ᠰᠤᠷᠪᠤᠯᠵᠢᠯᠠᠭᠴᠢ ᠪᠠᠶᠠᠨᠨᠠᠭᠤᠷ ᠬᠣᠲᠠ᠎ᠶ᠋ᠢᠨ ᠤᠷᠠᠳ᠎ᠤ᠋ᠨ ᠬᠣᠢᠲᠤ ᠬᠤᠰᠢᠭᠤᠨ᠎ᠤ᠋ ᠬᠤᠳᠠᠯᠳᠤᠭᠠᠨ᠎ᠤ᠋ ᠶᠠᠪᠤᠳᠠᠯ᠎ᠤ᠋ᠨ ᠲᠣᠪᠴᠢᠶ᠎ᠠ ᠡᠴᠡ ᠣᠢᠯᠠᠭᠠᠭᠰᠠᠨ᠎ᠢ᠋ᠶ᠋ᠠᠷ᠂ ᠲᠤᠬᠠᠢ᠎ᠶ᠋ᠢᠨ ᠭᠠᠵᠠᠷ᠎ᠤ᠋ᠨ ᠨᠢᠭᠡᠨ ᠮᠠᠰᠢᠨ ᠲᠡᠷᠭᠡᠨᠦ᠌ ᠠᠷᠠᠯᠵᠢᠶᠠᠨ᠎ᠤ᠋ ᠺᠣᠮᠫᠠᠨᠢ᠎ᠶ᠋ᠢᠨ ᠭᠠᠳᠠᠭᠠᠳᠤ᠎ᠳᠤ ᠭᠠᠷᠭᠠᠬᠤ ᠪᠡᠷ ᠭᠤᠶᠤᠴᠢᠯᠠᠨ ᠮᠡᠳᠡᠭᠦᠯᠦᠭᠰᠡᠨ ᠠᠩᠬᠠᠨ᠎ᠤ᠋ ᠪᠦᠯᠦᠭ ᠭᠠᠷ ᠳᠠᠮᠵᠢᠭᠰᠠᠨ ᠮᠠᠰᠢᠨ ᠲᠡᠷᠭᠡ ᠪᠡᠭᠡᠵᠢᠩ᠎ᠡᠴᠡ ᠰᠢᠨᠵᠢᠶᠠᠩ ᠬᠦᠷᠬᠦ ᠲᠦᠷᠭᠡᠨᠦ᠌ ᠵᠠᠰᠠᠮᠠᠯ ᠵᠠᠮ᠎ᠢ᠋ᠶ᠋ᠠᠷ ᠺᠠᠱᠭᠠᠷᠲᠤ᠌ ᠬᠦᠷᠦᠭᠰᠡᠨᠦ᠌ ᠳᠠᠷᠠᠭ᠎ᠠ᠂ ᠳᠠᠬᠢᠨ ᠣᠯᠠᠨ ᠤᠯᠤᠰ᠎ᠤ᠋ᠨ ᠪᠠᠷᠠᠭᠠᠨ᠎ᠤ᠋ ᠭᠦᠢᠯᠭᠡᠭᠡ᠎ᠪᠡᠷ ᠳᠠᠮᠵᠢᠨ ᠣᠷᠣᠰ᠂ ᠦᠽᠪᠸᠺᠢᠰᠲ᠋ᠠᠨ ᠵᠡᠷᠭᠡ ᠤᠯᠤᠰ᠎ᠲᠤ᠌ ᠬᠦᠷᠴᠠᠢ᠂ ᠡᠨᠡ ᠨᠢ ᠪᠠᠶᠠᠨᠨᠠᠭᠤᠷ ᠬᠣᠲᠠ᠎ᠶ᠋ᠢᠨ ᠭᠠᠷ ᠳᠠᠮᠵᠢᠭᠰᠠᠨ ᠮᠠᠰᠢᠨ ᠲᠡᠷᠭᠡ ᠭᠠᠳᠠᠭᠠᠳᠤ ᠠᠷᠠᠯᠵᠢᠶ᠎ᠠ᠎ᠶ᠋ᠢᠨ ᠲᠠᠯ᠎ᠠ᠎ᠪᠠᠷ ᠬᠣᠭᠣᠰᠣᠨᠢ᠋ ᠨᠥᠬᠥᠪᠥᠷᠢᠯᠡᠭᠰᠡᠨ ᠶᠠᠪᠤᠳᠠᠯ ᠪᠣᠯᠤᠨ᠎ᠠ᠃
