ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2025-07-04 16:07:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠄

2025 ᠣᠨ᠎ᠤ 6 ᠰᠠᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ 《ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠶ᠋ᠢᠭᠤᠯᠬᠤ᠎ᠶᠢ ᠵᠥᠪᠰᠢᠶᠡᠷᠡᠬᠦ ᠲᠤᠬᠠᠢ ᠠᠯᠪᠠᠨ ᠪᠢᠴᠢᠭ》 ᠳᠠᠷᠤᠮᠠᠯᠯᠠᠨ ᠲᠠᠷᠬᠠᠭᠠᠵᠤ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠠᠷ ᠰᠠᠭᠤᠷᠢ ᠪᠤᠯᠭᠠᠨ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠶ᠋ᠢᠭᠤᠯᠬᠤ᠎ᠶᠢ ᠵᠥᠪᠰᠢᠶᠡᠷᠡᠵᠦ᠂ ᠰᠤᠷᠭᠠᠭᠤᠯᠢ᠎ᠶᠢᠨ ᠢᠯᠭᠠᠬᠤ ᠨᠣᠮᠧᠷ ᠨᠢ 4115012670᠂ ᠳᠠᠭᠠᠤ ᠳ᠋ᠤᠨᠢ ᠬᠥᠬᠡᠬᠣᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠢᠭᠤᠯᠤᠮᠵᠢ᠎ᠶᠢᠨ ᠳᠦᠷᠢᠮ ᠎ᠢ ᠬᠦᠴᠦᠨ ᠦᠭᠡᠢ ᠪᠣᠯᠭᠠᠪᠠ᠃ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ᠎ᠶᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠵᠦᠢᠯᠡᠰ ᠎ᠢ ᠳᠣᠣᠷᠠᠬᠢ ᠮᠡᠲᠦ ᠮᠡᠳᠡᠭᠳᠡᠶ᠎ᠡ᠃

ᠨᠢᠭᠡ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠣᠯ ᠠᠯᠪᠠᠨ ᠠ᠋ᠴᠠ ᠡᠷᠭᠢᠯᠡᠭᠰᠡᠨ ᠵᠢᠩᠬᠢᠨᠢ ᠠᠩᠭᠢ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠢᠵᠤ᠂ ᠵᠢᠩᠬᠢᠨᠢ ᠠᠩᠭᠢ᠂ ᠲᠤᠰᠬᠠᠢ ᠠᠩᠭᠢ᠂ ᠣᠯᠠᠨ ᠤᠯᠤᠰ᠎ᠤᠨ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠎ᠢ ᠬᠡᠷᠡᠭᠵᠢᠭᠦᠯᠦᠨ᠎ᠡ᠃

ᠬᠣᠶᠠᠷ᠂ ᠰᠤᠷᠭᠠᠭᠤᠯᠢ᠎ᠶᠢᠨ ᠪᠦᠬᠦᠯᠢ ᠡᠳᠦᠷ᠎ᠦᠨ ᠳᠦᠷᠢᠮᠲᠦ ᠰᠤᠷᠭᠠᠭᠤᠯᠢ᠎ᠳᠤ ᠪᠠᠢᠭ᠎ᠠ ᠰᠤᠷᠤᠭ᠍ᠴᠢ᠎ᠶᠢᠨ ᠬᠡᠪᠴᠢᠶ᠎ᠡ᠎ᠶᠢ ᠲᠦᠷ 15000 ᠬᠥᠮᠥᠨ᠎ᠢᠶᠡᠷ ᠲᠣᠭᠲᠠᠭᠠᠨ᠎ᠠ᠃

