ᠪᠣᠯᠤᠨ ᠮᠡᠷᠭᠡᠵᠢᠯ ᠤ᠋ᠨ ᠪᠠᠷᠢᠮᠵᠢᠶ᠎ᠠ ᠢ᠋ᠢᠨ ᠲᠠᠯ᠎ᠠ᠎ᠪᠠᠷ ᠪᠡᠶ᠎ᠡ ᠪᠡᠨ ᠳᠠᠭᠠᠭᠠᠵᠤ ᠡᠵᠡᠨ ᠮᠡᠳᠡᠬᠦ ᠢ᠋ᠢ ᠪᠡᠶᠡᠯᠡᠭᠦᠯᠪᠡ᠃

ᠬᠥᠳᠡᠯᠭᠡᠬᠦ᠌ ᠬᠦᠴᠦᠨ ᠢ᠋ ᠬᠤᠪᠢᠷᠠᠭᠤᠯᠬᠤ᠂ ᠪᠦᠲᠦᠴᠡ ᠢ᠋ᠢ ᠲᠣᠬᠢᠷᠠᠭᠤᠯᠬᠤ ᠵᠠᠩᠭᠢᠯᠠᠭ᠎ᠠ ᠢ᠋ᠢᠨ ᠬᠤᠭᠤᠴᠠᠭᠠᠨ ᠳ᠋ᠤ ᠣᠷᠣᠱᠢᠵᠤ ᠪᠠᠢᠭ᠎ᠠ ᠪᠤᠯᠬᠤᠷ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠪᠡᠷ ᠬᠥᠳᠡᠯᠭᠡᠭᠦᠷ ᠪᠣᠯᠭᠠᠬᠤ ᠢ᠋ᠢ ᠲᠤᠯᠭᠠᠮ ᠱᠠᠭᠠᠷᠳᠠᠵᠤ ᠪᠤᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠤᠯᠲᠠ》 ᠨᠢ ᠮᠡᠷᠭᠡᠵᠢᠯ ᠤ᠋ᠨ ᠱᠢᠪᠲᠤᠯᠤᠯᠲᠠ ᠪᠣᠯᠬᠤ᠎ᠪᠠᠷ ᠪᠠᠷᠠᠬᠤ ᠦᠭᠡᠢ᠂ ᠨᠡᠩ ᠴᠣ᠌ ᠱᠢᠨ᠎ᠡ ᠠᠵᠤ ᠦᠢᠯᠡᠰ ᠤ᠋ᠨ ᠠᠮᠢ ᠠᠬᠤᠢ ᠢ᠋ᠢ ᠪᠤᠢ ᠪᠣᠯᠭᠠᠬᠤ ᠶᠠᠪᠤᠳᠠᠯ ᠪᠣᠯᠤᠨ᠎ᠠ᠃

6 ᠰᠠᠷ᠎ᠠ ᠢ᠋ᠢᠨ 15 ᠤ᠋ ᠡᠳᠦᠷ᠂ ᠣᠷᠳᠣᠰ ᠤ᠋ᠨ ᠠᠢ ᠳ᠋ᠸ ᠮᠠᠨ ᠤᠰᠤᠲᠥ᠋ᠷᠥᠭ᠌ᠴᠢ ᠡᠨᠧᠷᠭᠢ ᠢ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ ᠤ᠋ ᠲᠤᠷᠱᠢᠯᠲᠠ ᠢ᠋ᠢᠨ ᠲᠠᠰᠤᠭ᠎ᠲᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯᠲᠠᠳ ᠶᠠᠭ ᠮᠥᠩᠭᠥᠨ ᠴᠠᠭᠠᠨ ᠦᠨᠭᠬᠡᠳᠡᠢ ᠴᠠᠬᠢᠯᠭᠠᠨ ᠵᠠᠳᠠᠯᠤᠯᠲᠠ ᠢ᠋ᠢᠨ ᠲᠥᠬᠥᠭᠡᠷᠦᠮᠵᠢ ᠢ᠋ᠢ ᠲᠤᠷᠱᠢᠨ ᠲᠣᠬᠢᠷᠠᠭᠤᠯᠵᠤ ᠪᠠᠢᠪᠠ᠃ ᠥᠨᠳᠥᠷ ᠬᠦᠴᠦᠳᠠᠯ ᠤ᠋ᠨ ᠲᠤᠷᠰᠢᠯᠲᠠ ᠢ᠋ᠢᠨ ᠲᠠᠪᠴᠠᠩ᠎ᠨᠢ ᠴᠠᠬᠢᠯᠭᠠᠨ ᠭᠦᠶᠦᠳᠡᠯ ᠤ᠋ᠨ ᠲᠣᠭ᠎ᠠ ᠪᠠᠷᠢᠮᠲᠠ ᠢ᠋ᠢ ᠴᠠᠭ ᠲᠤᠬᠠᠶ ᠳ᠋ᠤᠨᠢ ᠢᠯᠡᠷᠡᠭᠦᠯᠵᠦ᠍᠂ ᠵᠠᠪᠰᠠᠷ ᠤ᠋ᠨ ᠲᠤᠷᠱᠢᠯᠲᠠ ᠢ᠋ᠢᠨ ᠦᠶ᠋ᠯᠡᠳᠪᠦᠷᠢᠯᠡᠯ ᠤ᠋ᠨ ᠱᠤᠭᠤᠮ ᠳ᠋ᠡᠬᠢ ᠨᠡᠢᠯᠡᠮᠡᠯ ᠪᠦᠷᠬᠦᠪᠴᠢ ᠢ᠋ᠢ ᠶᠠᠭ ᠲᠣᠭ᠍ᠲᠠᠭ᠍ᠰᠠᠨ ᠪᠠᠷᠢᠮᠵᠢᠶ᠎ᠠ᠎ᠪᠠᠷ ᠤᠷᠢᠶᠠᠨ ᠬᠡᠯᠪᠡᠷᠢᠵᠢᠭᠦᠯᠵᠤ ᠪᠣᠶ᠃

《ᠮᠠᠨ᠎ᠦ ᠬᠠᠷᠠᠯᠲᠠ ᠪᠣᠯ ᠤᠰᠤᠲᠥ᠋ᠷᠥᠭ᠌ᠴᠢ ᠡᠨᠧᠷᠭᠢ ᠢ᠋ᠢᠨ ᠲᠣᠨᠣᠭ᠍ᠯᠠᠯ ᠢ᠋ ᠦᠨᠡᠨ ᠬᠦ᠌ ᠣᠷᠣᠨ ᠨᠤᠲᠤᠭ᠍ᠴᠢᠯᠠᠵᠤ᠂ ᠱᠢᠨ᠎ᠡ ᠡᠨᠧᠷᠭᠢ ᠢ᠋ᠢ ᠶᠡᠬᠡ ᠬᠡᠪᠴᠢᠶ᠎ᠡ ᠪᠡᠷ ᠱᠢᠩᠭᠡᠭᠡᠬᠦ᠌ ᠳ᠋ᠤ ᠬᠦᠴᠦᠲᠡᠶ ᠲᠤᠯᠭᠠᠭᠤᠷᠢᠯᠠᠯ ᠬᠠᠩᠭᠠᠨ᠎ᠠ》 ᠭᠡᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠰᠢᠪᠲᠤᠯᠬᠤ》 ᠤᠰᠤᠲᠥ᠋ᠷᠥᠭ᠌ᠴᠢ ᠡᠨᠧᠷᠭᠢ ᠢ᠋ᠢᠨ ᠴᠡᠭ ᠤ᠋ᠨ ᠬᠠᠮᠢᠶ᠎ᠠ ᠪᠥᠬᠥᠶ ᠲᠥᠷᠥᠯ ᠵᠦᠶ᠋ᠯ ᠤ᠋ᠨ ᠬᠠᠷᠢᠭᠤᠴᠠᠯᠭᠠᠲᠠᠨ ᠲᠠᠨᠢᠯᠴᠠᠭᠤᠯᠤᠯ᠎ᠠ᠃

ᠱᠦᠯᠲᠦᠯᠢᠭ ᠴᠠᠬᠢᠯᠭᠠᠨ ᠵᠠᠳᠠᠯᠤᠯᠲᠠ ᠢ᠋ᠢᠨ ᠠᠵᠢᠯᠯᠠᠬᠤ ᠤᠭ ᠶᠣᠰᠣ᠎ᠨᠢ ᠦᠵᠡᠬᠦ᠌ ᠳ᠋ᠤ ᠳᠥᠭᠥᠮᠬᠡᠨ ᠱᠢᠭ ᠪᠣᠯᠪᠠᠴᠤ᠌ ᠴᠠᠬᠢᠯᠭᠠᠨ ᠡᠨᠧᠷᠭᠢ ᠪᠡᠷ ᠳᠠᠮᠵᠢᠨ ᠤᠰᠤ ᠢ᠋ᠢ ᠤᠰᠤᠲᠥ᠋ᠷᠥᠭ᠌ᠴᠢ ᠬᠡᠢ ᠪᠣᠯᠤᠨ ᠬᠦᠴᠢᠯᠲᠥ᠋ᠷᠥᠭ᠌ᠴᠢ ᠬᠡᠢ ᠪᠣᠯᠭᠠᠨ ᠵᠠᠳᠠᠷᠠᠭᠤᠯᠳᠠᠭ᠂ ᠭᠡᠪᠡᠴᠦ᠍ ᠲᠡᠭᠦᠨ ᠢ᠋ ᠥᠨᠳᠥᠷ ᠪᠦᠲᠦᠮᠵᠢᠲᠡᠢ᠂ ᠲᠣᠭ᠍ᠲᠠᠪᠤᠷᠢᠲᠠᠢ᠂ ᠥᠪᠡᠷ ᠤ᠋ᠨ ᠦᠷᠲᠡᠭ᠎ᠢ᠋ᠢᠡᠷ ᠳᠤᠤᠷ᠎ᠠ ᠠᠵᠢᠯᠯᠠᠭᠤᠯᠬᠤ ᠭᠡᠪᠡᠯ ᠬᠠᠷᠢᠨ ᠮᠠᠲ᠋ᠧᠷᠢᠶᠠᠯ᠂ ᠤᠷᠠᠯᠠᠯ᠂ ᠱᠢᠰᠲ᠋ᠧᠮ ᠤ᠋ᠨ ᠬᠤᠷᠠᠮᠠᠯ ᠵᠡᠷᠭᠡ ᠤᠯᠠᠨ ᠲᠠᠯ᠎ᠠ ᠢ᠋ᠢᠨ ᠮᠡᠷᠭᠡᠵᠢᠯ ᠳ᠋ᠸ᠋ ᠬᠣᠯᠪᠣᠭ᠍ᠳᠠᠳᠠᠭ᠃

ᠲᠥᠷᠥᠯ ᠵᠦᠶ᠋ᠯ ᠤ᠋ᠨ ᠪᠦᠯᠬᠦᠮ ᠳᠠᠬᠢᠨ ᠳᠠᠪᠲᠠᠨ ᠲᠤᠷᠱᠢᠯᠲᠠ ᠬᠢᠬᠦ᠌ ᠪᠡᠷ ᠳᠡᠮᠵᠢᠨ᠂ ᠱᠢᠨ᠎ᠡ ᠬᠡᠯᠪᠡᠷᠢ ᠢ᠋ᠢᠨ ᠴᠠᠬᠢᠯᠭᠠᠨ ᠲᠤᠢᠯ ᠤ᠋ᠨ ᠮᠠᠲ᠋ᠧᠷᠢᠶᠠᠯ ᠢ᠋ ᠰᠤᠳᠤᠯᠤᠨ ᠭᠠᠷᠭᠠᠵᠤ᠂ ᠥᠨᠳᠥᠷ ᠴᠠᠬᠢᠯᠭᠠᠨ ᠭᠦᠶᠦᠳᠡᠯ ᠤ᠋ᠨ ᠨᠢᠭ᠍ᠲᠠᠴᠠ ᠢ᠋ᠢᠨ ᠳᠤᠤᠷ᠎ᠠ ᠲᠣᠭ᠍ᠲᠠᠪᠤᠷᠢᠲᠤ ᠴᠢᠨᠠᠷ ᠢ᠋ 500 ᠴᠠᠭ ᠡᠴᠡ ᠳᠠᠪᠠᠭᠤᠯᠵᠤ᠂ ᠤᠰᠤᠲᠥ᠋ᠷᠥᠭ᠌ᠴᠢ ᠦᠶ᠋ᠯᠡᠳᠬᠦ᠌ ᠡᠨᠧᠷᠭᠢ ᠢ᠋ᠢᠨ ᠬᠣᠷᠣᠭ᠍ᠳᠠᠯ ᠢ᠋ 4.3 ᠭᠷᠠᠳᠦ᠋ᠰ ᠤ᠋ᠨ ᠪᠠᠷᠢᠮᠵᠢᠶ᠎ᠠ ᠳᠥᠷᠪᠡᠯᠵᠢᠨ᠎ᠳ᠋ᠤ ᠬᠦᠷᠲᠡᠯ᠎ᠠ ᠪᠠᠭᠤᠷᠠᠭᠤᠯᠬᠤ ᠢ᠋ᠢ ᠪᠡᠶᠡᠯᠡᠭᠦᠯᠵᠦ᠍᠂ ᠬᠤᠯᠪᠤᠭᠳᠠᠯ ᠪᠥᠬᠥᠶ ᠦᠷ᠎ᠡ ᠪᠦᠲᠦᠭᠡᠯ ᠢ᠋ ᠳᠡᠯᠡᠬᠡᠢ ᠢ᠋ᠢᠨ ᠲᠡᠷᠢᠭᠦᠨ ᠵᠡᠷᠭᠡ ᠢ᠋ᠢᠨ ᠰᠡᠳᠬᠦᠯ 《Science》 ᠳ᠋ᠤ ᠨᠡᠢᠲᠡᠯᠡᠪᠡ᠃

ᠮᠡᠷᠭᠡᠵᠢᠯ ᠤ᠋ᠨ ᠦᠷ᠎ᠡ ᠪᠦᠲᠦᠭᠡᠯ ᠢ᠋ ᠠᠮᠵᠢᠯᠲᠠ᠎ᠲᠠᠶ ᠨᠠᠢᠳᠠᠪᠤᠷᠢᠵᠢᠭᠤᠯᠪᠠ᠃ ᠤᠯᠠᠭᠠᠨᠴᠠᠪ᠎ᠲᠤ ᠥᠪᠡᠷᠲᠡᠭᠡᠨ ᠵᠠᠰᠠᠬᠤ ᠣᠷᠣᠨ ᠤ᠋ ᠤᠰᠤᠲᠥ᠋ᠷᠥᠭ᠌ᠴᠢ ᠡᠨᠧᠷᠭᠢ ᠬᠠᠳᠠᠭᠠᠯᠠᠬᠤ ᠮᠡᠷᠭᠡᠵᠢᠯ ᠤ᠋ᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ 《ᠴᠠᠬᠢᠯᠭᠠᠨ ᠬᠢᠮᠢ ᠢ᠋ᠢᠨ ᠡᠨᠧᠷᠭᠢ ᠬᠠᠳᠠᠭᠠᠯᠠᠬᠤ + ᠤᠰᠤᠲᠥ᠋ᠷᠥᠭ᠌ᠴᠢ ᠡᠨᠧᠷᠭᠢ ᠬᠠᠳᠠᠭᠠᠯᠠᠬᠤ》 ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠶᠠᠭ ᠶᠠᠭᠠᠷᠠᠯᠲᠠᠢ ᠠᠬᠢᠭᠤᠯᠵᠤ ᠪᠣᠶ; ᠤᠷᠳᠤᠰ ᠤ᠋ᠨ ᠨᠢᠭᠡᠨ ᠵᠠᠳᠠᠭᠠᠢ ᠨᠡᠭᠦᠷᠡᠰᠦᠨ ᠠᠭᠤᠷᠬᠠᠢ ᠳ᠋ᠤ 《ᠨᠡᠭᠦᠷᠡᠰᠦᠲᠥ᠋ᠷᠥᠭ᠌ᠴᠢ ᠦᠯᠤ ᠭᠠᠳᠠᠭ᠍ᠰᠢᠯᠠᠭᠤᠯᠬᠤ》 ᠤᠰᠤᠲᠥ᠋ᠷᠥᠭ᠌ᠴᠢ ᠡᠨᠧᠷᠭᠢ ᠢ᠋ᠢᠨ ᠬᠦᠨᠳᠦ ᠬᠡᠯᠪᠡᠷᠢ ᠢ᠋ᠢᠨ ᠪᠠᠷᠠᠭᠠᠨ ᠤ᠋ ᠮᠠᠱᠢᠨ ᠶᠠᠭᠠᠷᠠᠯᠲᠠᠢ ᠠᠵᠢᠯᠯᠠᠨ᠎ᠠ᠃ ᠡᠲᠡᠭᠡᠷ ᠮᠠᠰᠢᠨ ᠢ᠋ ᠦᠵᠡᠬᠦ᠌ ᠳ᠋ᠤ ᠤᠯᠠᠮᠵᠢᠯᠠᠯᠲᠤ ᠪᠠᠷᠠᠭᠠᠨ ᠤ᠋ ᠮᠠᠱᠢᠨ᠎ᠲᠠᠶ ᠠᠳᠠᠯᠢ ᠪᠣᠯᠪᠠᠴᠤ᠌ ᠲᠡᠳᠡᠨ᠎ᠦ ᠭᠠᠳᠠᠭ᠍ᠰᠢᠯᠠᠭᠤᠯᠤᠯᠲᠠ ᠨᠢ ᠬᠠᠷᠢᠨ ᠬᠤᠪᠢᠰᠭᠠᠯᠲᠤ ᠴᠢᠨᠠᠷᠲᠠᠶ ᠬᠤᠪᠢᠷᠠᠯᠲᠠ ᠭᠠᠷᠴᠤ᠂ ᠵᠦᠪᠬᠡᠨ ᠤᠰᠤᠨ ᠠᠭᠤᠷ ᠢᠯᠭᠠᠷᠠᠭᠤᠯᠬᠤ ᠪᠤᠯᠵᠠᠢ᠃

ᠪᠦᠰᠠᠯᠠᠯᠲᠠ ᠱᠢᠪᠲᠤᠯᠬᠤ ᠠᠵᠢᠯ ᠡᠷᠴᠢᠮᠲᠡᠶ ᠶᠠᠪᠤᠭᠳᠠᠵᠤ᠂ ᠠᠵᠤ ᠦᠶ᠋ᠯᠡᠰ ᠰᠢᠨ᠎ᠠ ᠬᠦᠭᠵᠢᠯᠲᠠ ᠲᠠᠢ ᠪᠤᠯᠪᠠ᠃ ᠱᠢᠨ᠎ᠡ ᠢ᠋ᠢ ᠡᠭᠦᠳᠬᠦ᠌᠂ ᠤᠶᠤᠨ ᠤᠬᠠᠭᠠᠨ ᠢ᠋ ᠳᠡᠭᠡᠳᠦᠯᠡᠬᠦ᠂ ᠢᠷᠡᠭᠡᠳᠦᠢ ᠲᠡᠢᠰᠢ ᠬᠠᠢᠨ ᠰᠦᠪᠡᠭ᠌ᠴᠢᠯᠡᠬᠦ᠌ ᠪᠡᠷ ᠳᠠᠮᠵᠢᠨ᠂ ᠥᠪᠥᠷ ᠮᠣᠩᠭᠣᠯ ᠠᠵᠤ ᠦᠢᠯᠡᠰ ᠤ᠋ᠨ ᠬᠤᠪᠢᠰᠤᠯᠲᠠ ᠢ᠋ᠢᠨ ᠮᠡᠷᠭᠡᠵᠢᠯ ᠤ᠋ᠨ ᠤᠴᠢ ᠢ᠋ᠢ ᠨᠣᠴᠣᠭᠠᠵᠤ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠠᠵᠢᠯ ᠢ᠋ ᠡᠬᠢᠯᠡᠭᠦᠯᠪᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠢᠨᠵᠧᠨᠧᠷᠢᠩ ᠢ᠋ ᠡᠬᠢᠯᠡᠭᠦᠯᠦᠭ᠌ᠰᠡᠨ ᠨᠢᠭᠡ ᠵᠢᠯ ᠤ᠋ᠨ ᠲᠤᠷᠰᠢ ᠲᠦᠷᠦᠭᠦᠦ ᠪᠦᠯᠦᠭ 36 ᠵᠦᠢᠯ ᠤ᠋ᠨ ᠴᠢᠬᠤᠯᠠ ᠶᠡᠬᠡ ᠪᠦᠰᠠᠯᠠᠯᠲᠠ ᠱᠢᠪᠲᠤᠯᠬᠤ ᠡᠭᠦᠷᠭᠡ ᠨᠢ ᠨᠢᠭᠡᠨᠲᠡ 53 ᠵᠦᠢᠯ ᠤ᠋ᠨ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠨᠢᠭᠡ ᠪᠦᠯᠦᠭ ᠬᠣᠭᠣᠰᠣᠨ ᠢ᠋ ᠨᠥᠬᠥᠪᠥᠷᠢᠯᠡᠵᠦ᠍ ᠳᠡᠢᠯᠬᠦ᠌ ᠱᠢᠨ᠎ᠡ ᠮᠡᠷᠭᠡᠵᠢᠯ᠂ ᠱᠢᠨ᠎ᠡ ᠦᠢᠯᠡᠳᠬᠦᠨ᠂ ᠱᠢᠨ᠎ᠡ ᠦᠢᠯᠡᠳᠪᠦᠷᠢᠯᠡᠯ ᠤ᠋ᠨ ᠱᠤᠭᠤᠮ ᠢ᠋ ᠪᠤᠢ ᠪᠤᠯᠭᠠᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ᠎ᠦ ᠲᠦᠷᠭᠡᠨ ᠪᠦᠷᠢᠯᠳᠦᠬᠦ᠌ ᠢ᠋ᠢ ᠬᠦᠴᠦᠲᠡᠢ ᠠᠬᠢᠭᠤᠯᠪᠠ᠃

ᠪᠠᠢᠯᠳᠤᠬᠤ ᠪᠣᠳᠣᠯᠭ᠎ᠠ ᠢ᠋ᠢᠨ ᠱᠢᠪᠲᠤᠯᠤᠯᠲᠠ ᠱᠢᠨ᠎ᠡ ᠢ᠋ᠢ ᠡᠭᠦᠳᠬᠦ᠌ ᠠᠮᠢ ᠠᠬᠤᠶ ᠢ᠋ᠢᠨ ᠬᠦᠷᠢᠶ᠎ᠡ ᠢ᠋ᠢ ᠱᠢᠯᠢᠳᠡᠭ᠌ᠵᠢᠭᠦᠯᠦᠨ᠎ᠡ

