ᠮᠠᠨ ᠤ᠋ ᠤᠷᠤᠨ ᠤ᠋ ᠪᠠᠷᠠᠭᠤᠨ ᠬᠡᠰᠡᠭ ᠤ᠋ᠨ ᠪᠤᠬᠢᠷᠳᠦᠯ ᠦᠭᠡᠢ ᠴᠠᠬᠢᠯᠭᠠᠨ ᠢ᠋ ᠡᠮᠦᠨᠡᠲᠦ ᠣᠷᠣᠨ ᠤ᠋ ᠴᠠᠬᠢᠯᠭᠠᠨ ᠲᠤᠤᠷ ᠲᠣ᠌ ᠬᠦᠷᠭᠡᠵᠤ ᠡᠬᠢᠯᠡᠯ᠎ᠠ
2025-07-05 10:03:21
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠮᠠᠨ ᠤ᠋ ᠤᠷᠤᠨ ᠤ᠋ ᠪᠠᠷᠠᠭᠤᠨ ᠬᠡᠰᠡᠭ ᠤ᠋ᠨ ᠴᠠᠬᠢᠯᠭᠠᠨ ᠲᠤᠤᠷ ᠤ᠋ᠨ ᠪᠤᠬᠢᠷᠳᠦᠯ ᠦᠭᠡᠢ ᠴᠠᠬᠢᠯᠭᠠᠨ ᠢ᠋ ᠭᠤᠸᠠᠩᠳᠦ᠋ᠩ ᠤ᠋ᠨ ᠴᠠᠬᠢᠯᠭᠠᠨ ᠲᠤᠤᠷ ᠲᠣ᠌ ᠬᠦᠷᠭᠡᠵᠤ ᠡᠬᠢᠯᠡᠪᠡ᠃ ᠡᠨᠡ ᠪᠤᠯ ᠮᠠᠨ ᠤ᠋ ᠤᠷᠤᠨ ᠤ᠋ ᠪᠠᠷᠠᠭᠤᠨ ᠬᠡᠰᠡᠭ ᠤ᠋ᠨ ᠴᠠᠬᠢᠯᠭᠠᠨ ᠲᠤᠤᠷ ᠤ᠋ᠨ ᠪᠤᠬᠢᠷᠳᠦᠯ ᠦᠭᠡᠢ ᠴᠠᠬᠢᠯᠭᠠᠨ ᠢ᠋ ᠡᠮᠦᠨᠡᠲᠦ ᠣᠷᠣᠨ ᠤ᠋ ᠴᠠᠬᠢᠯᠭᠠᠨ ᠲᠤᠤᠷ ᠲᠣ᠌ ᠠᠩᠬ᠎ᠠ ᠬᠦᠷᠭᠡᠵᠤ ᠪᠠᠢᠭ᠎ᠠ ᠶᠠᠪᠤᠲᠠᠯ ᠪᠤᠯᠤᠨ᠎ᠠ  ᠃

ᠤᠢᠯᠠᠭᠠᠭᠰᠠᠨ᠎ᠵᠢᠡᠷ᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠺᠣᠮᠫᠠᠨᠢ ᠭᠤᠸᠠᠩᠵᠧᠦ᠍ ᠵᠢᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ᠂ ᠪᠡᠭᠡᠵᠢᠩ᠎ᠦᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ᠎ᠲᠡᠶ ᠬᠠᠮᠵᠢᠯᠴᠠᠨ᠂ 2025 ᠣᠨ ᠤ᠋ 6 ᠰᠠᠷ᠎ᠠ ᠳ᠋ᠤ ᠮᠠᠨ ᠤ᠋ ᠤᠷᠤᠨ ᠤ᠋ ᠪᠠᠷᠠᠭᠤᠨ ᠬᠡᠰᠡᠭ᠂ ᠭᠠᠨᠰᠦ ᠵᠡᠷᠭᠡ ᠮᠤᠵᠢ ᠣᠷᠣᠨ ᠤ᠋ ᠪᠣᠬᠢᠷᠲᠤᠯ ᠥᠬᠡᠶ ᠴᠠᠬᠢᠯᠭᠠᠨ ᠢ᠋ ᠭᠤᠸᠠᠩᠳᠦ᠋ᠩ ᠳ᠋ᠦ ᠬᠦᠷᠭᠡᠬᠦ ᠠᠷᠠᠯᠵᠢᠶ᠎ᠠ ᠵᠢ ᠠᠮᠵᠢᠯᠲᠠ ᠲᠠᠢ ᠵᠣᠬᠢᠶᠠᠨ ᠪᠠᠢᠭᠤᠯᠵᠤ᠂ 《ᠭᠤᠷᠪᠠᠨ ᠴᠠᠬᠢᠯᠭᠠᠨ ᠲᠤᠤᠷ》ᠤ᠋ᠨ ᠵᠠᠬ᠎ᠠ ᠳᠡᠯᠭᠡᠭᠦᠷ ᠤ᠋ᠨ ᠬᠠᠮᠲᠤᠷᠠᠭᠰᠠᠨ ᠵᠣᠬᠢᠶᠠᠨ ᠪᠠᠢᠭᠤᠯᠤᠯᠳᠠ ᠪᠠ ᠴᠠᠬᠢᠯᠭᠠᠨ ᠬᠦᠴᠦᠨ᠎ᠦ ᠡᠬᠢ ᠪᠠᠶᠠᠯᠢᠭ ᠢ᠋ ᠵᠣᠬᠢᠴᠠᠭᠤᠯᠤᠨ ᠱᠢᠯᠢᠳᠡᠭ᠌ᠵᠢᠭᠦᠯᠦᠨ ᠳᠣᠭᠢᠷᠠᠭᠤᠯᠬᠤ ᠵᠢ ᠠᠩᠬ᠎ᠠ ᠤᠳᠠᠭ᠎ᠠ ᠪᠡᠶᠡᠯᠡᠭᠦᠯᠪᠡ᠃ ᠪᠣᠬᠢᠷᠲᠤᠯ ᠥᠬᠡᠶ ᠴᠠᠬᠢᠯᠭᠠᠨ ᠤ᠋ ᠡᠯᠸᠮᠸᠨ᠋ᠲ᠎ᠦᠨ ᠪᠥᠬᠥ᠌ ᠤᠯᠤᠰ ᠤ᠋ᠨ ᠬᠡᠪᠴᠢᠶᠡᠨ᠎ᠳ᠋ᠡᠬᠢ ᠱᠢᠯᠵᠢᠮᠡᠯ ᠥᠷᠢᠰᠥᠯᠳᠦᠭᠡᠨ ᠢ᠋ ᠪᠦᠲᠦᠮᠵᠢᠲᠡᠶ ᠠᠬᠢᠭᠤᠯᠵᠤ᠂ ᠪᠥᠬᠥ᠌ ᠤᠯᠤᠰ ᠤ᠋ᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ᠂ 《ᠬᠤᠤᠰ ᠨᠡᠭᠦᠷᠡᠰᠦᠳᠦᠷᠦᠭ᠌ᠴᠢ》 ᠵᠢᠨ ᠬᠠᠷᠠᠯᠲᠠ ᠵᠢ ᠨᠠᠢᠳᠠᠪᠤᠷᠢᠵᠢᠭᠤᠯᠬᠤ ᠳ᠋ᠦ ᠵᠠᠬ᠎ᠠ ᠳᠡᠯᠭᠡᠭᠦᠷ᠎ᠦᠨ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃ ᠲᠣᠰ ᠤᠳᠠᠭᠠᠨ ᠤ᠋ ᠠᠷᠠᠯᠵᠢᠶ᠎ᠠ ᠳ᠋ᠦ ᠮᠠᠨ ᠤ᠋ ᠤᠷᠤᠨ ᠤ᠋ ᠴᠠᠬᠢᠯᠭᠠᠨ ᠲᠤᠤᠷ ᠨᠢ ᠦᠳᠡ ᠵᠢᠨ ᠢᠯᠡᠭᠦᠴᠡ ᠴᠠᠬᠢᠯᠭᠠᠨ ᠬᠦᠷᠭᠡᠬᠦ ᠪᠠᠭ᠍ᠲᠠᠭᠠᠮᠵᠢ ᠵᠢ ᠭᠦᠶ᠋ᠴᠡᠳ ᠠᠱᠢᠭ᠍ᠯᠠᠨ  ᠠᠷᠠᠯᠵᠢᠶᠠᠨ ᠤ᠋ ᠵᠠᠭ᠍ᠪᠤᠷ ᠢ᠋ ᠲᠥᠪᠯᠡᠷᠡᠭᠦᠯᠦᠨ ᠨᠡᠢᠯᠡᠭᠦᠯᠬᠦ᠌᠎ᠪᠡᠷ ᠳᠠᠮᠵᠢᠨ ᠮᠠᠨ ᠤ᠋ ᠤᠷᠤᠨ ᠤ᠋ ᠪᠠᠷᠠᠭᠤᠨ ᠬᠡᠰᠡᠭ᠎ᠦᠨ ᠭᠠᠵᠠᠷ ᠣᠷᠣᠨ ᠤ᠋ 6 ᠰᠠᠷ᠎ᠠ ᠵᠢᠨ13 ᠤ᠋ ᠡᠳᠦᠷ᠎ᠡᠴᠡ 30  ᠤ᠋ ᠡᠳᠦᠷ᠎ᠦᠨ 12᠄ 00 —18᠄ 00 ᠤ᠋ᠨ ᠬᠤᠭᠤᠷᠤᠨᠳᠤᠬᠢ ᠱᠢᠨ᠎ᠡ ᠡᠨᠧᠷᠭᠢ ᠵᠢ ᠶᠡᠬᠡᠪᠡᠷ ᠠᠰᠢᠬᠯᠠᠬᠤ ᠬᠤᠭᠤᠴᠠᠭᠠᠨ ᠤ᠋ ᠪᠣᠬᠢᠷᠲᠤᠯ ᠥᠬᠡᠶ ᠴᠠᠬᠢᠯᠭᠠᠨ ᠢ᠋ ᠭᠤᠸᠠᠩᠳᠦ᠋ᠩ᠎ᠳᠦ ᠬᠦᠷᠭᠡᠵᠦ᠂ ᠤᠷᠢᠳᠴᠢᠯᠠᠨ ᠠᠷᠠᠯᠵᠢᠶᠠᠯᠠᠭ᠍ᠰᠠᠨ ᠴᠠᠬᠢᠯᠭᠠᠨ ᠤ᠋ ᠬᠡᠮᠵᠢᠶ᠎ᠡ 1637 ᠲᠦᠮᠡᠨ ᠺᠢᠯᠦᠸᠠᠲ ᠴᠠᠭ ᠲᠣ᠌ ᠬᠦᠷᠴᠦ᠂ ᠨᠢᠭᠡ ᠡᠳᠦᠷ᠎ᠦᠨ ᠬᠠᠮᠤᠭ ᠤ᠋ᠨ ᠶᠡᠬᠡ ᠱᠢᠩᠭᠡᠭᠡᠨ ᠠᠪᠬᠤ ᠴᠢᠳᠠᠪᠤᠷᠢ ᠵᠢ 20 ᠲᠦᠮᠡᠨ ᠺᠢᠯᠦᠸᠠᠲ ᠳᠡᠭᠡᠭ᠌ᠰᠢᠯᠡᠭᠦᠯᠤᠨ᠂ ᠴᠠᠬᠢᠯᠭᠠᠨ ᠭᠠᠷᠭᠠᠬᠤ ᠪᠠ ᠴᠠᠬᠢᠯᠭᠠᠨ ᠬᠡᠷᠡᠭ᠌ᠯᠡᠬᠦ᠌ ᠴᠠᠭ ᠤᠷᠤᠨ ᠵᠠᠶ ᠵᠢᠨ ᠣᠨᠴᠠᠯᠢᠭ᠎ᠢ ᠤᠨᠤᠪᠴᠢᠳᠠᠢ ᠳᠤᠬᠢᠷᠠᠭᠤᠯᠵᠦ᠂ ᠮᠠᠨ ᠤ᠋ ᠤᠷᠤᠨ ᠤ᠋ ᠦᠳᠡ ᠵᠢᠨ ᠦᠶ᠎ᠡ ᠵᠢᠨ ᠱᠢᠨ᠎ᠡ ᠡᠨᠧᠷᠭᠢ ᠵᠢᠨ ᠱᠢᠩᠭᠡᠭᠡᠨ ᠠᠪᠬᠤ ᠬᠦᠴᠢᠷᠳᠡᠯ ᠢ᠋ ᠱᠢᠶ᠋ᠳᠪᠦᠷᠢᠯᠡᠭ᠌ᠰᠡᠨ ᠪᠥᠭᠡᠳ ᠠᠵᠤ ᠠᠬᠤᠶ ᠵᠢᠨ ᠬᠦᠴᠦᠷᠬᠡᠭ ᠮᠤᠵᠢ ᠭᠤᠸᠠᠩᠳᠦ᠋ᠩ᠎ᠦᠨ  ᠪᠣᠬᠢᠷᠲᠤᠯ ᠥᠬᠡᠶ ᠡᠨᠧᠷᠭᠢ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠵᠢ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号