ᠭᠤᠷᠪᠠ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ ᠪᠤᠯᠤᠨ ᠬᠥᠬᠡᠬᠣᠲᠠ ᠬᠠᠮᠲᠤᠪᠠᠷ ᠪᠠᠢᠭᠤᠯᠤᠨ ᠬᠠᠮᠲᠤᠪᠠᠷ ᠬᠠᠮᠢᠶᠠᠷᠴᠤ᠂ ᠬᠥᠬᠡᠬᠣᠲᠠ ᠡᠴᠡ ᠭᠣᠣᠯᠯᠠᠨ ᠬᠠᠮᠢᠶᠠᠷᠴᠤ᠂ ᠲᠤᠬᠠᠢᠯᠠᠭᠰᠠᠨ ᠠᠵᠢᠯ᠎ᠢ ᠨᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠢᠶᠠᠷᠴᠤ᠂ ᠵᠠᠷᠤᠳᠠᠯ᠎ᠮᠦᠨᠭᠬᠦ᠎ᠶᠢ ᠬᠣᠲᠠ᠎ᠶᠢᠨ ᠱᠠᠲᠤᠨ᠎ᠤ ᠡᠳ᠋᠎ᠦᠨ ᠵᠠᠰᠠᠭ ᠠ᠋ᠴᠠ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢ ᠪᠠ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠤᠯᠪᠤᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ᠎ᠢᠶᠠᠷ ᠯᠠᠪᠯᠠᠯᠲᠠ ᠪᠣᠯᠭᠠᠨ ᠪᠠᠲᠤᠯᠠᠭ᠎ᠠ ᠬᠠᠨᠭᠭᠠᠨ᠎ᠠ᠃

ᠳᠥᠷᠪᠡ᠂ ᠬᠥᠬᠡᠬᠣᠲᠠ ᠡᠴᠡ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ᠎ᠶᠢᠨ ᠵᠠᠬᠢᠷᠤᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠨ᠂ ᠰᠤᠷᠭᠠᠭᠤᠯᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠠ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠪᠠᠢᠭᠤᠯᠤᠮᠵᠢ᠎ᠶᠢᠨ ᠣᠷᠣᠨ ᠲᠣᠭ᠎ᠠ᠎ᠶᠢ ᠬᠠᠮᠵᠢᠯᠴᠠᠨ ᠥᠨᠳᠥᠷ ᠦᠷ᠎ᠡ ᠪᠦᠲᠦᠮᠵᠢᠲᠡᠶ᠎ᠪᠡᠷ ᠲᠣᠬᠢᠷᠠᠭᠤᠯᠬᠤ᠎ᠶᠢ ᠰᠢᠯᠢᠳᠡᠭᠵᠢᠭᠦᠯᠦᠨ᠂ ᠰᠤᠷᠭᠠᠭᠤᠯᠢ ᠡᠷᠭᠢᠯᠡᠬᠦ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠵᠠᠷᠤᠳᠠᠯ᠎ᠤᠨ ᠣᠷᠣᠭᠤᠯᠤᠯᠲᠠ᠎ᠶᠢᠨ ᠡᠷᠴᠢᠮ᠎ᠢ ᠴᠢᠩᠭᠠᠷᠠᠭᠤᠯᠤᠨ᠂ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃

ᠲᠠᠪᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠡᠴᠡ ᠬᠥᠬᠡᠬᠣᠲᠠ᠎ᠶᠢᠨ ᠠᠵᠢᠯ ᠮᠡᠷᠭᠡᠵᠢᠯ᠎ᠤᠨ ᠶᠡᠬᠡ ᠰᠤᠷᠭᠠᠭᠤᠯᠢ᠎ᠶᠢᠨ ᠲᠤᠬᠠᠢᠯᠠᠭᠰᠠᠨ ᠠᠵᠢᠯ᠎ᠤᠨ ᠬᠠᠮᠢᠶᠠᠷᠤᠯᠲᠠ᠎ᠶᠢ ᠴᠢᠩᠭᠠᠳᠬᠠᠨ᠂ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ ᠪᠠᠢᠷᠢ ᠲᠣᠭᠲᠠᠭᠠᠯᠲᠠ᠂ ᠠᠭᠤᠯᠤᠭᠳᠠᠬᠤᠨ᠎ᠤ ᠬᠥᠭᠵᠢᠯᠲᠡ᠎ᠶᠢ ᠵᠢᠯᠤᠭᠣᠳᠴᠤ᠂ ᠵᠢᠩᠬᠢᠨᠢ ᠠᠩᠭᠢ᠂ ᠲᠤᠰᠬᠠᠢ ᠮᠡᠷᠭᠡᠵᠢᠯ᠎ᠤᠨ ᠰᠤᠷᠭᠠᠨ ᠬᠥᠮᠦᠵᠢᠯ᠎ᠤᠨ ᠪᠦᠲᠦᠴᠡ ᠪᠣᠯᠣᠨ ᠰᠢᠨᠵᠢᠯᠡᠭᠡᠨ᠎ᠤ ᠲᠤᠰᠬᠠᠢ ᠮᠡᠷᠭᠡᠵᠢᠯ᠎ᠤᠨ ᠪᠠᠢᠷᠢᠰᠢᠭᠤᠯᠤᠯᠳᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭᠠᠭᠤᠯᠢ᠎ᠶᠢᠨ ᠰᠢᠨᠵᠢᠯᠡᠭᠡᠨ᠎ᠤ ᠲᠤᠰᠬᠠᠢ ᠮᠡᠷᠭᠡᠵᠢᠯ ᠪᠣᠯᠣᠨ ᠰᠢᠨᠵᠢᠯᠡᠬᠦ ᠤᠬᠠᠭᠠᠨ ᠎ᠤ ᠰᠤᠳᠤᠯᠭᠠᠨ ᠤ᠋ ᠴᠢᠳᠠᠪᠤᠷᠢ᠎ᠪᠠᠨ ᠨᠡᠮᠡᠭᠳᠡᠭᠦᠯᠬᠦ ᠵᠡᠷᠭᠡ ᠠᠭᠤᠯᠤᠭᠳᠠᠬᠤᠨ᠎ᠤ ᠪᠠᠢᠭᠤᠯᠤᠯᠲᠠ᠎ᠶᠢ ᠳᠡᠮᠵᠢᠨ᠎ᠡ᠃

ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠵᠠᠷᠤᠳᠠᠯ᠎ᠮᠦᠨᠭᠬᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠳᠠᠳᠠᠨ ᠠᠪᠴᠢᠷᠠᠬᠤ᠂ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ ᠪᠠᠢᠭᠤᠯᠬᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠡᠷᠡᠮᠡᠯᠵᠡᠯᠡᠬᠦ᠂ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ᠃

ᠳᠣᠯᠣᠭ᠎ᠠ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠡᠴᠡ ᠰᠤᠷᠭᠠᠨ ᠬᠥᠮᠦᠵᠢᠯ᠎ᠦᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠨᠠᠮ᠎ᠤᠨ ᠪᠠᠢᠭᠤᠯᠤᠯᠲᠠ᠎ᠶᠢ ᠦᠨᠡᠨᠬᠦ ᠴᠢᠩᠭᠠᠳᠬᠠᠵᠤ᠂ ᠨᠠᠮ ᠪᠣᠯᠣᠨ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ ᠲᠠᠯ᠎ᠠ᠎ᠪᠠᠷ ᠳᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠠᠵᠢᠯ᠎ᠤᠨ ᠭᠣᠣᠯ ᠰᠢᠵᠢᠮ᠎ᠤᠨ ᠳᠤᠭᠤᠷᠢᠨ ᠳ᠋ᠤ᠂ ᠨᠡᠢᠭᠡᠮ ᠵᠢᠷᠤᠮ᠎ᠤᠨ ᠰᠤᠷᠭᠠᠭᠤᠯᠢ ᠡᠷᠭᠢᠯᠡᠬᠦ ᠴᠢᠭᠯᠡᠯ᠎ᠢ ᠪᠠᠷᠢᠮᠲᠠᠯᠠᠨ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠤᠷᠭᠠᠭᠤᠯᠢ ᠡᠷᠭᠢᠯᠡᠬᠦ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠤᠨ᠂ ᠠᠵᠤ ᠦᠢᠯᠡᠰ᠎ᠦᠨ ᠬᠥᠭᠵᠢᠯᠲᠡ᠂ ᠮᠡᠷᠭᠡᠵᠢᠯ᠎ᠦᠨ ᠬᠤᠪᠢᠰᠤᠯᠲᠠ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭ᠍ᠲᠠ ᠵᠣᠯᠭᠠᠭᠤᠯᠬᠤ᠎ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠢ ᠬᠦᠴᠦᠯᠡᠨ ᠬᠥᠮᠥᠵᠢᠭᠦᠯᠵᠦ᠂ ᠥᠨᠳᠥᠷ ᠬᠢᠷᠢ ᠲᠦᠪᠰᠢᠨ᠎ᠪᠦᠬᠦᠢ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠤᠯᠭᠠᠨ ᠪᠠᠢᠭᠤᠯᠵᠥ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠳᠡᠢ᠃

                         2025 ᠣᠨ᠎ᠤ 6 ᠰᠠᠷ᠎ᠠ᠎ᠶᠢᠨ 27᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠷᠬᠢᠶ᠎ᠡ ᠵᠢᠨ ᠳᠠᠪᠴᠠᠡᠭ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号