ᠦᠪᠡᠷᠳᠡᠭᠡᠨ ᠵᠠᠰᠠᠬᠤ ᠤᠷᠤᠨ᠎ᠤ ᠡᠮᠡᠭᠳᠡᠢᠴᠦᠳ᠎ᠤᠨ ᠬᠤᠯᠪᠤᠭ᠎ᠠ ᠡᠴᠡ ᠤᠢᠯᠠᠭᠠᠭᠰᠠᠨ ᠵᠢᠡᠷ᠂ ᠣᠢᠷ᠎ᠠ᠎ᠳᠤ ᠨᠢᠣ᠋ ᠶᠣᠷᠺᠲᠠᠬᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠷᠦᠩᠬᠡᠶ ᠵᠠᠬᠢᠷᠭ᠎ᠠ᠎ᠳᠤ ᠶᠠᠪᠤᠭ᠍ᠳᠠᠭ᠍ᠰᠠᠨ 18 ᠳ᠋ᠤᠭᠠᠷ ᠬᠤᠭᠤᠴᠠᠭᠠᠨ᠎ᠤ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 《ᠵᠡᠮᠳᠡᠭ᠌ᠴᠦᠳ᠎ᠦᠨ ᠡᠷᠬᠡ ᠠᠱᠢᠭ᠎ᠤᠨ ᠨᠡᠢᠲᠡ᠎ᠶ᠋ᠢᠨ ᠭᠡᠷ᠎ᠡ》 ᠶ᠋ᠢᠨ ᠭᠡᠷ᠎ᠡ ᠪᠠᠢᠭᠤᠯᠤᠭ᠍ᠰᠠᠨ ᠤᠯᠤᠰ᠎ᠤᠳ᠎ᠤᠨ ᠬᠤᠷᠠᠯ ᠳᠡᠭᠡᠷ᠎ᠡ ᠥᠪᠥᠷ ᠮᠣᠩᠭᠣᠯ᠎ᠤᠨ ᠵᠥᠩ ᠢ ᠵᠡᠮᠳᠡᠭ᠌ᠴᠦᠳ᠎ᠦᠨ ᠦᠶ᠋ᠯᠡᠴᠢᠯᠡᠭᠡᠨ᠎ᠦ ᠲᠥᠪ᠂ ᠮᠦ᠍ ᠯᠸ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠦᠨ ᠵᠡᠮᠳᠡᠭ ᠡᠮᠡᠭ᠌ᠲᠡᠢᠴᠦᠳ᠎ᠦᠨ ᠵᠣᠬᠢᠶᠠᠨ ᠪᠦᠲᠦᠭᠡᠭ᠌ᠰᠡᠨ ᠮᠣᠷᠢᠨ ᠲᠣᠯᠣᠭᠠᠢ᠎ᠳᠤ ᠪᠢᠷ᠂ ᠠᠷᠠᠰᠤᠨ ᠰᠡᠢᠯᠦᠮᠡᠯ᠎ᠤᠨ ᠲᠡᠮᠳᠡᠭ᠌ᠯᠡᠯ᠎ᠦᠨ ᠳᠡᠪᠲᠡᠷ᠂ ᠰᠥᠩ᠎ᠦᠨ ᠵᠠᠰᠠᠯ ᠵᠢᠮᠰᠡᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠭᠳᠡᠭᠦᠨ ᠲᠡᠯᠭᠡᠭᠳᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ ᠪᠠ ᠬᠥᠬᠡᠬᠣᠲᠠ᠎ᠶ᠋ᠢᠨ ᠵᠡᠮᠳᠡᠭ᠌ ᠡᠮᠡᠭᠳᠡᠢᠴᠦᠳ᠎ᠦᠨ ᠤᠷᠠᠯᠢᠭ᠎ᠤᠨ ᠠᠪᠢᠶᠠᠰ᠎ᠢ ᠳᠡᠯᠡᠬᠡᠶ ᠳ᠋ᠠᠬᠢᠨ᠎ᠳᠤ ᠭᠠᠢᠬᠠᠭᠤᠯᠪᠠ᠃
