ᠵᠣᠨ᠎ᠤ ᠠᠮᠠᠷᠠᠯᠲᠠ᠎ᠶᠢᠨ ᠰᠤᠷᠭᠠᠭᠤᠯᠢ᠎ᠶᠢᠨ ᠬᠦᠷᠢᠶᠡᠨ᠎ᠤ ᠠᠮᠦᠷ ᠲᠦᠪᠰᠢᠨ᠎ᠤ ᠠᠵᠢᠯ᠎ᠢ ᠪᠠᠢᠷᠢᠯᠠᠭᠤᠯᠪᠠ
2025-07-04 17:09:57
ᠵᠣᠬᠢᠶᠠᠭ᠍ᠴᠢ᠄
ᠯᠢᠦ ᡁᠢ ᠰᠢᠶᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠸᠢᠳᠢᠣ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠠᠮᠤᠷ ᠲᠦᠪᠰᠢᠨ᠎ᠦ ᠠᠵᠢᠯ᠎ᠤᠨ ᠪᠠᠢᠳᠠᠯ᠎ᠢ ᠰᠤᠳᠤᠯᠤᠨ ᠮᠠᠭᠠᠳᠯᠠᠵᠤ᠂ ᠵᠣᠨ᠎ᠤ ᠠᠮᠠᠷᠠᠯᠲᠠ᠎ᠶᠢᠨ ᠬᠤᠭᠤᠴᠠᠭᠠᠨ ᠳ᠋ᠡᠬᠢ ᠰᠤᠷᠭᠠᠭᠤᠯᠢ᠎ᠶᠢᠨ ᠬᠦᠷᠢᠶᠡᠨ᠎ᠤ ᠠᠮᠦᠷ ᠲᠦᠪᠰᠢᠨ᠎ᠤ ᠠᠵᠢᠯ᠎ᠢ ᠪᠠᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠡᠯ᠎ᠡ ᠭᠠᠵᠠᠷ ᠤᠷᠤᠨ ᠡᠯ᠎ᠡ ᠰᠤᠷᠭᠠᠭᠤᠯᠢ᠎ᠶᠢᠨ ᠬᠢᠨ ᠭᠣᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ᠎ᠶᠢᠨ ᠬᠡᠰᠡᠭ᠎ᠢ ᠴᠢᠩᠭ᠎ᠠ ᠠᠩᠬᠠᠷᠴᠤ᠂ ᠪᠦᠲᠦᠮᠵᠢᠲᠡᠶ ᠠᠷᠭ᠎ᠠ ᠬᠡᠮᠵᠢᠶ᠎ᠡ᠎ᠶᠢ ᠴᠢᠩᠭᠠᠷᠠᠭᠤᠯᠤᠨ᠂ ᠡᠯ᠎ᠡ ᠵᠦᠢᠯ᠎ᠦᠨ ᠠᠮᠤᠷ ᠲᠦᠪᠰᠢᠨ᠎ᠦ ᠠᠵᠢᠯ᠎ᠢ ᠰᠠᠢᠲᠤᠷ ᠬᠢᠬᠦ ᠬᠡᠷᠡᠭᠲᠡᠢ᠃ ᠳᠡᠭᠡᠳᠦ ᠵᠡᠷᠭᠡ᠎ᠶᠢᠨ ᠳᠤᠮᠳᠠᠳᠤ ᠰᠤᠷᠭᠠᠭᠤᠯᠢ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠳᠠᠷᠠᠭᠠᠬᠢ ᠰᠣᠷᠣᠭ᠍ᠴᠢ᠎ᠶᠢᠨ ᠠᠮᠤᠷ ᠲᠦᠪᠰᠢᠨ᠎ᠦ ᠬᠥᠮᠦᠵᠢᠯ᠎ᠢ ᠴᠢᠩᠭᠠᠳᠬᠠᠵᠤ᠂ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠲᠤ ᠰᠦᠯᠵᠢᠶᠡᠨ ᠮᠡᠭᠡᠯᠡᠯ ᠪᠠ ᠰᠣᠷᠣᠭ᠍ᠴᠢ ᠡᠯᠰᠡᠬᠦ ᠮᠡᠬᠡᠯᠡᠯ᠎ᠡᠴᠡ ᠴᠢᠩᠭ᠎ᠠ ᠰᠡᠷᠭᠡᠢᠯᠡᠬᠦ᠂ ᠬᠠᠤᠯᠢ ᠪᠤᠰᠤ ᠡᠲᠡᠭᠡᠳ᠎ᠦᠨ 《ᠬᠤᠪᠢ ᠪᠠᠢᠴᠠᠭᠠᠬᠤ》᠂ 《ᠰᠣᠷᠣᠭ᠍ᠴᠢ ᠡᠯᠰᠡᠬᠦ》᠎ᠪᠠᠷ ᠮᠡᠬᠡᠯᠡᠯ ᠪᠣᠯᠭᠠᠵᠤ᠂ ᠮᠡᠬᠡᠯᠡᠬᠦ ᠠᠵᠢᠯᠯᠠᠭ᠎ᠠ ᠬᠢᠬᠦ᠎ᠶᠢ ᠰᠡᠷᠡᠮᠵᠢᠯᠡᠬᠦ ᠵᠢ ᠭᠣᠣᠯᠳᠠᠯᠭ᠎ᠠ᠎ᠲᠠᠢ ᠰᠠᠨᠠᠭᠤᠯᠬᠤ ᠬᠡᠷᠡᠭᠲᠡᠢ᠃ 《ᠰᠤᠷᠭᠠᠭᠤᠯᠢ ᠎ᠶᠢᠨ ᠬᠣᠭᠣᠯᠠ》᠎ᠶᠢ ᠲᠤᠰᠬᠠᠢᠯᠠᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠨᠠᠮᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠬᠦ᠎ᠡᠴᠡ ᠡᠮᠦᠨ᠎ᠡ ᠭᠠᠳᠠᠭ᠍ᠰᠢ ᠳᠠᠭᠠᠭᠠᠴᠢᠯᠠᠭᠤᠯᠤᠭᠰᠠᠨ ᠬᠣᠭᠣᠯᠠᠨ ᠭᠡᠷ᠎ᠢ ᠬᠣᠷᠢᠶᠠᠨ ᠠᠪᠴᠢᠷᠠᠬᠤ᠂ ᠰᠤᠷᠭᠠᠭᠤᠯᠢ᠎ᠶᠢᠨ ᠬᠣᠭᠣᠯᠠᠨ ᠭᠡᠷ᠎ᠦᠨ ᠶᠡᠬᠡ ᠬᠡᠮᠵᠢᠶᠡᠨ᠎ᠦ ᠢᠳᠡᠭᠡᠨ᠎ᠦ ᠮᠠᠲᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠂ ᠲᠣᠭᠲᠠᠭᠠᠯ ᠠ᠋ᠴᠠ ᠵᠥᠷᠢᠴᠡᠭᠰᠡᠨ ᠰᠤᠷᠭᠠᠭᠤᠯᠢ᠎ᠶᠢᠨ ᠬᠦᠷᠢᠶᠡᠨ᠎ᠦ ᠬᠡᠲᠦ ᠳᠡᠯᠭᠡᠭᠦᠷ᠎ᠢ ᠠᠷᠢᠯᠭᠠᠬᠤ ᠵᠡᠷᠭᠡ ᠭᠣᠣᠯᠳᠠᠯᠭ᠎ᠠ᠎ᠲᠠᠢ ᠠᠵᠢᠯ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ ᠡᠯ᠎ᠡ ᠵᠦᠢᠯ᠎ᠦᠨ ᠠᠵᠢᠯ᠎ᠤᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ ᠬᠡᠷᠡᠭᠲᠡᠢ᠃ ᠰᠤᠷᠭᠠᠭᠤᠯᠢ ᠵᠢᠨ ᠬᠦᠷᠢᠶᠡᠨ᠎ᠦ ᠠᠮᠤᠷ ᠲᠦᠪᠰᠢᠨ᠎ᠦ ᠬᠡᠮ ᠰᠣᠭᠣᠭ᠎ᠢ ᠵᠢᠬᠰᠠᠭᠠᠨ ᠪᠠᠢᠴᠠᠭᠠᠬᠤ ᠠᠵᠢᠯ᠎ᠢ ᠰᠠᠢᠲᠤᠷ ᠬᠢᠵᠦ᠂ ᠵᠣᠨ᠎ᠤ ᠠᠮᠠᠷᠠᠯᠲᠠ᠎ᠶᠢᠨ ᠬᠤᠭᠤᠴᠠᠭ᠎ᠠ᠎ᠶᠢ ᠭᠦᠢᠴᠡᠳ ᠠᠰᠢᠭ᠍ᠯᠠᠨ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠡᠮ ᠰᠣᠭᠣᠭ᠎ᠢ ᠨᠢᠭᠡ ᠤᠳᠠᠭ᠎ᠠ ᠶᠡᠬᠡᠪᠡᠷ ᠵᠢᠬᠰᠠᠭᠠᠨ ᠪᠠᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠭᠠᠯ ᠰᠡᠷᠬᠡᠢᠯᠡᠵᠥ ᠭᠠᠯ ᠤᠨᠲᠠᠷᠠᠭᠠᠬᠤ᠂ ᠲᠤᠷᠰᠢᠯᠲᠠ᠎ᠶᠢᠨ ᠲᠠᠰᠤᠭ᠎ᠤᠨ ᠠᠶᠤᠯᠲᠠᠢ ᠬᠢᠮᠢ᠎ᠶᠢᠨ ᠪᠣᠳᠠᠰ᠂ ᠰᠤᠷᠭᠠᠭᠤᠯᠢ᠎ᠶᠢᠨ ᠪᠠᠢᠷᠢ᠎ᠶᠢᠨ ᠲᠦᠬᠦᠭᠡᠷᠤᠮᠵᠢ ᠵᠡᠷᠭᠡ ᠭᠣᠣᠯᠳᠠᠯᠭ᠎ᠠ᠎ᠲᠠᠢ ᠣᠷᠣᠨ ᠪᠠᠢᠷᠢ᠎ᠶᠢ ᠴᠢᠩᠭ᠎ᠠ ᠠᠩᠬᠠᠷᠴᠤ᠂ ᠠᠰᠠᠭᠤᠳᠠᠯ᠎ᠤᠨ ᠨᠠᠷᠢᠨ ᠲᠠᠩᠰᠠ ᠪᠠᠢᠭᠤᠯᠤᠨ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠰᠠᠢᠲᠤᠷ ᠬᠢᠬᠦ ᠬᠡᠷᠡᠭᠲᠡᠢ᠃ ᠤᠰᠤᠨ᠎ᠳᠤ ᠴᠠᠴᠢᠬᠤ᠎ᠶᠢ ᠰᠡᠷᠭᠡᠢᠯᠡᠬᠦ ᠠᠵᠢᠯ᠎ᠢ ᠬᠠᠮᠵᠢᠯᠴᠠᠨ ᠰᠠᠢᠲᠤᠷ ᠠᠳᠬᠤᠵᠤ᠂ 《ᠬᠠᠷᠢᠶ᠎ᠠ ᠤᠷᠤᠨ ᠵᠢᠡᠷ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ》 ᠪᠠ 《ᠬᠡᠨ ᠭᠣᠣᠯᠯᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠎ᠦᠨ ᠬᠣᠯᠪᠤᠭᠠᠯᠠᠨ ᠬᠠᠮᠵᠢᠯᠴᠠᠬᠤ᠎ᠶᠢ ᠴᠢᠩᠭᠠᠳᠬᠠᠵᠤ᠂ ᠬᠠᠷᠢᠶ᠎ᠠ ᠣᠷᠣᠨ᠎ᠤ ᠤᠰᠤᠨ ᠣᠷᠣᠨ᠎ᠤ ᠠᠮᠤᠷ ᠲᠦᠪᠰᠢᠨ᠎ᠦ ᠭᠡᠮ ᠰᠣᠭᠣᠭ᠎ᠲᠤ ᠨᠡᠢᠳᠡᠮ ᠪᠠᠢᠴᠠᠭᠠᠯᠲᠠ ᠥᠷᠨᠢᠭᠦᠯᠵᠦ᠂ ᠭᠣᠣᠯᠳᠠᠯᠭ᠎ᠠ᠎ᠲᠠᠢ ᠤᠰᠤᠨ ᠣᠷᠣᠨ᠎ᠳᠤ 《ᠲᠣᠭᠣᠷᠢᠨ ᠪᠠᠢᠴᠠᠭᠠᠬᠤ ᠬᠥᠮᠥᠨ᠎ᠲᠠᠢ᠂ ᠬᠠᠮᠢᠶᠠᠷᠬᠤ ᠬᠥᠮᠥᠨ᠎ᠲᠠᠢ᠂ ᠰᠡᠷᠭᠡᠢᠯᠡᠬᠦ ᠬᠥᠮᠥᠨ᠎ᠲᠠᠢ》 ᠪᠠᠢᠬᠤ᠎ᠶᠢ ᠪᠠᠲᠤᠯᠠᠬᠤ ᠬᠡᠷᠡᠭᠲᠡᠢ᠃ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠰᠠᠢᠲᠤᠷ ᠠᠳᠬᠤᠵᠤ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠦ ᠬᠡᠮ ᠰᠤᠭᠤᠭ᠂ ᠲᠣᠭᠲᠠᠭᠠᠯ ᠠ᠋ᠴᠠ ᠵᠥᠷᠢᠴᠡᠨ ᠰᠦᠢᠳᠬᠡᠯ ᠬᠤᠷᠢᠶᠠᠬᠤ ᠵᠡᠷᠭᠡ ᠭᠣᠣᠯᠳᠠᠯᠭ᠎ᠠ᠎ᠲᠠᠢ ᠠᠰᠠᠭᠤᠳᠠᠯ ᠎ᠢ ᠴᠢᠩᠭ᠎ᠠ ᠠᠩᠬᠠᠷᠴᠤ᠂ ᠬᠠᠤᠯᠢ ᠲᠣᠭᠲᠠᠭᠠᠯ ᠶᠣᠰᠣᠭᠠᠷ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠵᠢᠨ ᠬᠠᠮᠲᠤᠷᠠᠨ ᠬᠠᠤᠯᠢ ᠬᠡᠷᠡᠭᠵᠢᠭᠦᠯᠵᠦ ᠪᠠᠢᠴᠠᠭᠠᠯᠲᠠ ᠬᠢᠬᠦ ᠎ᠶᠢ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ ᠭᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号