ᠲᠥᠷᠥ᠎ᠶᠢᠨ ᠶᠠᠪᠤᠳᠠᠯ᠎ᠤᠨ ᠬᠣᠷᠢᠶ᠎ᠠ
ᠵᠢᠨ ᠰᠣᠨᠢᠨ ᠮᠡᠳᠡᠭᠡᠨ᠎ᠦ ᠠᠯᠪᠠᠨ ᠭᠡᠷ 7 ᠰᠠᠷ᠎ᠠ᠎ᠶᠢᠨ
3᠎ᠤ ᠡᠳᠦᠷ᠎ᠦᠨ ᠦᠳᠡ᠎ᠶᠢᠨ ᠡᠮᠦᠨ᠎ᠡ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠥ᠂ ᠳᠤᠮᠳᠠᠳᠤ ᠤᠯᠤᠰ᠎ᠤᠨ
ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ
ᠢᠯᠠᠯᠲᠠ ᠣᠯᠣᠭᠰᠠᠨ 80 ᠵᠢᠯ᠎ᠦᠨ ᠣᠶ᠎ᠶᠢᠨ ᠭᠣᠣᠯ ᠰᠡᠳᠦᠪᠲᠦ ᠦᠵᠡᠰᠬᠦᠯᠡᠩ ᠪᠣᠯᠣᠨ ᠰᠢᠯᠢᠳᠡᠭ ᠤᠳᠬ᠎ᠠ ᠤᠷᠠᠯᠢᠭ᠋᠎ᠤᠨ
ᠪᠦᠲᠦᠭᠡᠯ᠂ ᠤᠳᠬ᠎ᠠ ᠤᠷᠠᠯᠢᠭ᠋ ᠤᠨ ᠠᠵᠢᠯᠯᠠᠭ᠎ᠠ᠎ᠶᠢᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃
ᠰᠤᠷᠪᠤᠯᠵᠢᠯᠠᠭ᠍ᠴᠢ ᠲᠥᠷᠥ᠎ᠶᠢᠨ ᠶᠠᠪᠤᠳᠠᠯ᠎ᠤᠨ
ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ
ᠵᠢᠡᠷ᠄
◆ ᠲᠥᠪ᠎ᠦᠨ ᠤᠬᠠᠭᠤᠯᠬᠤ ᠬᠡᠯᠲᠡᠰ᠂ ᠰᠣᠶᠣᠯ
ᠪᠠ ᠵᠢᠭᠤᠯᠴᠢᠯᠠᠯ᠎ᠤᠨ ᠶᠠᠮᠤᠨ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠲᠥᠪ᠎ᠦᠨ ᠴᠡᠷᠢᠭ᠎ᠦᠨ
ᠶᠠᠪᠤᠳᠠᠯ᠎ᠤᠨ ᠬᠣᠷᠢᠶ᠎ᠠ ᠵᠢᠨ ᠤᠯᠤᠰ ᠲᠥᠷᠥ᠎ᠶᠢᠨ ᠠᠵᠢᠯ᠎ᠤᠨ ᠬᠡᠯᠲᠡᠰ ᠪᠣᠯᠣᠨ ᠪᠡᠭᠡᠵᠢᠩ ᠬᠣᠲᠠ 9 ᠰᠠᠷ᠎ᠠ᠎ᠶᠢᠨ
