7 ᠰᠠᠷ᠎ᠠ᠎ᠶᠢᠨ 3᠎ᠤ ᠡᠳᠦᠷ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠦ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠣᠯᠠᠭᠠᠨᠬᠠᠳᠠ ᠬᠣᠲᠠ᠎ᠶᠢᠨ
ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠪᠣᠯᠣᠨ ᠪᠠᠭᠠᠷᠢᠨ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ
ᠣᠷᠳᠣᠨ᠎ᠠᠴᠠ ᠳᠠᠭᠠᠭᠠᠴᠢᠯᠠᠨ ᠡᠷᠬᠢᠯᠡᠭᠰᠡᠨ 2025 ᠣᠨ᠎ᠤ ᠪᠦᠬᠦ ᠣᠷᠣᠨ᠎ᠤ ᠦᠨᠳᠦᠰᠦᠲᠡᠨ᠎ᠦ ᠰᠤᠷ ᠬᠠᠷᠪᠤᠯᠲᠠ᠎ᠶᠢᠨ
ᠤᠷᠤᠯᠳᠤᠭᠠᠨ ᠪᠠᠭᠠᠷᠢᠨ ᠪᠠᠷᠠᠭᠤᠨ ᠬᠣᠰᠢᠭᠤᠨ᠎ᠤ ᠠᠳᠤᠭᠤᠨ ᠲᠠᠯ᠎ᠠ ᠮᠣᠷᠢᠨ ᠤᠷᠤᠯᠳᠤᠭᠠᠨ᠎ᠤ ᠲᠡᠯᠠᠪᠤᠷ᠎ᠲᠦ ᠥᠪᠡᠳᠡᠭᠰᠢ
ᠡᠬᠢᠯᠡᠯ᠎ᠡ᠃





ᠲᠤᠰ ᠤᠳᠠᠭᠠᠨ᠎ᠤ ᠤᠷᠤᠯᠳᠤᠭᠠᠨ ᠨᠢ 7
ᠰᠠᠷ᠎ᠠ᠎ᠶᠢᠨ 3᠎ᠠᠴᠠ 4᠎ᠦ ᠡᠳᠦᠷ ᠪᠣᠯᠲᠠᠯ᠎ᠠ ᠬᠣᠶᠠᠷ ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠤ᠂ ᠪᠦᠬᠦ ᠣᠷᠣᠨ᠎ᠤ
12 ᠠᠢᠮᠠᠭ ᠬᠣᠲᠠ᠎ᠶᠢᠨ 184 ᠬᠠᠷᠪᠤᠭᠠᠴᠢᠨ ᠵᠢᠷᠤᠭᠲᠤ ᠫᠠᠢ᠎ᠶᠢᠨ ᠡᠷᠡᠭᠲᠡᠢ ᠡᠮᠡᠭᠲᠡᠢ᠎ᠶᠢᠨ ᠨᠢᠭᠡᠴᠢ᠎ᠶᠢᠨ
ᠤᠷᠤᠯᠳᠤᠭᠠᠨ ᠪᠠ ᠬᠤᠪᠢ ᠬᠥᠮᠥᠨ᠎ᠦ ᠤᠷᠤᠯᠳᠤᠭᠠᠨ᠂ ᠬᠠᠷᠪᠤᠭ᠎ᠠ᠎ᠶᠢᠨ ᠡᠷᠡᠭᠲᠡᠢ ᠡᠮᠡᠭᠲᠡᠢ᠎ᠶᠢᠨ ᠨᠢᠭᠡᠴᠢ᠎ᠶᠢᠨ
ᠤᠷᠤᠯᠳᠤᠭᠠᠨ ᠪᠠ ᠬᠤᠪᠢ ᠬᠥᠮᠥᠨ᠎ᠤ ᠤᠷᠤᠯᠳᠤᠭᠠᠨ᠂ ᠨᠠᠮᠨᠠᠭ᠎ᠠ ᠵᠡᠷᠭᠡ ᠲᠠᠪᠤᠨ ᠲᠥᠷᠥᠯ᠎ᠤᠨ ᠣᠷᠤᠯᠳᠤᠭᠠᠨ᠎ᠳᠤ
ᠡᠷᠡᠬᠡᠢ ᠮᠡᠷᠭᠡᠨ᠎ᠢᠶᠠᠨ ᠰᠢᠯᠭᠠᠯᠴᠠᠬᠤ ᠪᠣᠯᠣᠨ᠎ᠠ᠃





ᠮᠥᠨ ᠴᠤ᠌ ᠲᠤᠰ ᠤᠳᠠᠭᠠᠨ᠎ᠤ ᠣᠷᠤᠯᠲᠤᠭᠠᠨ
ᠨᠢ ᠪᠦᠬᠦ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠦ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ
ᠪᠡᠶ᠎ᠡ ᠵᠢᠨ ᠲᠠᠮᠢᠷ᠎ᠤᠨ ᠴᠤᠭᠯᠠᠭᠠᠨ ᠡᠬᠢᠯᠡᠬᠦ᠎ᠡᠴᠡ ᠡᠮᠦᠨᠡᠬᠢ ᠨᠢᠭᠡ ᠤᠳᠠᠭᠠᠨ᠎ᠤ ᠴᠢᠬᠤᠯᠠ ᠰᠣᠷᠢᠭ᠎ᠠ ᠪᠣᠯᠪᠠᠰᠤᠷᠠᠯ
ᠪᠣᠯᠤᠭᠰᠠᠨ ᠪᠠᠢᠨ᠎ᠠ᠃





ᠢᠷᠡᠯᠲᠡ᠄ ᠤᠯᠠᠭᠠᠨᠬᠠᠳᠠ ᠬᠤᠲᠠ ᠵᠢᠨ ᠬᠠᠮ ᠵᠠᠭᠤᠴᠢᠯᠠᠭᠤᠷ᠎ᠤᠨ ᠲᠦᠪ᠎ᠤᠨ ᠵᠢᠷᠭᠢᠶ᠎ᠡ ᠵᠢᠨ ᠲᠡᠪᠴᠡᠨᠭ