ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 7 ᠰᠠᠷ᠎ᠠ ᠵᠢᠨ 4 ᠤ᠋ ᠡᠳᠦᠷ ᠮᠠᠨ ᠤ᠋ ᠤᠷᠤᠨ ᠴᠢᠡᠭᠳᠤᠤ ᠬᠤᠲᠠ ᠳ᠋ᠦ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠶᠠᠷᠢᠯᠴᠠᠭᠠᠨ ᠤ᠋ ᠬᠤᠷᠠᠯ ᠬᠢᠵᠤ᠂ ᠲᠤᠬᠠᠢ ᠶ᠋ᠢᠨ ᠲᠠᠯᠠᠪᠠᠢ ᠳ᠋ᠦ 25.9 ᠳ᠋ᠦ᠋ᠡᠭᠰᠢᠭᠤᠷ ᠲᠦᠭᠦᠷᠢᠭ ᠤ᠋ᠨ ᠬᠡᠷ᠎ᠡ ᠲᠤᠭᠲᠠᠪᠠ ᠃
ᠲᠤᠰ ᠤᠳᠠᠭ᠎ᠠ ᠵᠢᠨ ᠶᠠᠷᠢᠯᠴᠠᠭᠠᠨ ᠤ᠋ ᠬᠤᠷᠠᠯ ᠪᠣᠯ 2024 ᠣᠨ ᠤ᠋ ᠥᠪᠥᠷ ᠮᠣᠩᠭᠣᠯ ᠱᠠᠨᠳᠦ᠋ᠩ ᠤ᠋ᠨ ᠵᠢᠮᠢᠰ ᠢᠳᠡᠱᠢᠨ ᠨᠣᠭᠣᠭ᠎ᠠ ᠵᠢᠨ ᠠᠵᠤ ᠦᠢᠯᠡᠰ ᠤ᠋ᠨ ᠱᠢᠷᠢᠰ ᠵᠤᠯᠭᠠᠯᠴᠠᠭᠠᠨ ᠤ᠋ ᠠᠵᠢᠯᠯᠠᠭ᠎ᠠ ᠵᠢᠨ ᠳᠠᠷᠠᠭᠠᠬᠢ ᠬᠣᠶᠠᠷ ᠭᠠᠵᠠᠷ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠬᠦᠷᠢᠶᠡᠨ ᠳ᠋ᠡᠬᠢ ᠪᠠᠰᠠ ᠨᠢᠭᠡᠨ ᠤᠳᠠᠭ᠎ᠠ ᠵᠢᠨ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠪᠠᠢᠵᠤ᠂ ᠭᠤᠤᠯᠳᠠᠭᠤ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠪᠡᠷ ᠳᠠᠮᠵᠢᠨ ᠪᠦᠬᠦ ᠣᠷᠣᠨ ᠤ᠋ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤ᠋ᠨ ᠬᠥᠭ᠌ᠵᠢᠯᠲᠡ ᠵᠢ ᠴᠢᠨᠠᠭᠰᠢᠳᠠ ᠠᠬᠢᠭᠤᠯᠬᠤ ᠵᠢ ᠵᠤᠷᠢᠵᠠᠢ᠃ ᠶᠠᠷᠢᠯᠴᠠᠭᠠᠨ ᠤ᠋ ᠬᠤᠷᠠᠯ ᠳ᠋ᠦ ᠴᠢᠩᠳᠣᠤ ᠵᠢᠨ ᠺᠠᠢ ᠴᠤᠸᠠᠩ ᠢᠳᠡᠭᠡᠨᠦ ᠬᠢᠵᠠᠭᠠᠷᠲᠤ ᠺᠣᠮᠫᠠᠨᠢ᠂ ᠵᠧᠩ ᠳ᠋ᠡ ᠪᠦᠯᠦᠭ᠌ᠯᠡᠯ᠂ ᠴᠢᠩᠳᠣᠤ ᠬᠤᠳᠠ ᠵᠢᠨ ᠬᠤᠳᠠᠯᠳᠤᠨ ᠠᠪᠬᠤ ᠦᠢᠯᠡᠰ ᠤ᠋ᠨ ᠨᠡᠢᠭᠡᠮᠯᠢᠭ ᠵᠡᠷᠭᠡ 92 ᠠᠵᠤ ᠠᠬᠤᠢᠯᠠᠯ ᠪᠣᠯᠤᠨ ᠠᠷᠠᠯᠵᠢᠶᠠᠴᠢᠨ ᠤ᠋ ᠨᠡᠢᠭᠡᠮᠯᠢᠭ ᠤ᠋ᠨ ᠲᠥᠯᠥᠭᠡᠯᠡᠭ᠌ᠴᠢ ᠤᠷᠤᠯᠴᠠᠨ ᠵᠦᠪᠳᠡᠯᠴᠡᠭᠡᠷ ᠬᠢᠵᠦ᠂ ᠠᠷᠠᠯᠵᠢᠶᠠᠴᠢᠨ ᠤᠷᠢᠬᠤ ᠪᠦᠯᠬᠦᠮ ᠤ᠋ᠨ ᠬᠢᠨ ᠱᠠᠨᠳᠦ᠋ᠩ ᠤ᠋ᠨ ᠰᠠᠨ ᠱᠢᠩ ᠪᠦᠯᠦᠭ᠌ᠯᠡᠯ ᠵᠡᠷᠭᠡ 14 ᠠᠵᠤ ᠠᠬᠤᠢᠯᠠᠯ ᠳ᠋ᠤ ᠱᠢᠨᠵᠢᠯᠡᠨ ᠪᠠᠢᠴᠠᠭᠠᠯᠲᠠ ᠬᠢᠪᠡ᠃ ᠬᠤᠷᠠᠯ ᠳ᠋ᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ᠂ ᠲᠦᠩᠯᠢᠶᠣᠤ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠶ ᠬᠣᠲᠠ ᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠣᠪᠴᠢᠶ᠎ᠠ ᠲᠣᠰ ᠲᠣᠰ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠥᠷᠥ ᠵᠢᠨ ᠪᠣᠳᠣᠯᠭ᠎ᠠ᠂ ᠠᠵᠤ ᠦᠶ᠋ᠯᠡᠰ ᠤ᠋ᠨ ᠳᠠᠪᠠᠭᠤᠯᠢᠭ᠂ ᠠᠷᠠᠯᠵᠢᠶᠠᠴᠢᠨ ᠤᠷᠢᠬᠤ ᠬᠡᠷᠡᠭ᠌ᠴᠡᠭᠡ ᠱᠠᠭᠠᠷᠳᠠᠯᠭ᠎ᠠ ᠵᠡᠷᠭᠡ ᠠᠭᠤᠯᠭ᠎ᠠ ᠶ᠋ᠢᠨ ᠲᠣᠭᠣᠷᠢᠨ ᠳ᠋ᠤ ᠲᠠᠨᠢᠯᠴᠠᠭᠤᠯᠭ᠎ᠠ ᠬᠢᠭᠰᠡᠨ ᠪᠠᠢᠨ᠎ᠠ᠃
ᠤᠢᠯᠠᠭᠠᠭᠰᠠᠨ ᠶ᠋ᠢᠡᠷ᠂ ᠡᠮᠦᠨᠡᠬᠢ ᠬᠤᠭᠤᠴᠠᠭᠠᠨ ᠤ᠋ ᠣᠯᠠᠨ ᠡᠭᠡᠯᠵᠢ ᠵᠢᠨ ᠵᠥᠪᠳᠡᠯᠴᠡᠭᠡ ᠵᠣᠯᠭᠠᠯᠴᠠᠭ᠎ᠠ ᠪᠠᠷ ᠳᠡᠮᠵᠢᠨ ᠬᠤᠷᠠᠯ ᠲᠠᠬᠡᠷ᠎ᠠ ᠡᠵᠡᠨ ᠬᠣᠷᠣᠭ᠎ᠠ ᠬᠣᠱᠢᠭᠤᠨ ᠤ᠋ ᠭᠠᠬᠠᠶ ᠲᠡᠵᠢᠭᠡᠬᠦ ᠦᠢᠯᠡᠰ᠂ ᠹᠧᠩᠵᠧᠨ ᠬᠣᠲᠠ ᠵᠢᠨ ᠳᠡᠭᠡᠳᠦ ᠲᠠᠰ ᠤ᠋ᠨ ᠯᠠᠰᠠ ᠪᠤᠭᠤᠳᠠᠯ ᠦᠢᠯᠡᠳᠬᠦ᠂ ᠦᠶᠤᠸᠠᠨ ᠱᠢᠶᠠᠨ ᠤ᠋ ᠳᠡᠭᠡᠳᠦ ᠲᠠᠰ ᠤ᠋ᠨ ᠪᠡᠯᠡᠨ ᠨᠤᠭᠤᠭ᠎ᠠ ᠬᠢᠬᠦ᠂ ᠬᠠᠩᠭᠢᠨ ᠬᠣᠢᠲᠤ ᠬᠣᠱᠢᠭᠤᠨ ᠤ᠋ 3000 ᠮᠥ᠍ ᠵᠢᠨ ᠢᠩᠲᠣᠣᠷ ᠤ᠋ᠨ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠵᠡᠷᠭᠡ 4 ᠲᠥᠷᠥᠯ ᠵᠦᠶ᠋ᠯ ᠳ᠋ᠤ ᠵᠢᠩᠬᠢᠨᠢ ᠪᠡᠷ ᠭᠡᠷ᠎ᠡ ᠲᠤᠭᠲᠠᠪᠠ᠃