3᠎ᠤ ᠣᠷᠣᠢ ᠪᠡᠭᠡᠵᠢᠩ᠎ᠳᠦ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ ᠵᠢᠴᠢ
ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ
ᠤᠷᠠᠨ ᠰᠠᠢᠬᠠᠨ᠎ᠤ ᠦᠳᠡᠰᠢᠯᠡᠭᠡ ᠬᠢᠨ᠎ᠠ᠃
◆ᠲᠥᠪ᠎ᠦᠨ ᠤᠬᠠᠭᠤᠯᠬᠤ ᠬᠡᠯᠲᠡᠰ᠂ ᠰᠣᠶᠣᠯ
ᠪᠠ ᠵᠢᠭᠤᠯᠴᠢᠯᠠᠯ᠎ᠤᠨ ᠶᠠᠮᠤᠨ 8 ᠰᠠᠷ᠎ᠠ᠎ᠠᠴᠠ 10 ᠰᠠᠷ᠎ᠠ ᠪᠣᠯᠲᠠᠯ᠎ᠠ ᠳᠤᠮᠳᠠᠳᠤ ᠤᠯᠤᠰ᠎ᠤᠨ ᠠᠷᠠᠳ
ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ
ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠰᠢᠯᠢᠳᠡᠭ ᠲᠠᠢᠰᠠᠨ᠎ᠤ ᠤᠷᠠᠯᠢᠭ᠋᠎ᠤᠨ ᠪᠦᠲᠦᠭᠡᠯ᠎ᠦᠨ ᠦᠵᠡᠭᠦᠯᠭᠡ
ᠶᠢ ᠵᠣᠬᠢᠶᠠᠨ ᠪᠠᠢᠭᠤᠯᠵᠥ ᠶᠠᠪᠤᠬᠳᠠᠭᠤᠯᠤᠨ᠎ᠠ᠃
◆ ᠰᠣᠶᠣᠯ ᠪᠠ ᠵᠢᠭᠤᠯᠴᠢᠯᠠᠯ᠎ᠤᠨ ᠶᠠᠮᠤᠨ᠂
ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ 8 ᠰᠠᠷ᠎ᠠ᠎ᠠᠴᠠ 9 ᠰᠠᠷ᠎ᠠ ᠪᠣᠯᠲᠠᠯ᠎ᠠ ᠳᠤᠮᠳᠠᠳᠤ
ᠤᠯᠤᠰ᠎ᠤᠨ ᠤᠷᠠᠨ ᠵᠢᠷᠤᠭ᠎ᠤᠨ ᠣᠷᠳᠣᠨ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ
ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ
ᠤᠷᠠᠨ ᠵᠢᠷᠤᠭ᠎ᠤᠨ ᠦᠵᠡᠰᠬᠦᠯᠡᠩ ᠡᠷᠭᠢᠯᠡᠨ᠎ᠡ᠃
◆ ᠶᠠᠫᠤᠨ᠎ᠢ ᠡᠰᠡᠷᠭᠦᠴᠡᠬᠦ ᠭᠣᠣᠯ ᠰᠡᠳᠦᠪᠲᠦ