ᠣᠢᠯᠠᠭᠠᠭᠰᠠᠨ᠎ᠢ᠋ᠶ᠋ᠠᠷ᠂ ᠲᠤᠰ ᠤᠳᠠᠭ᠎ᠠ᠎ᠶ᠋ᠢᠨ ᠭᠠᠳᠠᠭᠠᠳᠤ᠎ᠳ᠋ᠤ᠌ ᠭᠠᠷᠭᠠᠬᠤ ᠪᠦᠲᠦᠭᠡᠭᠳᠡᠬᠦᠨ ᠨᠢ ᠬᠤᠩ ᠴᠢ᠂ ᠪᠢᠶᠠᠳ᠋ᠢ ᠵᠡᠷᠭᠡ ᠤᠯᠤᠰ᠎ᠤ᠋ᠨ ᠦᠢᠯᠡᠳᠪᠦᠷᠢᠯᠡᠭᠰᠡᠨ ᠨᠡᠷᠡᠲᠦ ᠲᠦᠷᠦᠯ ᠲᠡᠮᠳᠡᠭ᠎ᠤᠨ ᠰᠢᠨ᠎ᠡ ᠡᠨᠧᠷᠭᠢ᠎ᠶ᠋ᠢᠨ ᠮᠠᠰᠢᠨ ᠲᠡᠷᠭᠡ᠎ᠪᠡᠷ ᠭᠣᠣᠯ ᠪᠣᠯᠭᠠᠵᠤ᠂ ᠨᠡᠢᠲᠡ 20 ᠰᠠᠭᠤᠷᠢ ᠮᠠᠰᠢᠨ ᠲᠡᠷᠭᠡ ᠪᠠᠢᠵᠤ᠂ ᠶᠡᠷᠦᠩᠬᠡᠢ ᠥᠷᠲᠡᠭ ᠨᠢ 300 ᠲᠦᠮᠡᠨ ᠲᠥᠭᠥᠷᠢᠭ᠎ᠢ᠋ ᠳᠠᠪᠠᠪᠠ᠃ ᠨᠢᠳᠤᠨᠤᠨ ᠬᠤᠳᠠᠯᠳᠤᠭᠠᠨ᠎ᠤ᠋ ᠶᠠᠮᠤᠨ ᠵᠡᠷᠭᠡ ᠤᠯᠤᠰ᠎ᠤ᠋ᠨ 5 ᠰᠠᠯᠠᠭ᠎ᠠ ᠮᠥᠴᠢᠷ ᠬᠠᠮᠲᠤᠷᠠᠨ《ᠭᠠᠷ ᠳᠠᠮᠵᠢᠭᠰᠠᠨ ᠮᠠᠰᠢᠨ ᠲᠡᠷᠭᠡᠨᠦ᠌ ᠭᠠᠳᠠᠭᠠᠳᠤ ᠭᠠᠷᠭᠠᠯᠲᠠ᠎ᠶᠢᠨ ᠲᠤᠬᠠᠢ ᠠᠯᠪᠠᠨ ᠵᠠᠷᠯᠠᠯ》 ᠢ᠋ ᠨᠡᠢᠲᠡᠯᠡᠭᠰᠡᠨᠦ᠌ ᠳᠠᠷᠠᠭ᠎ᠠ᠂ ᠭᠠᠷ ᠳᠠᠮᠵᠢᠭᠰᠠᠨ ᠮᠠᠰᠢᠨ ᠲᠡᠷᠭᠡᠨᠦ᠌ ᠭᠠᠳᠠᠭᠠᠳᠤ ᠭᠠᠷᠭᠠᠯᠲᠠ᠎ᠶᠢᠨ ᠲᠤᠬᠠᠢᠯᠠᠭᠰᠠᠨ ᠠᠵᠢᠯ ᠲᠤᠷᠰᠢᠯᠲᠠ᠎ᠶ᠋ᠢᠨ ᠴᠢᠭ᠎ᠤᠨ ᠬᠣᠲᠠ ᠠ᠋ᠴᠠ ᠨᠢᠭᠡᠨᠲᠡ ᠠᠯᠬᠤᠮ ᠠᠯᠬᠤᠮᠢ᠋ᠶ᠋ᠠᠷ ᠪᠦᠬᠦ ᠤᠯᠤᠰ᠎ᠲᠤ᠌ ᠲᠦᠭᠡᠮᠡᠯᠵᠢᠪᠡ᠃
ᠤᠷᠠᠳ᠎ᠤ᠋ᠨ ᠬᠣᠢᠲᠤ ᠬᠣᠰᠢᠭᠤ ᠤᠮᠠᠷᠠᠰᠢ ᠨᠡᠭᠡᠭᠡᠯᠲᠡ ᠬᠢᠬᠦ ᠡᠮᠦᠨ᠎ᠡ ᠹᠷᠤᠨᠲ᠎ᠲᠤ ᠪᠠᠢᠷᠢᠯᠠᠵᠤ᠂ ᠶᠡᠷᠦᠩᠬᠡᠢᠯᠡᠭᠰᠡᠨ ᠬᠢᠯᠢ᠎ᠶᠢᠨ ᠪᠤᠭᠤᠮᠳᠠ᠎ᠶᠢᠨ ᠠᠵᠤ ᠠᠬᠤᠢ᠎ᠶᠢᠨ ᠬᠦᠭᠵᠢᠯᠲᠡ᠎ᠶᠢᠨ ᠪᠠᠢᠷᠢᠰᠢᠯ᠎ᠤᠨ ᠲᠠᠪᠠᠭᠤᠯᠢᠭ᠎ᠲᠠᠭᠠᠨ ᠦᠨᠳᠦᠰᠦᠯᠡᠨ᠂ ᠦᠳᠲᠡᠷ ᠲᠦᠷᠭᠡᠨ ᠵᠢᠡᠷ ᠲᠦᠷᠦ᠎ᠶᠢᠨ ᠪᠤᠳᠤᠯᠭ᠎ᠠ᠎ᠶᠢᠨ ᠲᠤᠬᠢᠶᠠᠯ᠎ᠢ ᠴᠤᠤᠷᠢᠶᠠᠳᠤᠨ ᠲᠠᠭᠠᠵᠤ ᠭᠠᠳᠠᠭᠠᠳᠤ ᠠᠷᠠᠯᠵᠢᠶ᠎ᠠ᠎ᠪᠠᠨ ᠪᠤᠵᠠᠭᠠᠢᠷᠠᠭᠤᠯᠵᠤ᠂ ᠲᠤᠰ ᠬᠤᠰᠢᠭᠤᠨ᠎ᠤ᠋ ᠬᠤᠳᠠᠯᠳᠤᠭᠠᠨ᠎ᠤ᠋ ᠶᠠᠪᠤᠳᠠᠯ᠎ᠤ᠋ᠨ ᠲᠣᠪᠴᠢᠶ᠎ᠠ ᠬᠠᠮᠢᠶ᠎ᠠ ᠪᠦᠬᠦᠢ ᠠᠵᠤ ᠠᠬᠤᠢᠯᠠᠯᠳ᠋ᠤ᠌ ᠬᠢᠷᠢ ᠭᠡᠮ᠎ᠤᠨ ᠪᠣᠢᠵᠢᠭᠤᠯᠤᠯᠲᠠ ᠬᠢᠵᠦ᠂ ᠪᠣᠭᠣᠮᠲᠠ᠂ ᠵᠠᠮ ᠬᠠᠷᠢᠯᠴᠠᠭ᠎ᠠ᠂ ᠭᠠᠢᠯᠢ᠎ᠶ᠋ᠢᠨ ᠶᠠᠪᠤᠳᠠᠯ ᠵᠡᠷᠭᠡ ᠰᠠᠯᠠᠭ᠎ᠠ ᠮᠥᠴᠢᠷ᠎ᠲᠡᠢ ᠬᠠᠮᠵᠢᠯᠴᠠᠨ ᠰᠠᠭᠠᠳ ᠦᠭᠡᠢ ᠨᠡᠪᠲᠡᠷᠡᠬᠦ ᠵᠠᠮ ᠪᠠᠢᠭᠤᠯᠵᠤ᠂ ᠰᠢᠯᠭᠠᠨ ᠪᠠᠢᠴᠠᠭᠠᠬᠤ᠂ ᠡᠷᠦᠬᠡ ᠰᠢᠯᠵᠢᠭᠦᠯᠬᠦ᠂ ᠪᠣᠭᠣᠮᠲᠠ ᠥᠩᠭᠡᠷᠡᠬᠦᠯᠬᠦ᠂ ᠭᠠᠢᠯᠢ ᠪᠤᠴᠠᠭᠠᠬᠤ ᠪᠦᠬᠦ ᠶᠠᠪᠤᠴᠠ᠎ᠶ᠋ᠢ ᠥᠨᠳᠥᠷ ᠪᠦᠲᠦᠮᠵᠢᠲᠡᠢ ᠵᠤᠯᠭᠠᠭᠤᠯᠬᠤ᠎ᠶ᠋ᠢᠨ ᠬᠠᠮᠲᠤ᠂ ᠠᠵᠤ ᠠᠬᠤᠢᠯᠠᠯ᠎ᠢ᠋ ᠵᠢᠯᠣᠭᠣᠳᠤᠨ᠂ ᠭᠠᠳᠠᠭᠠᠳᠤ ᠬᠡᠷᠡᠭᠴᠡᠭᠡ ᠱᠠᠭᠠᠷᠳᠠᠯᠭ᠎ᠠ ᠲᠠᠢ ᠤᠨᠤᠪᠴᠢᠲᠠᠢ ᠵᠤᠬᠢᠴᠠᠭᠤᠯᠵᠤ᠂ ᠵᠠᠬ᠎ᠠ ᠲᠡᠯᠭᠡᠭᠦᠷ᠎ᠢ ᠦᠷᠭᠡᠳᠭᠡᠪᠡ᠃
ᠣᠢᠷ᠎ᠠ᠎ᠶ᠋ᠢᠨ ᠵᠢᠯ᠎ᠡᠴᠡ ᠤᠯᠤᠰ᠎ᠤ᠋ᠨ ᠦᠢᠯᠡᠳᠪᠦᠷᠢᠯᠡᠭᠰᠡᠨ ᠰᠢᠨ᠎ᠡ ᠡᠨᠧᠷᠭᠢ᠎ᠶ᠋ᠢᠨ ᠭᠠᠷ ᠳᠠᠮᠵᠢᠭᠰᠠᠨ ᠮᠠᠰᠢᠨ ᠲᠡᠷᠭᠡ ᠦᠨ᠎ᠡ ᠬᠠᠩᠰᠢ᠎ᠶ᠋ᠢᠨ ᠳᠠᠪᠠᠭᠤᠯᠢᠭ᠂ ᠲᠡᠷᠭᠡᠨ ᠬᠡᠯᠪᠡᠷᠢ ᠡᠯᠪᠡᠭ ᠪᠠᠶᠠᠯᠢᠭ ᠪᠠ ᠲᠠᠰᠤᠷᠠᠯᠲᠠ ᠦᠭᠡᠢ ᠳᠡᠭᠡᠭᠰᠢᠯᠡᠵᠦ ᠪᠠᠢᠭ᠎ᠠ ᠶᠠᠰᠤ ᠴᠢᠨᠠᠷ᠎ᠤ᠋ᠨ ᠦᠨᠡᠯᠡᠯᠳᠡ᠎ᠪᠡᠷ ᠤᠯᠠᠮ ᠡᠴᠡ ᠣᠯᠠᠨ ᠤᠯᠤᠰ᠎ᠤ᠋ᠨ ᠬᠡᠷᠡᠭᠯᠡᠭᠴᠢᠳᠦ᠋ᠨ ᠵᠥᠪᠰᠢᠶᠡᠷᠡᠯᠢ᠋ ᠣᠯᠵᠠᠢ᠃ ᠤᠷᠠᠳ᠎ᠤᠨ ᠬᠤᠢᠲᠤ ᠬᠣᠰᠢᠭᠤ ᠨᠢ ᠣᠷᠣᠰ᠂ ᠵᠡᠭᠦᠨ ᠧᠦ᠋ᠷᠣᠫᠠ᠂ ᠮᠣᠩᠭᠣᠯ᠂ ᠳᠤᠮᠳᠠᠳᠤ ᠠᠽᠢᠶ᠎ᠠ ᠵᠡᠷᠭᠡ 《ᠨᠢᠭᠡ ᠪᠦᠰᠡ ᠨᠢᠭᠡ ᠵᠠᠮ》 ᠤ᠋ᠨ ᠵᠠᠮ ᠳᠠᠭᠠᠤ ᠤᠯᠤᠰ᠎ᠤ᠋ᠨ ᠠᠷᠠᠯᠵᠢᠶᠠᠨ᠎ᠤ᠋ ᠲᠠᠯ᠎ᠠ᠎ᠪᠠᠷ ᠢᠯᠡᠳᠲᠡ ᠵᠠᠮ ᠬᠠᠷᠢᠯᠴᠠᠭ᠎ᠠ ᠪᠠ ᠠᠵᠤ ᠦᠢᠯᠡᠰ᠎ᠦ᠋ᠨ ᠰᠠᠭᠤᠷᠢ᠎ᠶᠢᠨ ᠳᠠᠪᠠᠭᠤᠯᠢᠭ᠎ᠲᠠᠢ ᠪᠠᠢᠵᠤ᠂ ᠭᠠᠷ ᠳᠠᠮᠵᠢᠭᠰᠠᠨ ᠮᠠᠰᠢᠨ ᠲᠡᠷᠭᠡ᠎ᠶ᠋ᠢᠨ ᠭᠠᠳᠠᠭᠠᠳᠤ ᠠᠷᠠᠯᠵᠢᠶ᠎ᠠ᠎ᠶ᠋ᠢᠨ ᠠᠩᠬᠠᠨ᠎ᠤ ᠡᠬᠡᠯᠵᠢ᠎ᠶᠢᠨ ᠠᠮᠵᠢᠯᠲᠠ ᠤᠯᠤᠭᠰᠠᠨ ᠨᠢ ᠲᠤᠰ ᠭᠠᠵᠠᠷ ᠣᠷᠣᠨ᠎ᠤ᠋ ᠳᠠᠷᠠᠭᠠᠴᠢ᠎ᠶ᠋ᠢᠨ ᠬᠡᠪᠴᠢᠶᠡᠵᠢᠭᠦᠯᠦᠭᠰᠡᠨ ᠭᠠᠳᠠᠭᠠᠳᠤ ᠭᠠᠷᠭᠠᠯᠲᠠᠳ᠋ᠤ᠌ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠢᠨ᠎ᠠ᠃
《ᠢᠷᠡᠭᠡᠳᠦᠢ᠎ᠳᠤ᠂ ᠮᠠᠨ᠎ᠤ᠋ ᠬᠣᠰᠢᠭᠤ ᠳᠤᠮᠳᠠᠳᠤ ᠧᠦ᠋ᠷᠣᠫᠠ᠎ᠶ᠋ᠢᠨ ᠵᠢᠰᠢᠶᠠᠠᠤ᠋ ᠭᠠᠯᠲᠤ ᠲᠡᠷᠭᠡ᠎ᠶ᠋ᠢ ᠬᠡᠪ᠎ᠦ᠋ᠨ ᠶᠣᠰᠣᠭᠠᠷ ᠶᠠᠪᠤᠭᠤᠯᠵᠤ᠂ ᠵᠠᠰᠠᠮᠠᠯ ᠵᠠᠮ ᠲᠡᠮᠦᠷ ᠵᠠᠮ᠎ᠤᠨ ᠪᠠᠷᠠᠭᠠᠨ᠎ᠤ᠋ ᠭᠦᠢᠯᠭᠡᠭᠡ᠎ᠶ᠋ᠢᠨ ᠬᠦᠢᠰᠦ᠎ᠶ᠋ᠢ ᠬᠥᠭᠵᠢᠭᠦᠯᠵᠦ᠂ ᠮᠠᠰᠢᠨ ᠲᠡᠷᠭᠡ ᠳᠠᠩᠰᠠᠯᠠᠬᠤ᠂ ᠪᠠᠢᠴᠠᠭᠠᠨ ᠰᠢᠯᠭᠠᠬᠤ ᠦᠨᠡᠯᠡᠯᠲᠡ ᠬᠢᠬᠦ᠂ ᠪᠣᠷᠣᠯᠠᠭᠤᠯᠬᠤ ᠭᠠᠳᠠᠭᠠᠳᠤ᠎ᠳᠤ ᠭᠠᠷᠭᠠᠬᠤ᠂ ᠵᠠᠳᠠᠯᠤᠨ ᠰᠠᠯᠭᠠᠬᠤ ᠪᠤᠴᠠᠭᠠᠨ ᠬᠤᠷᠢᠶᠠᠬᠤ ᠵᠡᠷᠭᠡ ᠮᠠᠰᠢᠨ ᠲᠡᠷᠭᠡ᠎ᠶ᠋ᠢᠨ ᠪᠦᠬᠦ ᠠᠮᠢ ᠨᠠᠰᠤᠨ᠎ᠤ᠋ ᠦᠶᠡᠯᠡᠯᠦ᠋ᠨ ᠪᠢᠲᠡᠭᠦᠦ ᠡᠷᠭᠢᠯᠲᠡ᠎ᠵᠢ ᠠᠯᠬᠤᠮ ᠠᠯᠬᠤᠮ᠎ᠢᠶᠡᠷ ᠴᠤᠭᠴᠠᠯᠠᠵᠤ᠂ ᠨᠢᠭᠡ᠎ᠡᠴᠡ ᠬᠣᠶᠠᠷ ᠵᠢᠯ᠎ᠦ᠋ᠨ ᠬᠤᠭᠤᠴᠠᠭᠠᠨ᠎ᠳᠤ ᠬᠠᠮᠢᠶ᠎ᠠ ᠪᠦᠬᠦᠢ ᠠᠷᠠᠯᠵᠢᠶᠠᠨ᠎ᠤ᠋ ᠬᠡᠪᠴᠢᠶ᠎ᠡ᠎ᠶ᠋ᠢ ᠵᠢᠯ ᠪᠦᠷᠢ 3000 ᠲᠦᠮᠡᠨ ᠲᠥᠭᠥᠷᠢᠭ᠎ᠦ᠋ᠨ ᠲᠦᠪᠰᠢᠨᠳ᠋ᠦ᠍ ᠬᠦᠷᠭᠡᠬᠦ᠎ᠪᠡᠷ ᠴᠢᠷᠮᠠᠢᠨ᠎ᠠ》 ᠭᠡᠵᠦ ᠤᠷᠠᠳ᠎ᠤ᠋ᠨ ᠬᠣᠢᠲᠤ ᠬᠤᠰᠢᠭᠤᠨ᠎ᠤ᠋ ᠬᠤᠳᠠᠯᠳᠤᠭᠠᠨ᠎ᠤ᠋ ᠶᠠᠪᠤᠳᠠᠯ᠎ᠤ᠋ᠨ ᠲᠣᠪᠴᠢᠶᠠᠨ᠎ᠤ᠋ ᠳᠠᠷᠤᠭ᠎ᠠ ᠲᠤᠩᠭᠠᠯᠠᠭ ᠬᠡᠯᠡᠪᠠ᠃