ᠣᠢᠷ᠎ᠠ ᠢ᠋ᠢᠨ ᠵᠢᠯ ᠳ᠋ᠤ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠱᠢᠨ᠎ᠡ ᠢ᠋ᠢ ᠡᠭᠦᠳᠬᠦ᠌ ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ ᠢ᠋ᠢᠨ ᠰᠠᠭᠤᠷᠢ ᠲᠠᠰᠤᠷᠠᠯᠲᠠ ᠥᠬᠡᠶ ᠪᠡᠬᠢᠵᠢᠪᠡ᠃ ᠭᠡᠲᠡᠯ᠎ᠡ ᠡᠬᠢ ᠪᠠᠶᠠᠯᠢᠭ᠎ᠲᠤ ᠲᠦᠱᠢᠭ᠌ᠯᠡᠬᠦ᠌᠂ ᠱᠢᠨ᠎ᠡ ᠢ᠋ᠢ ᠡᠭᠦᠳᠬᠦ᠌ ᠬᠥᠳᠡᠯᠭᠡᠬᠦ᠌ ᠬᠦᠴᠦᠨ ᠬᠦᠷᠦᠯᠴᠡᠬᠦ᠌ ᠦᠭᠡᠢ᠂ ᠠᠵᠤ ᠦᠢᠯᠡᠰ ᠤ᠋ᠨ ᠢᠵᠢ ᠪᠦᠷᠢᠳᠦᠭᠦᠯᠦᠯᠲᠡ ᠪᠠᠭᠤᠷᠠᠢ ᠵᠡᠷᠭᠡ ᠨᠥᠬᠥᠴᠡᠯ ᠤ᠋ᠨ ᠬᠢᠵᠠᠭᠠᠷᠯᠠᠯ ᠨᠢ ᠳᠠᠪᠬᠤᠷ ᠳᠠᠪᠬᠤᠷ ᠬᠠᠷᠰᠢ ᠰᠠᠭᠠᠳ ᠪᠤᠯᠤᠨ ᠬᠥᠭ᠌ᠵᠢᠯᠲᠡ ᠢ᠋ᠢᠨ ᠵᠠᠮ ᠳᠡᠭᠡᠷ᠎ᠡ ᠬᠥᠨᠳᠡᠯᠢᠰᠴᠤ ᠪᠤᠢ᠃

ᠶᠡᠷᠦᠩᠬᠡᠶ ᠱᠦᠵᠢ ᠰᠢ ᠵᠢᠨ ᠫᠢᠩ 2023 ᠣᠨ ᠤ᠋ 6 ᠰᠠᠷ᠎ᠠ ᠳ᠋ᠤ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ᠎ᠳᠠᠭᠠᠨ᠄《ᠪᠢᠳᠡ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠠᠯ᠎ᠠ ᠪᠡᠷ ᠪᠡᠶ᠎ᠡ ᠪᠡᠨ ᠳᠠᠭᠠᠭᠠᠵᠤ ᠦᠪᠡᠷ ᠢ᠋ ᠪᠡᠨ ᠬᠦᠴᠦᠷᠬᠡᠭ᠌ᠵᠢᠭᠦᠯᠬᠦ᠂ ᠱᠢᠨ᠎ᠡ ᠬᠥᠭ᠌ᠵᠢᠯᠲᠡ ᠢ᠋ᠢᠨ ᠪᠠᠢᠷᠢᠱᠢᠯ ᠢ᠋ ᠪᠠᠢᠭᠤᠯᠬᠤ ᠳ᠋ᠤ ᠲᠦᠰᠢᠭᠯᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠤᠭᠤᠮᠲᠠ ᠢ᠋ᠢ ᠰᠢᠪᠲᠤᠯᠬᠤ ᠬᠡᠷᠡᠭ᠌ᠲᠡᠶ》 ᠭᠡᠵᠤ ᠵᠢᠭᠠᠵᠤ ᠭᠠᠷᠭᠠᠪᠠ᠃ 《ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠢ᠋ᠢᠨ ᠱᠢᠨ᠎ᠡ ᠬᠠᠭᠤᠳᠠᠰᠤ ᠢ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ ᠢ᠋ᠢᠨ ᠶᠠᠪᠤᠳᠠᠯ ᠤ᠋ᠨ ᠬᠣᠷᠢᠶᠠᠨ ᠤ᠋ ᠰᠠᠨᠠᠯ》 ᠳ᠋ᠤ 《ᠱᠢᠨ᠎ᠡ ᠢ᠋ᠢ ᠡᠭᠦᠳᠬᠦ᠌ ᠬᠥᠭ᠌ᠵᠢᠯᠲᠡ ᠢ᠋ᠢᠨ ᠴᠢᠳᠠᠪᠤᠷᠢ ᠢ᠋ᠢ ᠴᠢᠩᠭᠠᠳᠭᠠᠬᠤ》 ᠢ᠋ᠢ ᠴᠢᠬᠤᠯᠠ ᠪᠠᠢᠷᠢᠨ ᠳ᠋ᠤ ᠲᠠᠯᠪᠢᠵᠤ᠂ ᠠᠵᠤ ᠦᠶ᠋ᠯᠡᠰ ᠤ᠋ᠨ ᠪᠦᠲᠦᠴᠡ ᠢ᠋ᠢᠨ ᠪᠠᠢᠯᠳᠤᠬᠤ ᠪᠣᠳᠣᠯᠭ᠎ᠠ ᠢ᠋ᠢᠨ ᠴᠢᠨᠠᠷᠲᠠᠶ ᠲᠣᠬᠢᠷᠠᠭᠤᠯᠤᠯᠲᠠ ᠬᠢᠵᠦ᠍ ᠱᠢᠯᠢᠳᠡᠭ᠌ᠵᠢᠭᠦᠯᠬᠦ᠌ ᠢ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠢᠨᠵᠧᠨᠧᠷᠢᠩ ᠤ᠋ᠨ ᠠᠮᠢᠳᠤᠯᠢᠭ ᠦᠢᠯᠡᠳᠦᠯᠭᠡ ᠨᠢ ᠥᠪᠥᠷ ᠮᠣᠩᠭᠣᠯ ᠤ᠋ᠨ ᠤᠯᠤᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌ ᠢ᠋ᠢ ᠠᠬᠢᠭᠤᠯᠬᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ᠌᠂ ᠣᠷᠣᠨ ᠪᠦᠰᠡ ᠢ᠋ᠢᠨ ᠵᠣᠬᠢᠴᠠᠩᠭᠤᠢ ᠬᠥᠭ᠌ᠵᠢᠯᠲᠡ ᠢ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ ᠢ᠋ᠢᠨ ᠪᠦᠬᠦ᠌ ᠲᠠᠯ᠎ᠠ ᠳ᠋ᠡᠬᠢ ᠥᠪᠡᠷ ᠢ᠋ ᠪᠡᠨ ᠬᠢᠨᠠᠨ ᠰᠢᠨᠵᠢᠬᠦ ᠠᠯᠤᠰ ᠬᠡᠳᠦ᠍ ᠢ᠋ᠢᠨ ᠪᠣᠳᠣᠯᠬᠢᠯᠠᠯ ᠲᠠᠢ ᠬᠤᠯᠪᠤᠭ᠎ᠠ᠎ᠲᠡᠶ ᠶᠤᠮ᠃

ᠱᠢᠨ᠎ᠡ ᠠᠶᠠᠨ ᠳ᠋ᠤ 《ᠲᠠᠪᠤᠨ ᠶᠡᠬᠡ ᠡᠭᠦᠷᠭᠡ》 ᠵᠢ ᠡᠭᠦᠷᠭᠡᠯᠡᠵᠦ᠍ ᠪᠠᠢᠭ᠎ᠠ ᠥᠪᠥᠷ ᠮᠣᠩᠭᠣᠯ ᠬᠡᠷᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠳ᠋ᠤ ᠲᠦᠱᠢᠭ᠌ᠯᠡᠨ ᠬᠥᠭ᠌ᠵᠢᠯᠲᠡ ᠢ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠤᠢ?

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠬᠤᠷᠢᠶ᠎ᠠ᠎ᠵᠢᠨ ᠳᠣᠯᠣᠳᠤᠭᠠᠷ ᠪᠦᠬᠦᠳᠡ ᠬᠤᠷᠠᠯ ᠳᠡᠭᠡᠷ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠤᠯᠲᠠ》 ᠨᠢ ᠤᠯᠠᠨ ᠤ᠋ ᠠᠩᠬᠠᠷᠤᠯ ᠢ᠋ ᠲᠠᠲᠠᠵᠠᠢ᠃  ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠱᠦᠵᠢ ᠰᠦᠨ ᠱᠤᠤ ᠴᠸᠡᠭ᠄ 《ᠥᠪᠥᠷ ᠮᠣᠩᠭᠣᠯ ᠬᠠᠭᠤᠴᠢᠨ ᠵᠤᠷᠱᠢᠯ ᠡᠴᠡ ᠳᠠᠪᠠᠵᠤ᠂ ᠬᠡᠪ ᠤ᠋ᠨ ᠵᠤᠷᠱᠢᠯ ᠢ᠋ ᠵᠣᠷᠢᠭ᠍ᠲᠠᠢ ᠡᠪᠳᠡᠵᠦ᠍᠂ ᠬᠦᠴᠦ᠍ ᠬᠥᠳᠡᠯᠮᠦᠷᠢ ᠪᠡᠨ ᠬᠠᠷᠠᠮ ᠦᠭᠡᠢ ᠭᠠᠷᠭᠠᠵᠤ᠂ ᠪᠦᠬᠦ᠌ ᠤᠯᠤᠰ ᠴᠢᠨᠠᠭ᠍ᠰᠢᠯᠠᠪᠠᠯ ᠳᠡᠯᠡᠬᠡᠢ ᠢ᠋ᠢᠨ ᠲᠡᠷᠢᠭᠦᠨ ᠵᠡᠷᠭᠡ ᠢ᠋ᠢᠨ ᠲᠤᠰᠭᠠᠢ ᠮᠡᠷᠭᠡᠵᠢᠯᠲᠡᠨ ᠪᠤᠶᠤ ᠱᠢᠨ᠎ᠡ ᠢ᠋ᠢ ᠡᠭᠦᠳᠬᠦ᠌ ᠪᠦᠯᠬᠦᠮ ᠢ᠋ ᠣᠷᠣᠭᠤᠯᠤᠨ ᠠᠪᠴᠢᠷᠠᠵᠤ ᠪᠢᠳᠡᠨ ᠢ᠋ ᠬᠠᠪᠰᠤᠷᠤᠨ ᠰᠤᠳᠤᠯᠤᠨ ᠨᠡᠭᠡᠭᠡᠯᠲᠡ ᠬᠢᠵᠦ᠍᠂ ᠨᠢᠭᠡ ᠬᠣᠶᠠᠷ ᠴᠡᠭ ᠲᠤ᠌ ᠱᠢᠪᠲᠤᠯᠤᠯᠲᠠ ᠭᠠᠷᠭᠠᠬᠤ ᠬᠡᠷᠡᠭ᠌ᠲᠡᠢ》 ᠭᠡᠵᠤ ᠵᠢᠭᠠᠵᠤ ᠭᠠᠷᠭᠠᠪᠠ᠃

2024 ᠣᠨ ᠳ᠋ᠤ᠂ ᠥᠪᠥᠷ ᠮᠣᠩᠭᠣᠯ ᠪᠥᠬᠥ᠌ ᠤᠯᠤᠰ᠎ᠲᠤ ᠲᠦᠷᠦᠭᠦᠯᠡᠨ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠭᠤᠤᠯ ᠤᠳᠤᠷᠢᠳᠭᠤ ᠨᠥᠬᠥᠳ ᠢ᠋ᠢᠡᠷ ᠡᠷᠬᠢᠯᠡᠭ᠌ᠴᠢ ᠢ᠋ᠢᠨ ᠲᠤᠰᠢᠶᠠᠯ ᠢ᠋ ᠬᠠᠷᠢᠭᠤᠴᠠᠭᠤᠯᠤᠭᠰᠠᠨ ᠨᠠᠮ ᠤ᠋ᠨ ᠬᠣᠷᠢᠶᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠤᠷᠢᠶ᠎ᠠ ᠪᠠᠢᠭᠤᠯᠬᠤ ᠢ᠋ᠢ ᠠᠬᠢᠭᠤᠯᠵᠤ᠂ ᠨᠠᠮ ᠤ᠋ᠨ ᠬᠣᠷᠢᠶᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠣᠷᠢᠶ᠎ᠠ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠯᠪᠠᠨ ᠬᠡᠷ ᠵᠣᠬᠢᠴᠠᠭᠤᠯᠤᠨ ᠨᠠᠢᠳᠠᠪᠤᠷᠢᠵᠢᠭᠤᠯᠬᠤ᠂ ᠣᠯᠠᠨ ᠲᠠᠯ᠎ᠠ᠎ᠪᠠᠷ ᠬᠣᠯᠪᠣᠭᠠᠯᠠᠨ ᠬᠥᠳᠡᠯᠦᠯᠴᠡᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠵᠣᠬᠢᠶᠠᠨ ᠪᠠᠢᠭᠤᠯᠤᠯᠲᠠ ᠢ᠋ᠢᠨ ᠪᠣᠭᠣᠮᠲᠠ ᠱᠢᠪᠲᠤᠯᠬᠤ ᠲᠣᠭ᠍ᠲᠠᠴᠠ ᠢ᠋ᠢ ᠪᠠᠢᠭᠤᠯᠪᠠ᠃ 《ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 〈ᠪᠦᠰᠠᠯᠠᠯᠲᠠ ᠱᠢᠪᠲᠤᠯᠬᠤ〉 ᠢᠨᠵᠧᠨᠧᠷᠢᠩ ᠤ᠋ᠨ ᠠᠵᠢᠯ ᠤ᠋ᠨ ᠲᠥᠰᠦᠯ》 ᠢ᠋ ᠲᠣᠭ᠍ᠲᠠᠭᠠᠵᠤ᠂ 《ᠴᠡᠭ ᠡᠷᠢᠬᠦ᠌᠂ ᠪᠦᠯᠬᠦᠮ ᠡᠷᠢᠬᠦ᠌᠂ ᠵᠠᠭ᠍ᠪᠤᠷ ᠡᠷᠢᠬᠦ᠌》 ᠠᠵᠢᠯ ᠤ᠋ᠨ ᠵᠠᠭ᠍ᠪᠤᠷ ᠢ᠋ ᠪᠦᠷᠢᠯᠳᠦᠭᠦᠯᠵᠦ᠍᠂ ᠦᠵᠦ᠍ ᠲᠥᠯᠥᠪᠯᠡᠭᠡ ᠢ᠋ᠢ ᠴᠢᠩᠭᠠᠳᠭᠠᠵᠤ᠂ ᠲᠠᠢᠯᠪᠤᠷᠢᠯᠠᠬᠤ ᠰᠡᠳᠭᠢᠬᠦᠶ᠂ ᠥᠭᠡᠷᠡᠴᠢᠯᠡᠯᠲᠡ ᠢ᠋ᠢᠨ ᠠᠷᠭ᠎ᠠ ᠬᠡᠮᠵᠢᠶ᠎ᠡ ᠪᠡᠷ ᠡᠯ᠎ᠡ ᠲᠥᠷᠥᠯ ᠤ᠋ᠨ ᠱᠢᠨ᠎ᠡ ᠢ᠋ᠢ ᠡᠭᠦᠳᠬᠦ᠌ ᠬᠦᠴᠦᠨ ᠵᠦᠶ᠋ᠯ ᠢ᠋ ᠥᠨᠳᠥᠷ ᠪᠦᠲᠦᠮᠵᠢᠲᠡᠶ ᠪᠡᠷ ᠲᠣᠬᠢᠷᠠᠭᠤᠯᠪᠠ᠃

ᠱᠢᠨ᠎ᠡ ᠢ᠋ᠢ ᠡᠭᠦᠳᠬᠦ᠌ ᠬᠠᠷᠰᠢ ᠰᠠᠭᠠᠳ ᠢ᠋ ᠰᠢᠢᠳᠪᠦᠷᠢᠯᠡᠬᠦ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ᠢᠡᠷ ᠥᠪᠥᠷ ᠮᠣᠩᠭᠣᠯ ᠢ᠋ᠢᠡᠨ ᠮᠠᠨᠳᠤᠭᠤᠯᠬᠤ》᠂ 《1 + 7》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠷᠥ ᠢ᠋ᠢᠨ ᠪᠣᠳᠣᠯᠭ᠎ᠠ ᠢ᠋ᠢᠨ ᠱᠢᠰᠲ᠋ᠧᠮ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠦᠶ᠋ᠯᠡᠰ ᠤ᠋ᠨ ᠲᠦᠷᠭᠡᠨ ᠬᠥᠭ᠌ᠵᠢᠯᠲᠡ ᠢ᠋ᠢᠨ ᠲᠤᠯᠭᠠᠭᠤᠷᠢ ᠪᠤᠯᠵᠠᠢ; ᠬᠦᠴᠦᠨ ᠢ᠋ᠢᠡᠨ ᠲᠥᠪᠯᠡᠷᠡᠭᠦᠯᠦᠨ ᠶᠡᠬᠡ ᠶᠠᠪᠤᠳᠠᠯ ᠬᠢᠬᠦ᠌ ᠢ᠋ᠢ ᠪᠠᠷᠢᠮᠲᠠᠯᠠᠵᠤ᠂ 《ᠵᠠᠷᠯᠠᠯ ᠨᠡᠢᠲᠡᠯᠡᠨ ᠮᠠᠩᠯᠠᠢᠯᠠᠭᠤᠯᠬᠤ + ᠳᠠᠭᠠᠭᠤᠯᠤᠭ᠍ᠴᠢ ᠠᠵᠤ ᠠᠬᠤᠢᠯᠠᠯ ᠢ᠋ ᠬᠤᠪᠢᠷᠠᠭᠤᠯᠬᠤ》᠂ 《ᠬᠠᠨᠳᠤᠯᠭ᠎ᠠ᠎ᠲᠠᠶ ᠨᠠᠢᠳᠠᠬᠤ + ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠠᠪᠴᠠᠩ ᠤ᠋ᠨ ᠪᠡᠷᠭᠡ ᠠᠰᠠᠭᠤᠳᠠᠯ ᠢ᠋ ᠰᠢᠢᠳᠪᠦᠷᠢᠯᠡᠬᠦ》 ᠵᠡᠷᠭᠡ ᠣᠯᠠᠨ ᠵᠦᠶ᠋ᠯ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠵᠣᠬᠢᠶᠠᠨ ᠪᠠᠢᠭᠤᠯᠤᠯᠲᠠ ᠢ᠋ᠢᠨ ᠠᠷᠭ᠎ᠠ ᠬᠡᠯᠪᠡᠷᠢ ᠢ᠋ᠢ ᠠᠪᠴᠤ᠌᠂ 11 ᠠᠺᠠᠳᠧᠮᠢᠴᠢ ᠪᠡᠷ ᠲᠦᠷᠦᠭᠦᠯᠡᠭᠦᠯᠦᠭ᠌ᠰᠡᠨ 19 ᠲᠤᠰᠭᠠᠶ ᠮᠡᠷᠭᠡᠵᠢᠯᠲᠡᠨ᠎ᠦ ᠪᠦᠯᠬᠦᠮ᠂ ᠣᠷᠣᠨ ᠤ᠋ ᠳᠣᠲᠣᠷ᠎ᠠ ᠭᠠᠳᠠᠨᠠᠬᠢ 42 ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠣᠷᠣᠨ ᠤ᠋ ᠳᠣᠲᠣᠷ᠎ᠠ ᠭᠠᠳᠠᠨᠠᠬᠢ 72 ᠠᠵᠤ ᠠᠬᠤᠢᠯᠠᠯ ᠢ᠋ ᠪᠦᠰᠠᠯᠠᠯᠲᠠ ᠱᠢᠪᠲᠤᠯᠬᠤ ᠳ᠋ᠤ ᠣᠷᠣᠯᠴᠠᠭᠤᠯᠪᠠ᠃ 2024 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠲᠣᠰ ᠱᠠᠲᠤᠨ ᠤ᠋ ᠲᠥᠰᠦᠪ ᠲᠤ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠵᠠᠷᠤᠳᠠᠯ᠎ᠢ 34 ᠳ᠋ᠦᠩᠱᠢᠭᠤᠷ ᠲᠥᠭᠥᠷᠢᠭ ᠲᠣᠬᠢᠷᠠᠭᠤᠯᠵᠤ᠂ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ ᠤ᠋᠎ᠬᠢ ᠡᠴᠡ 20% ᠪᠠᠷ ᠨᠡᠮᠡᠭ᠌ᠳᠡᠭᠦᠯᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠢᠨᠵᠧᠨᠧᠷᠢᠩ ᠤ᠋ᠨ ᠠᠵᠢᠯ ᠢ᠋ ᠪᠦᠲᠦᠮᠵᠢᠲᠡᠶ ᠠᠬᠢᠭᠤᠯᠪᠠ᠃

ᠭᠠᠵᠠᠷ ᠣᠷᠣᠨ ᠤ᠋ ᠪᠠᠢᠳᠠᠯ᠎ᠳᠠᠭᠠᠨ ᠲᠤᠬᠢᠷᠠᠭᠤᠯᠤᠨ ᠬᠦᠴᠦᠯᠡᠬᠦ᠌ ᠴᠢᠭ᠌ᠯᠡᠯ ᠢ᠋ᠢᠡᠨ ᠣᠨᠣᠴᠠᠳᠠᠢ ᠡᠷᠢᠵᠦ᠍᠂ ᠥᠪᠥᠷ ᠮᠣᠩᠭᠣᠯ ᠡᠷᠡᠮᠡᠬᠡᠢᠯᠡᠨ ᠤᠷᠤᠭ᠍ᠰᠢᠯᠠᠵᠤ ᠦᠭᠡᠳᠡᠯᠡᠨ ᠳᠡᠪᠰᠢᠪᠠ᠃

《ᠭᠠᠭ᠍ᠴᠠᠭᠠᠷ ᠲᠡᠮᠡᠴᠡᠬᠦ᠌》 ᠢ᠋ᠢ 《ᠬᠠᠮᠲᠤᠷᠠᠨ ᠪᠠᠢᠯᠳᠤᠬᠤ》 ᠪᠣᠯᠭᠠᠨ ᠬᠤᠪᠢᠷᠠᠭᠤᠯᠵᠤ᠂ 《ᠡᠨᠧᠷᠭᠢ ᠬᠠᠳᠠᠭᠠᠯᠠᠬᠤ ᠪᠠ ᠱᠢᠨ᠎ᠡ ᠬᠡᠯᠪᠡᠷᠢ ᠢ᠋ᠢᠨ ᠴᠠᠬᠢᠯᠭᠠᠨ ᠬᠦᠴᠦᠨ᠎ᠦ ᠱᠢᠰᠲ᠋ᠧᠮ》 ᠤ᠋ᠨ ᠴᠡᠭ ᠪᠠᠢᠷᠢ ᠢ᠋ᠢᠨ ᠬᠠᠮᠢᠶ᠎ᠠ ᠪᠥᠬᠥᠶ ᠲᠥᠷᠥᠯ ᠵᠦᠶ᠋ᠯ ᠤ᠋ᠨ ᠪᠣᠭᠣᠮᠲᠠ ᠱᠢᠪᠲᠤᠯᠬᠤ ᠶᠠᠪᠤᠴᠠ ᠳ᠋ᠤ 《ᠬᠤᠤᠰ ᠵᠠᠮᠲᠤ ᠪᠦᠯᠬᠦᠮ ᠨᠡᠢᠲᠡ》 ᠢ᠋ᠢ ᠪᠠᠢᠭᠤᠯᠪᠠ; ᠥᠪᠥᠷ ᠮᠣᠩᠭᠣᠯ ᠤ᠋ᠨ ᠳᠠᠯᠠᠨ ᠬᠠᠷ᠎ᠠ ᠠᠭᠤᠯᠠ ᠲᠤᠷᠱᠢᠯᠲᠠ ᠢ᠋ᠢᠨ ᠲᠠᠰᠤᠭ ᠡᠴᠡ ᠣᠷᠣᠨ ᠤ᠋ ᠳᠣᠲᠣᠷᠠᠬᠢ ᠭᠤᠤᠯᠯᠠᠭ᠍ᠴᠢ ᠠᠵᠤ ᠠᠬᠤᠢᠯᠠᠯ᠎ᠲᠠᠶ ᠬᠠᠮᠲᠤᠷᠠᠨ ᠮᠡᠷᠭᠡᠵᠢᠯ ᠢ᠋ ᠨᠠᠢᠳᠠᠪᠤᠷᠢᠵᠢᠭᠤᠯᠬᠤ ᠪᠠ ᠢᠨᠵᠧᠨᠧᠷᠢᠩᠵᠢᠭᠦᠯᠬᠦ᠌ ᠪᠦᠯᠬᠦᠮ ᠨᠡᠢᠲᠡ ᠢ᠋ᠢ ᠪᠦᠷᠢᠯᠳᠦᠭᠦᠯᠵᠦ᠍᠂ ᠠᠬᠤᠶ ᠲᠠᠯᠠᠪᠠᠶ ᠢ᠋ᠢᠨ ᠬᠡᠷᠡᠭ᠌ᠯᠡᠯᠲᠡ᠂ ᠲᠣᠭ᠎ᠠ ᠪᠠᠷᠢᠮᠲᠠ ᠢ᠋ᠢ ᠱᠢᠯᠭᠠᠨ ᠪᠠᠲᠤᠯᠠᠬᠤ ᠵᠢᠴᠢ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠢ᠋ᠢ ᠬᠠᠷᠢᠭᠤᠴᠠᠪᠠ; ᠵᠧᠵᠢᠶᠠᠩ ᠶᠡᠬᠡ ᠰᠤᠷᠭᠠᠭᠤᠯᠢ ᠢ᠋ᠢᠨ ᠬᠢᠨ ᠱᠠᠩᠬᠠᠶ ᠢ᠋ᠢᠨ ᠮᠧᠶ ᠺᠧ ᠱᠧᠩ᠂ ᠵᠧᠵᠢᠶᠠᠩ ᠤ᠋ᠨ ᠢᠦᠶ ᠨᠠ ᠵᠡᠷᠭᠡ ᠳᠠᠭᠠᠭᠤᠯᠤᠭᠴᠢ ᠠᠵᠤ ᠠᠬᠤᠢᠯᠠᠯ᠎ᠲᠠᠶ ᠬᠠᠮᠲᠤᠷᠠᠨ ᠰᠠᠭᠤᠷᠢ ᠣᠨᠣᠯ ᠤ᠋ᠨ ᠱᠢᠪᠲᠤᠯᠤᠯᠲᠠ ᠬᠢᠵᠦ᠍᠂ ᠭᠤᠤᠯ ᠪᠤᠳᠤᠬᠤ ᠠᠷᠭ᠎ᠠ ᠢ᠋ᠢ ᠰᠤᠳᠤᠯᠤᠨ ᠨᠡᠭᠡᠭᠡᠬᠦ᠌ ᠵᠢᠴᠢ ᠵᠠᠩᠭᠢᠯᠠᠭ᠎ᠠ ᠢ᠋ᠢᠨ ᠮᠡᠷᠭᠡᠵᠢᠯ ᠤ᠋ᠨ ᠪᠡᠷᠬᠡ ᠰᠡᠳᠦᠪ ᠢ᠋ ᠱᠢᠶ᠋ᠳᠪᠦᠷᠢᠯᠡᠪᠡ᠃

《ᠬᠣᠶᠠᠷ ᠲᠠᠯ᠎ᠠ᠎ᠪᠠᠷ ᠢ᠋ᠢᠡᠨ ᠬᠠᠮᠵᠢᠯᠴᠠᠨ ᠪᠦᠰᠠᠯᠠᠯᠲᠠ ᠱᠢᠪᠲᠤᠯᠵᠤ ᠂ ᠮᠡᠳᠡᠯᠭᠡ ᠢ᠋ᠢᠨ ᠥᠮᠴᠢᠯᠡᠯ ᠤ᠋ᠨ ᠡᠷᠬᠡ ᠢ᠋ᠢ ᠬᠠᠮᠲᠤ᠎ᠪᠠᠷ ᠡᠭᠦᠳᠴᠦ᠍᠂〈ᠰᠤᠳᠤᠯᠤᠨ ᠨᠡᠭᠡᠭᠡᠬᠦ᠌ — ᠱᠢᠯᠭᠠᠨ ᠪᠠᠲᠤᠯᠠᠬᠤ —  ᠳᠠᠪᠲᠠᠨ ᠣᠷᠣᠯᠠᠭᠤᠯᠬᠤ 〉 ᠦᠷ᠎ᠡ ᠪᠦᠲᠦᠭᠡᠯ ᠢ᠋ ᠣᠨᠳᠣᠣᠱᠢᠭᠤᠯᠬᠤ ᠪᠢᠲᠡᠭᠦᠦ ᠴᠠᠭᠠᠷᠢᠭ ᠢ᠋ ᠪᠦᠷᠢᠯᠳᠦᠭᠦᠯᠪᠡ᠂ ᠡᠢᠮᠦᠷᠬᠦᠦ 〈ᠬᠣᠣᠰᠯᠠᠯ ᠳᠦᠷᠢᠮ〉 ᠤ᠋ᠨ ᠬᠠᠮᠲᠤᠷᠠᠯᠴᠠᠭ᠎ᠠ ᠨᠢ ᠦᠷ᠎ᠡ ᠪᠦᠲᠦᠭᠡᠯ ᠢ᠋ ᠣᠨᠳᠣᠣᠱᠢᠭᠤᠯᠬᠤ ᠦᠶᠡᠯᠡᠯ ᠤ᠋ᠨ ᠬᠤᠭᠤᠴᠠᠭ᠎ᠠ ᠢ᠋ᠢ ᠬᠠᠭᠠᠰ ᠢ᠋ᠢᠡᠷ ᠪᠣᠭᠣᠨᠢᠰᠭᠠᠪᠠ᠃ ᠵᠧᠵᠢᠶᠠᠩ ᠶᠡᠬᠡ ᠰᠤᠷᠭᠠᠭᠤᠯᠢ ᠢ᠋ᠢᠨ ᠢᠨᠵᠧᠨᠧᠷ ᠤ᠋ᠨ ᠳᠡᠭᠡᠳᠦ ᠰᠤᠷᠭᠠᠭᠤᠯᠢ ᠢ᠋ᠢᠨ ᠨᠠᠮ ᠤ᠋ᠨ ᠬᠣᠷᠢᠶᠠᠨ ᠤ᠋ ᠱᠦᠵᠢ ᠪᠥᠸᠧ ᠵᠧᠩ ᠤ᠋ᠨ ᠲᠠᠨᠢᠯᠴᠠᠭᠤᠯᠤᠭᠰᠠᠨ ᠢ᠋ᠢᠡᠷ᠂ ᠲᠦᠷᠦᠯ ᠵᠦᠢᠯ ᠳ᠋ᠤ ᠪᠠᠰᠠ ᠴᠢᠳᠠᠪᠤᠷᠢᠲᠠᠨ ᠢ᠋ ᠬᠠᠷᠢᠯᠴᠠᠨ ᠨᠡᠪᠲᠡᠷᠡᠭᠦᠯᠵᠦ᠍ ᠬᠠᠮᠲᠤ᠎ᠪᠠᠷ ᠤᠷᠢᠬᠤ ᠲᠣᠭ᠍ᠲᠠᠴᠠ ᠢ᠋ᠢ ᠬᠡᠷᠡᠭ᠌ᠯᠡᠨ᠂ ᠣᠷᠣᠨ ᠪᠦᠰᠡ ᠢ᠋ᠢᠨ ᠪᠡᠬᠢᠯᠡᠯᠲᠡ ᠢ᠋ᠢ ᠨᠡᠪᠲᠡᠷᠡᠭᠦᠯᠵᠦ᠍᠂ ᠴᠢᠳᠠᠪᠤᠷᠢᠲᠠᠨ ᠤ᠋ ᠲᠦᠷᠭᠡᠨ ᠢ᠋ᠢᠡᠷ ᠦᠰᠦᠨ ᠪᠣᠢᠵᠢᠬᠤ ᠢ᠋ᠢ ᠳᠠᠢᠴᠢᠯᠠᠭ᠍ᠰᠠᠨ ᠪᠠᠢᠨ᠎ᠠ᠃

