ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠢᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠲᠠᠪᠤᠳᠤᠭᠠᠷ ᠬᠢᠨᠠᠨ ᠵᠢᠯᠣᠭᠣᠳᠭᠤ ᠳᠤᠭᠤᠢᠯᠠᠩ ᠬᠦᠴᠦᠨ ᠵᠢᠡᠨ ᠨᠡᠮᠡᠵᠤ ᠦᠬᠠᠢ ᠬᠤᠳᠠ᠎ᠳᠤ ᠤᠷᠤᠵᠤ ᠰᠠᠭᠤᠪᠠ
2025-07-04 10:46:21
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠢᠦᠢ ᠯᠢ ᠱᠢᠨ ᠶᠠᠷᠢᠶ᠎ᠠ ᠲᠠᠯᠪᠢᠵᠠᠢ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠷᠢᠯᠠᠭᠤᠯᠤᠯᠲᠠ ᠶᠣᠰᠣᠭᠠᠷ᠂ 7 ᠰᠠᠷ᠎ᠠ᠎ᠶ᠋ᠢᠨ 2᠎ᠤ᠋ᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠲᠠᠪᠤᠳᠤᠭᠠᠷ ᠬᠢᠨᠠᠨ ᠵᠢᠯᠣᠭᠣᠳᠭᠤ ᠳᠤᠭᠤᠢᠯᠠᠩ ᠬᠦᠴᠦᠨ ᠵᠢᠡᠨ ᠨᠡᠮᠡᠨ ᠦᠬᠠᠢ ᠬᠤᠳᠠ᠎ᠳᠤ ᠤᠷᠤᠵᠤ ᠰᠠᠭᠤᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠬᠢᠨᠠᠨ ᠪᠠᠢᠴᠠᠭᠠᠯᠳᠠ ᠡᠴᠡ ᠵᠠᠷᠯᠠᠨ ᠮᠡᠳᠡᠭ᠌ᠳᠡᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠡᠴᠡ ᠭᠠᠷᠳᠠᠵᠤ᠂ ᠦᠬᠠᠢ ᠬᠤᠳᠠ᠎ᠶ᠋ᠢᠨ ᠪᠦᠬᠦ᠌ ᠲᠠᠯ᠎ᠠ᠎ᠪᠠᠷ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠂ ᠠᠵᠤ ᠦᠢᠯᠡᠰ᠎ᠦᠨ ᠪᠦᠲᠦᠴᠡ᠎ᠶ᠋ᠢᠨ ᠲᠤᠬᠢᠷᠠᠭᠤᠯᠤᠯᠳᠠ᠂ ᠬᠢᠨᠠᠯᠲᠠ ᠲᠠᠯᠪᠢᠵᠤ ᠬᠠᠤᠯᠢ ᠬᠡᠷᠡᠭ᠌ᠵᠢᠭᠦᠯᠬᠦ᠌᠂ ᠪᠣᠬᠢᠷᠲᠤᠯ᠎ᠢ ᠰᠡᠷᠭᠡᠢᠯᠡᠨ ᠵᠠᠰᠠᠬᠤ ᠪᠠ ᠲᠦᠷᠦᠯ ᠵᠦᠢᠯ᠎ᠦᠨ ᠬᠠᠮᠢᠶᠠᠷᠤᠯᠲᠠ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠪᠦᠬᠦᠨ᠎ᠢ ᠱᠢᠢᠳᠪᠦᠷᠢᠯᠡᠬᠦ ᠪᠡᠷ ᠪᠤᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠢ ᠯᠢ ᠱᠢᠨ ᠠᠵᠢᠯ᠎ᠤᠨ ᠬᠤᠷᠠᠯ᠎ᠳᠤ ᠣᠷᠣᠯᠴᠠᠵᠠᠢ᠃

ᠬᠤᠷᠠᠯ᠎ᠡᠴᠡ᠂ ᠦᠬᠠᠢ ᠬᠤᠳᠠ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠭᠦᠨᠵᠡᠭᠡᠢ ᠤᠬᠠᠭᠠᠷᠠᠨ ᠲᠤᠩᠭᠠᠨ ᠰᠡᠳᠭᠢᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠬᠢᠨᠠᠨ ᠪᠠᠢᠴᠠᠭᠠᠯᠳᠠ ᠡᠴᠡ ᠵᠠᠷᠯᠠᠨ ᠮᠡᠳᠡᠭ᠌ᠳᠡᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠭᠢᠯᠭᠡ ᠪᠠᠨ ᠦᠨᠡᠨ ᠬᠦ᠌ ᠴᠢᠩᠭᠠᠳᠭᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ᠎ᠳᠤ ᠢᠯᠡᠷᠡᠭ᠌ᠰᠡᠨ ᠠᠯᠢ ᠤᠯᠠᠨ ᠠᠰᠠᠭᠤᠳᠠᠯ᠎ᠢ ᠦᠨᠳᠦᠰᠦ᠎ᠡᠴᠡ ᠨᠢ ᠲᠤᠢᠯᠪᠤᠷᠢᠲᠠᠢ ᠱᠢᠢᠳᠪᠦᠷᠢᠯᠡᠵᠦ᠍᠂ ᠴᠢᠨᠠᠷ ᠰᠠᠢᠲᠠᠢ ᠴᠡᠭ᠌ᠴᠡᠯᠡᠨ ᠰᠠᠢᠵᠢᠷᠠᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠡᠷ 《ᠬᠣᠶᠠᠷ ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号