ᠤᠳᠬ᠎ᠠ ᠤᠷᠠᠯᠢᠭ᠋᠎ᠤᠨ ᠨᠢᠭᠡ ᠪᠦᠯᠦᠭ ᠪᠦᠲᠦᠭᠡᠯ᠎ᠢ ᠶᠠᠭ ᠰᠠᠢᠬᠠᠨ ᠵᠣᠬᠢᠶᠠᠨ ᠪᠦᠲᠦᠭᠡᠵᠦ ᠪᠣᠶ᠂ ᠡᠭᠦᠨ᠎ᠳᠦ 《ᠪᠢᠳᠡᠨ᠎ᠤ ᠠᠭᠤᠯᠠ ᠤᠰᠤ》᠂ 《ᠴᠡᠷᠢᠭ ᠠᠩᠭᠢ᠎ᠳᠠᠭᠠᠨ ᠪᠤᠴᠠᠶ᠎ᠠ》 ᠵᠡᠷᠭᠡ ᠲᠧᠯᠸᠢᠰ ᠵᠦᠴᠦᠭᠡ᠂ 《ᠢᠯᠠᠯᠲᠠ 1945》᠂ 《ᠯᠦ᠍ ᠭᠧᠦ ᠴᠢᠶᠣᠤ ᠬᠦᠭᠦᠷᠭᠡ᠄ ᠪᠢᠳᠡᠨ᠎ᠦ
ᠳᠤᠷᠠᠰᠬᠠᠯ》 ᠵᠡᠷᠭᠡ ᠪᠠᠷᠢᠮᠲᠠᠲᠤ ᠺᠢᠨᠣ᠋᠂ 《ᠮᠣᠷᠢᠨ ᠨᠢᠷᠤᠭᠤᠨ ᠲᠡᠭᠡᠷᠡᠬᠢ ᠥᠯᠥᠭᠡᠢ》᠂ 《ᠬᠢᠯᠢᠩ᠎ᠦᠨ ᠵᠢᠳᠠ》 ᠵᠡᠷᠭᠡ ᠪᠢᠴᠢᠯ ᠣᠬᠣᠷ ᠵᠦᠴᠦᠭᠡ ᠪᠣᠶ᠃
◆ 7 ᠰᠠᠷ᠎ᠠ᠎ᠠᠴᠠ 9 ᠰᠠᠷ᠎ᠠ ᠪᠣᠯᠲᠠᠯ᠎ᠠ᠂ 《ᠠᠰᠬ᠎ᠠ ᠬᠠᠳᠠ》᠂《ᠳᠤᠷᠠᠰᠤᠮᠵᠢ ᠪᠠ ᠭᠡᠷᠡᠴᠢᠯᠡᠯ》᠂《ᠨᠠᠢ᠍ᠮᠠᠳᠤᠭᠠᠷ ᠵᠠᠮ᠎ᠤᠨ ᠴᠡᠷᠢᠭ》᠂ 《ᠮᠠᠷᠱᠠᠯ ᠫᠸᠩ ᠳ᠋ᠸ ᠬᠤᠸᠠᠢ》᠂ 《ᠲᠠᠢ ᠬᠠᠩ ᠱᠠᠨ ᠠᠭᠤᠯᠠᠨ ᠳᠡᠭᠡᠷ᠎ᠡ》᠂ 《ᠬᠤᠷᠴᠠ ᠰᠡᠯᠡᠮ᠎ᠡ》 ᠵᠡᠷᠭᠡ ᠨᠢᠭᠡ ᠪᠦᠯᠦᠭ ᠶᠠᠫᠤᠨ᠎ᠢ
ᠡᠰᠡᠷᠭᠦᠴᠡᠬᠦ ᠳᠠᠢ᠍ᠢᠨ᠎ᠦ ᠰᠡᠳᠦᠪᠲᠦ ᠰᠣᠩᠭᠣᠳᠠᠭ ᠪᠦᠲᠦᠭᠡᠯ᠎ᠢ ᠨᠡᠪᠲᠡᠷᠡᠭᠦᠯᠣᠨᠠ᠃
◆ ᠺᠢᠨᠣ᠋᠎ᠶᠢᠨ ᠰᠤᠪᠠᠭ᠎ᠲᠦ 7 ᠰᠠᠷ᠎ᠠ᠎ᠠᠴᠠ
ᠡᠬᠢᠯᠡᠨ 《ᠲᠡᠦᠬᠡ᠎ᠪᠡᠨ ᠪᠠᠲᠤ ᠴᠡᠭᠡᠵᠢᠯᠡᠨ᠎ᠠ
• ᠦᠷᠡᠭᠳᠡᠭᠰᠡᠨ ᠪᠠᠭᠠᠲᠤᠷᠴᠤᠳ᠎ᠢᠶᠠᠨ