ᠱᠢᠨ᠎ᠡ ᠵᠠᠭ᠍ᠪᠤᠷ ᠵᠠᠯᠭᠠᠭ᠎ᠠ᠎ᠪᠠᠷ ᠦᠷ᠎ᠠ ᠪᠦᠲᠦᠭᠡᠯ ᠣᠯᠪᠠ᠃ ᠤᠷᠳᠤᠰ᠎ᠲᠤ 《ᠰᠠᠯᠬᠢᠨ᠎ᠤ ᠬᠦᠴᠤᠨ ᠭᠡᠷᠡᠯᠴᠢ ᠴᠡᠨᠡᠭ ᠢ᠋ ᠨᠦᠭᠡᠴᠡᠯᠡᠬᠦ ᠤᠰᠤᠲᠥ᠋ᠷᠥᠭ᠌ᠴᠢ — ᠱᠢᠪᠲᠦᠷᠲᠦ ᠠᠯᠺᠣᠣᠯ ᠢ᠋ ᠨᠢᠭᠡ ᠴᠤᠬ᠍ᠴᠠᠵᠢᠭᠤᠯᠤᠨ ᠨᠡᠢᠯᠡᠭᠦᠯᠬᠦ ᠲᠣᠨᠣᠭ᠍ᠯᠠᠯ ᠤ᠋ᠨ ᠵᠢᠱ᠌ᠢᠶ᠎ᠡ ᠦᠵᠡᠭᠦᠯᠬᠦ᠌ ᠪᠦᠳᠦᠭᠡᠨ ᠪᠠᠢᠭᠤᠯᠤᠯᠲᠠ》 ᠵᠢᠨ ᠮᠡᠷᠭᠡᠵᠢᠯ ᠤ᠋ᠨ ᠦᠷ᠎ᠡ ᠪᠦᠲᠦᠭᠡᠯ ᠨᠢᠭᠡᠨᠲᠡ ᠤᠯᠠᠨ ᠱᠢᠨ᠎ᠡ ᠡᠨᠧᠷᠭᠢ ᠢ᠋ᠢᠨ ᠠᠵᠤ ᠠᠬᠤᠢᠯᠠᠯ ᠳ᠋ᠤ ᠬᠡᠷᠡᠭᠯᠡᠭᠳᠡᠭᠰᠡᠨ ᠪᠠᠢᠨ᠎ᠠ᠃ ᠲᠦᠷᠦᠯ ᠵᠦᠢᠯ ᠨᠢ 《ᠱᠢᠨᠵᠢᠯᠡᠬᠦ᠌ ᠤᠬᠠᠭᠠᠨᠲᠠᠨ + ᠠᠵᠤ ᠠᠬᠤᠢᠯᠠᠯᠲᠠᠨ》 ᠤ᠋ ᠬᠠᠮᠲᠤᠷᠠᠨ ᠪᠦᠰᠠᠯᠠᠯᠲᠠ ᠱᠢᠪᠲᠤᠯᠬᠤ ᠵᠠᠭ᠍ᠪᠤᠷ ᠢ᠋ ᠬᠡᠷᠡᠭ᠌ᠯᠡᠵᠦ᠍ ᠂ 8 ᠰᠠᠷ᠎ᠠ ᠢ᠋ᠢᠨ ᠳᠤᠲᠤᠷ᠎ᠠ ᠲᠤᠷᠱᠢᠯᠲᠠ ᠢ᠋ᠢᠨ ᠲᠠᠰᠤᠭ ᠡᠴᠡ ᠠᠵᠤ ᠦᠢᠯᠡᠰᠵᠢᠯᠲᠡ ᠬᠦᠷᠬᠦ ᠳᠠᠪᠠᠯᠲᠠ ᠢ᠋ᠢ ᠪᠡᠶᠡᠯᠡᠭᠦᠯᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠢᠨᠵᠧᠨᠧᠷᠢᠩ ᠤ᠋ᠨ ᠬᠦᠴᠦᠲᠡᠶ ᠳᠠᠭᠠᠭᠤᠯᠭ᠎ᠠ ᠳᠤᠤᠷ᠎ᠠ᠂ ᠣᠷᠣᠨ ᠳᠠᠶᠠᠭᠠᠷ ᠢ᠋ᠢᠡᠨ ᠨᠢᠭᠡ ᠬᠥᠯᠭᠡ ᠱᠢᠲᠠᠷ᠎ᠠ ᠮᠡᠲᠤ ᠪᠠᠢᠵᠤ᠂ ᠡᠯ᠎ᠡ ᠭᠠᠵᠠᠷ ᠣᠷᠣᠨ ᠡᠬᠢ ᠪᠠᠶᠠᠯᠢᠭ᠎ᠲᠠᠶ᠂ ᠳᠠᠪᠠᠭᠤᠯᠢᠭ᠎ᠲᠠᠶ ᠬᠦᠷᠢᠶᠡᠨ ᠳ᠋ᠤ ᠠᠩᠬᠠᠷᠤᠯ ᠢ᠋ᠢᠡᠨ ᠲᠥᠪᠯᠡᠷᠡᠭᠦᠯᠦᠨ ᠬᠦᠴᠦᠯᠡᠵᠦ᠍᠂ ᠲᠠᠰ ᠳᠠᠪᠬᠤᠷᠭ᠎ᠠ ᠬᠤᠪᠢᠶᠠᠨ ᠪᠠᠢᠯᠳᠤᠵᠤ ᠬᠠᠮᠵᠢᠯᠴᠠᠨ ᠠᠵᠢᠯᠯᠠᠪᠠ᠃ ᠬᠥᠬᠡᠬᠣᠲᠠ 《ᠵᠠᠷᠯᠠᠯ ᠨᠡᠢᠲᠡᠯᠡᠵᠦ᠍ ᠮᠠᠩᠯᠠᠢᠯᠠᠭᠴᠢ ᠤᠷᠢᠬᠤ》 ᠪᠡᠷ ᠳᠠᠮᠵᠢᠭᠤᠯᠤᠨ ᠴᠧᠨ ᠷᠦᠨ ᠱᠧᠩ᠂ ᠹᠧᠩ ᠴᠢ ᠵᠡᠷᠭᠡ ᠠᠺᠠᠳᠧᠮᠢᠴᠢ ᠢ᠋ᠢᠨ ᠪᠦᠯᠬᠦᠮ ᠢ᠋ ᠣᠷᠣᠭᠤᠯᠤᠨ ᠠᠪᠴᠢᠷᠠᠵᠤ᠂ 《ᠠᠮᠢᠲᠠᠨ ᠤ᠋ mRNA ᠸᠠᠺᠼᠢᠨ ᠢ᠋ ᠬᠦᠷᠭᠡᠬᠦ᠌ ᠱᠢᠰᠲ᠋ᠧᠮ》 ᠵᠡᠷᠭᠡ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠡᠭᠦᠷᠭᠡ ᠢ᠋ᠢ ᠡᠩ ᠲᠡᠷᠢᠬᠦᠨ᠎ᠳᠤ ᠬᠡᠷᠡᠭ᠌ᠵᠢᠭᠦᠯᠪᠡ; ᠣᠷᠳᠣᠰ 《ᠠᠵᠤ ᠠᠬᠤᠢᠯᠠᠯᠲᠠᠨ ᠱᠢᠨᠵᠢᠯᠡᠬᠦ᠌ ᠤᠬᠠᠭᠠᠨᠲᠠᠨ ᠬᠠᠮᠵᠢᠯᠴᠠᠬᠤ ᠠᠵᠢᠯᠯᠠᠭ᠎ᠠ》 ᠢ᠋ᠢ ᠭᠦᠨᠵᠡᠭᠡᠶ ᠬᠡᠷᠡᠭ᠌ᠵᠢᠭᠦᠯᠵᠦ᠍᠂ 《3 ᠵᠢᠯ ᠤ᠋ᠨ ᠳᠣᠲᠣᠷ᠎ᠠ ᠵᠠᠩᠭᠢᠯᠠᠭ᠎ᠠ ᠢ᠋ᠢᠨ ᠮᠡᠷᠭᠡᠵᠢᠯ ᠢ᠋ 30 ᠡᠴᠡ ᠳᠡᠭᠡᠭ᠌ᠰᠢ ᠱᠢᠪᠲᠤᠯᠬᠤ》 ᠬᠠᠷᠠᠯᠲᠠ ᠲᠠᠢᠰᠢ ᠤᠷᠤᠭᠰᠢᠯᠠᠪᠠ ᠁ ᠪᠥᠬᠥ᠌ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠠᠭᠤᠷ ᠠᠮᠢᠰᠭᠤᠯ ᠤᠷᠢᠳ ᠡᠮᠦᠨ᠎ᠡ ᠪᠠᠢᠭ᠎ᠠ ᠥᠬᠡᠶ ᠥᠷᠨᠢᠨ ᠬᠥᠭ᠌ᠵᠢᠪᠡ᠃

ᠬᠦᠨᠵᠡᠭᠡᠢᠷᠡᠭᠦᠯᠦᠨ ᠱᠢᠪᠲᠤᠯᠵᠤ ᠬᠥᠭ᠌ᠵᠢᠯᠲᠡ ᠢ᠋ᠢᠨ ᠬᠦᠴᠦᠷᠬᠡᠭ ᠬᠥᠳᠡᠯᠭᠡᠭᠦᠷ ᠢ᠋ ᠴᠣᠭ᠍ᠴᠠᠯᠠᠨ᠎ᠠ

ᠡᠷᠭᠢᠯᠳᠦᠭᠡ ᠵᠤᠤᠬ᠎ᠠ ᠢ᠋ᠢᠨ ᠪᠦᠲᠦᠭᠡᠭ᠌ᠳᠡᠬᠦᠨ᠎ᠦ ᠬᠥᠮᠥᠷᠭᠡ ᠢ᠋ᠢᠨ ᠡᠮᠦᠨ᠎ᠡ᠂ ᠮᠦᠬᠦᠯᠢᠭ ᠮᠥᠬᠥᠯᠢᠭ ᠬᠣᠪᠣᠷ ᠱᠢᠷᠣᠶ ᠢ᠋ᠢᠨ ᠴᠢᠨᠠᠷ ᠢ᠋ ᠦᠭᠡᠷᠡᠴᠢᠯᠡᠭᠰᠡᠨ ᠸᠠᠭᠠᠷ᠎ᠢ᠋ ᠠᠦ᠋ᠲ᠋ᠣᠴᠢᠯᠠᠭ᠍ᠰᠠᠨ ᠦᠢᠯᠡᠳᠪᠤᠷᠢᠯᠡᠯ᠎ᠤᠨ ᠱᠤᠭᠤᠮ ᠢ᠋ᠢᠡᠷ ᠰᠠᠯᠭᠠᠨ ᠪᠣᠭᠣᠳᠠᠯᠯᠠᠨ᠎ᠠ᠃ 《ᠮᠠᠨ ᠤ᠋ ᠥᠨᠳᠥᠷ ᠳᠤᠯᠠᠭᠠᠨ ᠳ᠋ᠤ ᠲᠡᠰᠪᠦᠷᠢᠲᠡᠶ ᠮᠠᠲ᠋ᠧᠷᠢᠶᠠᠯ 1600°C ᠤ᠋ᠨ ᠲᠤᠢᠯ ᠤ᠋ᠨ ᠣᠷᠴᠢᠨ ᠲᠣᠭᠣᠷᠢᠨ ᠢ᠋ ᠲᠤᠭᠤᠯᠵᠤ ᠴᠢᠳᠠᠬᠤ ᠪᠦᠭᠡᠳ ᠠᠮᠢ ᠨᠠᠰᠤ᠎ᠨᠢ ᠤᠯᠠᠮᠵᠢᠯᠠᠯᠲᠤ ᠦᠶ᠋ᠯᠡᠳᠬᠦᠨ ᠡᠴᠡ 2 ᠡᠴᠡ 3 ᠳᠠᠬᠢᠨ ᠣᠷᠳᠣ ᠪᠠᠢᠳᠠᠭ》 ᠭᠡᠵᠤ ᠪᠤᠭᠤᠲᠤ ᠬᠣᠲᠠ ᠢ᠋ᠢᠨ ᠠᠨ ᠳ᠋ᠧ ᠰᠢ ᠨᠠᠶ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠢ᠋ᠢᠨ ᠮᠡᠷᠭᠡᠵᠢᠯ ᠤ᠋ᠨ ᠶᠡᠷᠦᠩᠬᠡᠶ ᠬᠢᠨᠠᠭ᠍ᠴᠢ ᠲᠤᠷᠱᠢᠯᠲᠠ ᠢ᠋ᠢᠨ ᠲᠠᠰᠤᠭ ᠤ᠋ᠨ ᠺᠣᠮᠫᠢᠦ᠋ᠲ᠋ᠧᠷ ᠤ᠋ᠨ ᠳᠡᠯᠭᠡᠴᠡ ᠳᠡᠭᠡᠷᠡᠬᠢ ᠴᠢᠳᠠᠮᠵᠢ ᠢ᠋ᠢᠨ ᠬᠠᠷᠢᠴᠠᠭᠤᠯᠤᠯ ᠵᠢᠷᠤᠭ ᠢ᠋ ᠵᠢᠭᠠᠨ ᠬᠡᠯᠡᠨ᠎ᠠ᠃

《ᠪᠦᠰᠠᠯᠠᠯᠲᠠ ᠰᠢᠪᠲᠤᠯᠬᠤ》 ᠲᠥᠷᠥᠯ ᠵᠦᠶ᠋ᠯ ᠢ᠋ ᠡᠭᠦᠷᠭᠡᠯᠡᠭ᠌ᠰᠡᠨ ᠡᠴᠡ ᠨᠠᠭᠠᠰᠢ᠂ ᠠᠵᠤ ᠠᠬᠤᠢᠯᠠᠯ ᠨᠢᠭᠡᠨᠲᠡ 《ᠬᠣᠪᠣᠷ ᠱᠢᠷᠣᠶ ᠢ᠋ᠢᠨ ᠤᠯᠠᠭᠠᠨ ᠤ᠋ ᠭᠠᠳᠠᠨᠠᠬᠢ ᠰᠠᠴᠤᠷᠠᠭ ᠤ᠋ᠨ ᠡᠨᠧᠷᠭᠢ ᠠᠷᠪᠢᠯᠠᠬᠤ ᠲᠦᠷᠬᠢᠬᠦ ᠮᠠᠲ᠋ᠧᠷᠢᠶᠠᠯ》 ᠵᠡᠷᠭᠡ 4 ᠵᠦᠶ᠋ᠯ ᠤ᠋ᠨ ᠠᠵᠢᠯ ᠲᠥᠷᠥᠯ ᠤ᠋ᠨ ᠬᠣᠭᠣᠰᠣᠨ ᠢ᠋ ᠨᠥᠬᠥᠪᠥᠷᠢᠯᠡᠬᠦ᠌ ᠦᠶ᠋ᠯᠡᠳᠬᠦᠨ ᠢ᠋ ᠠᠮᠵᠢᠯᠲᠠ ᠲᠠᠢ ᠰᠤᠳᠤᠯᠤᠨ ᠦᠢᠯᠡᠳᠦᠭᠰᠡᠨ ᠪᠦᠭᠡᠳ ᠵᠢᠯ ᠳ᠋ᠤ 1.5 ᠲᠦᠮᠡᠨ ᠲᠣᠨ ᠤ᠋ ᠵᠢᠱ᠌ᠢᠶ᠎ᠡ ᠦᠵᠡᠭᠦᠯᠬᠦ᠌ ᠱᠤᠭᠤᠮ ᠢ᠋ 2 ᠪᠠᠢᠭᠤᠯᠵᠤ᠂ ᠵᠢᠱ᠌ᠢᠯᠲᠡ ᠪᠡᠷ ᠵᠢᠯ ᠤ᠋ᠨ ᠦᠶ᠋ᠯᠡᠳᠪᠦᠷᠢᠯᠡᠯ ᠤ᠋ᠨ ᠥᠷᠲᠡᠭ᠎ᠨᠢ 3 ᠳ᠋ᠦᠩᠱᠢᠭᠤᠷ ᠲᠥᠭᠥᠷᠢᠭ ᠢ᠋ ᠳᠠᠪᠠᠬᠤ ᠪᠣᠯᠤᠨ᠎ᠠ᠃

ᠰᠤᠳᠤᠯᠤᠨ ᠨᠡᠭᠡᠭᠡᠬᠦ᠌ ᠦᠵᠦᠭᠦᠷᠯᠢᠭ ᠡᠴᠡ ᠠᠵᠤ ᠦᠢᠯᠡᠰ ᠤ᠋ᠨ ᠦᠵᠦᠭᠦᠷᠯᠢᠭ ᠬᠦᠷᠲᠡᠯ᠎ᠡ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠲᠠᠰᠤᠷᠠᠯᠲᠠ ᠦᠭᠡᠢ 《ᠰᠠᠯᠠᠭ᠎ᠠ ᠨᠠᠮᠠᠭ᠎ᠠ ᠭᠠᠷᠴᠤ》᠂ ᠵᠠᠬ᠎ᠠ ᠳᠡᠯᠭᠡᠭᠦᠷ ᠲᠤ᠌ 《ᠰᠠᠭᠤᠷᠢᠱᠢᠪᠠ》᠃ ᠠᠵᠤ ᠦᠶ᠋ᠯᠡᠰ ᠤ᠋ᠨ ᠬᠡᠯᠬᠢᠶ᠎ᠡ᠎ᠳᠡᠬᠢ 《ᠮᠡᠷᠭᠡᠵᠢᠯ ᠤ᠋ᠨ ᠪᠣᠭᠣᠮᠲᠠ ᠱᠢᠪᠲᠤᠯᠤᠯᠲᠠ + ᠵᠠᠬ᠎ᠠ ᠳᠡᠯᠭᠡᠭᠦᠷ ᠤ᠋ᠨ ᠱᠢᠯᠭᠠᠨ ᠪᠠᠲᠤᠯᠠᠯᠲᠠ》 ᠢ᠋ᠢᠨ ᠬᠤᠤᠰ ᠬᠦᠷᠳᠦᠲᠦ ᠬᠥᠳᠡᠯᠭᠡᠭᠦᠷ ᠤ᠋ᠨ ᠵᠠᠭ᠍ᠪᠤᠷ᠎ᠲᠤ ᠲᠦᠱᠢᠭ᠌ᠯᠡᠨ᠂ ᠠᠵᠤ ᠠᠬᠤᠢᠯᠠᠯ ᠤ᠋ᠨ ᠱᠢᠨ᠎ᠡ ᠦᠶ᠋ᠯᠡᠳᠬᠦᠨ᠎ᠦ ᠬᠤᠪᠢ ᠨᠡᠮᠡᠷᠢ ᠢ᠋ᠢᠨ ᠨᠣᠷᠮ᠎ᠠ 70% ᠢ᠋ᠢ ᠳᠠᠪᠠᠵᠤ᠂ ᠣᠢᠷ᠎ᠠ ᠢ᠋ᠢᠨ 3 ᠵᠢᠯ ᠤ᠋ᠨ ᠡᠵᠡᠩᠨᠡᠯᠲᠡ ᠢ᠋ᠢᠨ ᠣᠷᠣᠯᠭ᠎ᠠ ᠢ᠋ᠢᠨ ᠵᠢᠯ ᠳᠤᠮᠳᠠᠴᠢ ᠢ᠋ᠢᠨ ᠨᠡᠮᠡᠭ᠌ᠳᠡᠯ ᠤ᠋ᠨ ᠬᠤᠷᠳᠤᠴᠠ 40%᠎ᠳ᠋ᠤ ᠬᠦᠷᠴᠡᠶ᠂ ᠡᠨᠡ ᠬᠦ᠌ 2022 ᠣᠨ ᠳ᠋ᠤ ᠪᠠᠢᠭᠤᠯᠤᠭ᠍ᠳᠠᠭ᠍ᠰᠠᠨ ᠠᠵᠤ ᠠᠬᠤᠢᠯᠠᠯ᠎ᠨᠢ ᠬᠣᠪᠣᠷ ᠱᠢᠷᠣᠶ ᠢ᠋ᠢᠨ ᠭᠠᠯ᠎ᠳᠤ ᠲᠠᠰᠪᠤᠷᠢᠳᠠᠢ ᠮᠠᠲ᠋ᠧᠷᠢᠶᠠᠯ ᠤ᠋ᠨ ᠬᠦᠷᠢᠶᠡᠨ᠎ᠳᠡᠬᠢ ᠠᠵᠢᠯ ᠲᠥᠷᠥᠯ ᠤ᠋ᠨ ᠱᠢᠨ᠎ᠡ ᠬᠦᠴᠦᠨ ᠪᠤᠯᠤᠨ ᠪᠤᠢᠵᠢᠵᠠᠢ᠃

ᠪᠦᠷᠢᠳᠭᠡᠯ ᠢ᠋ ᠦᠨᠳᠦᠰᠦᠯᠡᠪᠡᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠠᠯᠠᠯᠲᠠ ᠰᠢᠪᠲᠤᠯᠬᠤ》 ᠢᠨᠵᠧᠨᠧᠷᠢᠩ ᠤ᠋ᠨ 70% ᠢ᠋ᠢᠨ ᠲᠥᠷᠥᠯ ᠵᠦᠶ᠋ᠯ ᠢ᠋ ᠠᠵᠤ ᠠᠬᠤᠢᠯᠠᠯ ᠲᠦᠷᠦᠭᠦᠯᠡᠨ ᠡᠭᠦᠷᠭᠡᠯᠡᠵᠦ᠍᠂ ᠨᠡᠩ ᠣᠯᠠᠨ ᠠᠵᠤ ᠠᠬᠤᠢᠯᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠠᠯᠠᠯᠲᠠ ᠰᠢᠪᠲᠤᠯᠤᠯᠲᠠ》 ᠢ᠋ᠢ ᠬᠡᠷᠡᠭ᠌ᠵᠢᠭᠦᠯᠬᠦ᠌ ᠪᠡᠶᠡᠴᠢ ᠴᠣᠭ᠍ᠴᠠ᠂ ᠣᠷᠣᠭᠤᠯᠤᠯᠲᠠ ᠢ᠋ᠢᠨ ᠪᠡᠶᠡᠴᠢ ᠴᠣᠭ᠍ᠴᠠ ᠪᠠ ᠠᠱᠢᠭ ᠭᠥᠷᠳᠡᠬᠦ᠌ ᠪᠡᠶᠡᠴᠢ ᠴᠣᠭ᠍ᠴᠠ ᠪᠣᠯᠵᠣ ᠪᠠᠢᠨ᠎ᠠ᠃ 2024 ᠣᠨ ᠳ᠋ᠤ  ᠪᠥᠬᠥ᠌ ᠣᠷᠣᠨ ᠤ᠋ ᠱᠢᠨ᠎ᠡ ᠢ᠋ᠢ ᠡᠭᠦᠳᠬᠦ᠌ ᠬᠡᠯᠪᠡᠷᠢ ᠢ᠋ᠢᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠡᠯᠪᠡᠷᠢ ᠢ᠋ᠢᠨ᠂ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ ᠤ᠋ᠨ ᠲᠣᠭ᠎ᠠ ᠬᠡᠮᠵᠢᠶ᠎ᠡ ᠲᠣᠰ ᠲᠣᠰ 80.8%᠂ 33%᠂ 60.3% ᠪᠠᠷ ᠨᠡᠮᠡᠭ᠌ᠳᠡᠵᠦ᠍᠂ ᠪᠥᠬᠥ᠌ ᠵᠢᠯ ᠳ᠋ᠤ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠢ᠋ ᠱᠢᠨ᠎ᠡ ᠪᠡᠷ 596 ᠪᠣᠢᠵᠢᠭᠤᠯᠵᠤ᠂ ᠶᠡᠷᠦᠩᠬᠡᠶ ᠬᠡᠮᠵᠢᠶ᠎ᠡ ᠨᠢ 2002 ᠪᠣᠯᠪᠠ᠃