ᠳᠤᠷᠠᠰᠤᠨ ᠰᠠᠨᠠᠭᠠᠯᠵᠠᠶ᠎ᠠ》 ᠭᠡᠬᠦ ᠭᠣᠣᠯ ᠰᠡᠳᠦᠪᠲᠦ ᠺᠢᠨᠣ᠋᠎ᠶᠢ ᠨᠠᠪᠲᠠᠷᠡᠭᠦᠯᠵᠦ᠂ ᠵᠢᠯ᠎ᠦᠨ ᠡᠴᠦᠰ ᠪᠣᠯᠲᠠᠯ᠎ᠠ ᠵᠠᠯᠭᠠᠭ᠎ᠠ᠎ᠪᠠᠷ 《ᠨᠦᠬᠡᠨ ᠵᠠᠮ ᠤ᠋ᠨ ᠪᠠᠢᠯᠳᠤᠭᠠᠨ》᠂ 《ᠲᠠᠯ᠎ᠠ ᠭᠠᠵᠠᠷ᠎ᠤᠨ ᠫᠠᠷᠲ᠋ᠢᠽᠠᠨ
ᠠᠩᠭᠢ》᠂《ᠨᠠᠢ᠍ᠮᠠᠨ ᠡᠮᠡᠭᠲᠡᠢ ᠮᠥᠷᠡᠨ᠎ᠳᠦ
ᠬᠠᠷᠠᠢᠭᠰᠠᠨ ᠨᠢ》 ᠵᠡᠷᠭᠡ ᠠᠳᠠᠯᠢ ᠪᠤᠰᠤ ᠲᠡᠦᠬᠡᠨ ᠴᠠᠭ
ᠦᠶ᠎ᠡ᠂ ᠠᠳᠠᠯᠢ ᠪᠤᠰᠤ ᠬᠡᠪ ᠨᠠᠮᠪᠠ ᠪᠦᠬᠦᠢ ᠵᠠᠭᠤ ᠰᠢᠬᠠᠮ ᠶᠠᠫᠤᠨ᠎ᠢ ᠡᠰᠡᠷᠭᠦᠴᠡᠬᠦ ᠲᠡᠶ᠋ᠢᠨ᠎ᠦ ᠺᠢᠨᠣ᠋᠎ᠶᠢ
ᠳᠡᠯᠭᠡᠨ ᠦᠵᠡᠭᠦᠯᠣᠨ᠎ᠠ᠃
◆ 7 ᠰᠠᠷ᠎ᠠ᠎ᠶᠢᠨ 7 ᠤ ᠡᠳᠦᠷ᠎ᠡᠴᠡ
ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ᠎ᠦ ᠳᠤᠷᠠᠰᠬᠠᠯ᠎ᠤᠨ ᠣᠷᠳᠣᠨ᠎ᠳᠤ 《ᠦᠨᠳᠦᠰᠦᠲᠡᠨ᠎ᠦ ᠴᠢᠯᠦᠭᠡᠯᠡᠯᠲᠡ ᠪᠠ
ᠳᠡᠯᠡᠬᠡᠢ᠎ᠶᠢᠨ ᠡᠩᠬᠡ ᠲᠠᠢᠪᠤᠩ᠎ᠤᠨ ᠲᠥᠯᠥᠭᠡ — ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ
ᠲᠡᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ
ᠳᠤᠷᠠᠰᠬᠠᠬᠤ ᠭᠣᠣᠯ ᠰᠡᠳᠦᠪᠲᠦ ᠦᠵᠡᠰᠬᠦᠯᠡᠩ》 ᠡᠷᠭᠢᠯᠡᠵᠦ᠂ 1525 ᠬᠡᠷᠡᠯ ᠵᠢᠷᠤᠭ᠂ 3237 ᠲᠡᠦᠬᠡ᠎ᠶᠢᠨ ᠳᠤᠷᠠᠰᠬᠠᠯᠲᠤ ᠵᠦᠢᠯᠡᠰ᠎ᠢ ᠳᠡᠯᠭᠡᠨ
ᠦᠵᠡᠭᠦᠯᠦᠨ᠎ᠡ᠃ ᠭᠣᠣᠯ ᠰᠡᠳᠦᠪᠲᠦ ᠦᠵᠡᠰᠭᠦᠯᠡᠨᠭ᠎ᠢ ᠦᠨᠳᠦᠰᠦᠨ ᠦᠵᠡᠭᠦᠯᠭᠡ ᠪᠣᠯᠭᠠᠨ ᠤᠷᠲᠤ ᠬᠤᠭᠤᠴᠠᠭ᠎ᠠ ᠪᠠᠷ
ᠳᠡᠯᠭᠡᠨ ᠦᠵᠡᠭᠦᠯᠬᠦ ᠪᠤᠯᠦᠨ᠎ᠡ᠃