ᠨᠢᠭᠡ ᠵᠢᠯ ᠤ᠋ᠨ ᠲᠤᠷᠰᠢ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠰᠲ᠋ᠧᠮ ᠤ᠋ᠨ᠎ᠬᠢᠨ ᠰᠡᠳᠭᠢᠯ ᠨᠢᠭᠡᠳᠤᠨ ᠬᠦᠴᠦ ᠪᠡᠨ ᠬᠠᠮᠲᠤᠳᠭᠠᠵᠤ᠂ ᠵᠣᠷᠢᠭ᠍ᠲᠠᠶ᠎ᠪᠤᠭᠤᠮᠲᠠ ᠱᠢᠪᠲᠤᠯᠵᠤ᠂ 36 《ᠪᠦᠰᠠᠯᠠᠯᠲᠠ ᠱᠢᠪᠲᠤᠯᠬᠤ ᠲᠦᠳᠡᠭ ᠭᠠᠯ》 ᠢ᠋ ᠳᠦᠷᠡᠯᠵᠡᠭᠦᠯᠵᠦ᠍᠂ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠠᠶᠠᠨ ᠵᠠᠮ ᠢ᠋ ᠭᠡᠷᠡᠯᠲᠦᠭᠦᠯᠬᠦ᠌ ᠪᠡᠷ ᠴᠢᠷᠮᠠᠢᠪᠠ᠃ 2024 ᠣᠨ ᠳ᠋ᠤ ᠥᠪᠥᠷ ᠮᠣᠩᠭᠣᠯ ᠤ᠋ᠨ ᠣᠷᠣᠨ ᠪᠦᠰᠡ ᠢ᠋ᠢᠨ ᠱᠢᠨ᠎ᠡ ᠢ᠋ᠢ ᠡᠭᠦᠳᠬᠦ᠌ ᠶᠡᠷᠦᠩᠬᠡᠢᠯᠡᠭ᠌ᠰᠡᠨ ᠴᠢᠳᠠᠪᠤᠷᠢ ᠪᠥᠬᠥ᠌ ᠤᠯᠤᠰ᠎ᠲᠤ 4 ᠤᠷᠤᠨ ᠳᠡᠭᠡᠭ᠌ᠰᠢᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠷᠣᠭᠤᠯᠤᠯᠲᠠ᠂ ᠭᠠᠷᠭᠠᠯᠲᠠ᠂ ᠠᠵᠤ ᠦᠶ᠋ᠯᠡᠰ ᠤ᠋ᠨ ᠱᠢᠨ᠎ᠡ ᠢ᠋ᠢ ᠡᠭᠦᠳᠬᠦ᠌ ᠭᠦᠶ᠋ᠴᠡᠳᠭᠡᠯ ᠲᠣᠭ᠎ᠠ ᠢ᠋ᠢᠨ ᠨᠡᠮᠡᠭ᠌ᠳᠡᠯ ᠤ᠋ᠨ ᠬᠤᠷᠳᠤᠴᠠ᠎ᠨᠢ ᠴᠥᠮ ᠪᠥᠬᠥ᠌ ᠤᠯᠤᠰ ᠤ᠋ᠨ ᠲᠦᠷᠦᠭᠦᠦ 10᠎ᠳ᠋ᠤ ᠲᠤᠳᠤᠷᠠᠵᠤ᠂ ᠬᠡᠪᠴᠢᠶᠡᠵᠢᠯ ᠡᠴᠡ ᠳᠡᠭᠡᠭ᠌ᠰᠢᠬᠢ ᠠᠵᠤ ᠠᠬᠤᠢᠯᠠᠯ ᠤ᠋ᠨ ᠮᠡᠷᠭᠡᠵᠢᠯ ᠤ᠋ᠨ ᠥᠭᠡᠷᠡᠴᠢᠯᠡᠯᠲᠡ ᠢ᠋ᠢᠨ ᠵᠠᠷᠤᠳᠠᠯ ᠵᠠᠷᠤᠯᠭ᠎ᠠ ᠢ᠋ᠢᠨ ᠨᠡᠮᠡᠭ᠌ᠳᠡᠯ ᠤ᠋ᠨ ᠨᠣᠷᠮ᠎ᠠ᠎ᠨᠢ ᠪᠥᠬᠥ᠌ ᠤᠯᠤᠰ ᠤ᠋ᠨ ᠲᠡᠷᠢᠭᠦᠨ ᠳ᠋ᠤ ᠵᠢᠬᠰᠠᠭᠠᠬᠲᠠᠪᠠ᠃ ᠪᠦᠬᠦ᠌ ᠨᠡᠢᠭᠡᠮ ᠤ᠋ᠨ ᠰᠤᠳᠤᠯᠤᠨ ᠨᠡᠭᠡᠭᠡᠬᠦ᠌ ᠵᠠᠷᠤᠳᠠᠯ ᠤ᠋ᠨ ᠣᠷᠣᠭᠤᠯᠤᠯᠲᠠ ᠲᠡᠦᠬᠡ ᠢ᠋ᠢᠨ ᠱᠢᠨ᠎ᠡ ᠲᠡᠮᠳᠡᠭ᠌ᠯᠡᠯ ᠢ᠋ ᠡᠭᠦᠳᠴᠦ᠍᠂ 228.1 ᠳ᠋ᠦᠩᠱᠢᠭᠤᠷ ᠲᠥᠭᠥᠷᠢᠭ ᠲᠤ᠌ ᠬᠦᠷᠪᠡ᠃ ᠪᠥᠬᠥ᠌ ᠣᠷᠣᠨ ᠤ᠋ ᠳᠠᠩᠰᠠᠯᠠᠭᠤᠯᠤᠭ᠍ᠰᠠᠨ ᠮᠡᠷᠭᠡᠵᠢᠯ ᠤ᠋ᠨ ᠭᠡᠷ᠎ᠡ 2412 ᠵᠦᠶ᠋ᠯ ᠪᠠᠢᠵᠤ᠂ ᠠᠷᠠᠯᠵᠢᠶ᠎ᠠ ᠪᠦᠲᠦᠭ᠌ᠰᠡᠨ ᠲᠣᠭ᠎ᠠ ᠠᠩᠬ᠎ᠠ ᠤᠳᠠᠭ᠎ᠠ 80 ᠳ᠋ᠦᠩᠱᠢᠭᠤᠷ ᠲᠥᠭᠥᠷᠢᠭ ᠤ᠋ᠨ ᠶᠡᠬᠡ ᠪᠣᠭᠣᠮᠲᠠ ᠢ᠋ᠢ ᠳᠠᠪᠠᠪᠠ᠃

2025 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠠᠷᠪᠠᠨ ᠶᠡᠬᠡ ᠠᠵᠤ ᠦᠶ᠋ᠯᠡᠰ ᠤ᠋ᠨ ᠪᠦᠯᠦᠭ᠌ᠯᠡᠯ ᠤ᠋ᠨ ᠲᠣᠭᠣᠷᠢᠨ ᠳ᠋ᠤ 《ᠵᠣᠬᠢᠶᠠᠮᠠᠯ ᠣᠶᠤᠨ ᠴᠢᠳᠠᠪᠤᠷᠢ +》᠂ ᠤᠢᠷ᠎ᠠ ᠤᠭᠲᠠᠷᠭᠤᠢ ᠢ᠋ᠢᠨ ᠠᠵᠤ ᠠᠬᠤᠶ᠂ ᠠᠮᠢᠳᠤ ᠪᠣᠳᠠᠰ ᠤ᠋ᠨ ᠮᠡᠷᠭᠡᠵᠢᠯ ᠵᠡᠷᠭᠡ ᠬᠦᠷᠢᠶᠡᠨ ᠳ᠋ᠤ ᠨᠢᠭᠡ ᠪᠦᠯᠦᠭ ᠱᠢᠨ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠰᠢᠪᠲᠤᠯᠬᠤ》 ᠢᠨᠵᠧᠨᠧᠷᠢᠩ ᠢ᠋ ᠶᠠᠭ ᠡᠬᠢᠯᠡᠭᠦᠯᠵᠦ᠍ ᠪᠣᠶ᠃

ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠪᠦᠰᠠᠯᠠᠯᠲᠠ ᠱᠢᠪᠲᠤᠯᠬᠤ》 ᠵᠠᠮ ᠬᠥᠮᠦᠰ ᠲᠤ᠌ ᠭᠦᠨᠵᠡᠭᠡᠢ ᠰᠡᠩᠬᠡᠷᠡᠭᠦᠯᠦᠯ ᠥᠭ᠌ᠴᠡᠢ᠂ ᠣᠷᠣᠨ ᠳᠠᠶᠠᠭᠠᠷ ᠢ᠋ᠢᠡᠨ ᠪᠠᠢᠯᠳᠤᠬᠤ ᠪᠤᠳᠤᠯᠭ᠎ᠠ ᠢ᠋ᠢᠨ ᠲᠣᠭ᠍ᠲᠠᠯ ᠬᠦᠴᠦᠨ ᠢ᠋ᠢᠡᠨ ᠪᠠᠲᠤᠯᠠᠵᠤ᠂ ᠦᠷᠭᠦᠯᠵᠢᠯᠡᠨ ᠬᠦᠴᠢᠷ ᠢ᠋ ᠲᠤᠭᠤᠯᠤᠨ ᠪᠡᠷᠬᠡ ᠢ᠋ᠢ ᠳᠠᠪᠠᠵᠤ᠂ ᠡᠷᠴᠢ ᠵᠣᠷᠢᠭ ᠢ᠋ᠢᠡᠨ ᠬᠥᠪᠴᠢᠯᠡᠨ ᠭᠦᠢᠴᠡᠨ ᠲᠠᠪᠠᠵᠤ᠂ ᠲᠤᠮᠤ ᠠᠯᠬᠤᠮ ᠢ᠋ᠢᠡᠷ ᠤᠷᠤᠭ᠍ᠰᠢᠯᠠᠵᠤ᠂ 《ᠱᠢᠨ᠎ᠡ ᠢ᠋ᠢ ᠡᠭᠦᠳᠦᠨ》 ᠳᠠᠪᠰᠢᠪᠠᠯ  ᠪᠢᠳᠡ ᠬᠢᠵᠠᠭᠠᠯᠠᠰᠢ ᠦᠭᠡᠢ ᠭᠤᠢᠳᠠ ᠦᠵᠡᠮᠵᠢ᠂ ᠲᠣᠭ᠎ᠠ ᠦᠭᠡᠢ ᠤᠯᠠᠨ ᠪᠠᠶᠠᠷᠯᠠᠭᠤᠱᠢᠲᠠᠢ ᠶᠠᠪᠤᠳᠠᠯ ᠢ᠋ ᠤᠭᠲᠤᠨ ᠠᠪᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号