ᠤᠯᠤᠰ᠎ᠤᠨ ᠳᠡᠰ᠎ᠤᠨ 《ᠦᠵᠡᠰᠭᠦᠯᠡᠩᠲᠦ ᠰᠠᠢᠬᠠᠨ ᠭᠠᠷ ᠦᠢᠯᠡᠳᠭᠡᠯ᠎ᠤᠨ ᠭᠠᠵᠠᠷ》 ᠤ᠋ᠨ ᠲᠦᠷᠦᠯ ᠵᠦᠢᠯ᠎ᠢ ᠬᠡᠷᠡᠭ᠌ᠵᠢᠭᠦᠯᠬᠦ᠌ ᠨᠢᠭᠡᠴᠢ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠬᠢᠨ ᠵᠡᠮᠳᠡᠭ ᠡᠮᠡᠭ᠌ᠲᠡᠢᠴᠦᠳ᠎ᠦᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠷᠠᠰᠤᠨ ᠰᠡᠢᠯᠦᠮᠡᠯ᠂ ᠮᠣᠩᠭᠣᠯ ᠦᠨᠳᠦᠰᠦᠲᠡᠨ᠎ᠦ ᠬᠠᠳᠭᠤᠮᠠᠯ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠲᠡᠯᠭᠡᠷᠡᠬᠦᠯᠬᠦ ᠯᠤᠭᠡ ᠢᠳᠡᠪᠬᠢᠳᠡᠢ ᠠᠭᠤᠰᠤᠯᠴᠠᠭᠤᠯᠪᠠ᠃ ᠥᠪᠥᠷ ᠮᠣᠩᠭᠣᠯ᠎ᠤᠨ ᠵᠥᠩ ᠢ ᠵᠡᠮᠳᠡᠭ᠌ᠴᠦᠳ᠎ᠦᠨ ᠦᠶ᠋ᠯᠡᠴᠢᠯᠡᠭᠡᠨ᠎ᠦ ᠲᠥᠪ᠎ᠨᠢ 《ᠵᠠᠬᠢᠶᠠᠯᠠᠭ᠎ᠠ᠎ᠶ᠋ᠢᠨ ᠮᠠᠶᠢᠭ᠎ᠤᠨ ᠪᠣᠯᠪᠠᠰᠤᠷᠠᠯ》 ᠤ᠋ᠨ ᠵᠠᠭ᠍ᠪᠤᠷ᠎ᠢᠶᠠᠷ 100 ᠭᠠᠷᠤᠶ ᠵᠡᠮᠳᠡᠭ ᠡᠮᠡᠭ᠌ᠲᠡᠢᠴᠦᠳ᠎ᠢ ᠬᠠᠪᠰᠤᠷᠤᠨ ᠤᠯᠠᠮᠵᠢᠯᠠᠯᠲᠤ ᠭᠠᠷ ᠤᠷᠠᠯᠠᠯ᠎ᠤᠨ ᠮᠡᠷᠭᠡᠵᠢᠯ᠎ᠢ ᠡᠵᠡᠮᠱᠢᠭᠦᠯᠬᠦ᠌ᠶ᠋ᠢᠨ ᠬᠠᠮᠲᠤ 8 ᠦᠶ᠋ᠯᠡᠰ ᠪᠤᠰᠬᠠᠬᠤ ᠪᠣᠳᠠᠲᠤ ᠴᠣᠭ᠍ᠴᠠ ᠪᠠ 6 ᠦᠶ᠋ᠯᠡᠰ ᠪᠤᠰᠬᠠᠬᠤ ᠪᠦᠯᠬᠦᠮ ᠨᠡᠢᠲᠡ᠎ᠶ᠋ᠢ ᠨᠡᠪᠴᠢᠭᠦᠯᠦᠨ᠂ ᠭᠠᠷᠦᠢᠯᠡᠳᠭᠡᠯ᠂ ᠡᠯᠧᠺᠲ᠋ᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠂ ᠤᠳᠠᠰᠤ᠎ᠪᠠᠷ ᠦᠶ᠋ᠯᠡᠴᠢᠯᠡᠬᠦ᠌ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠤᠭᠰᠠᠨ 《ᠪᠣᠯᠪᠠᠰᠤᠷᠠᠯ — ᠠᠵᠢᠯ ᠣᠯᠭᠣᠯᠲᠠ — ᠦᠶ᠋ᠯᠡᠰ ᠪᠤᠰᠬᠠᠬᠤ》 ᠪᠥᠬᠥ᠌ ᠬᠡᠯᠬᠢᠶ᠎ᠡ᠎ᠪᠡᠷ ᠳᠡᠮᠵᠢᠬᠦ᠌ ᠱᠢᠰᠲ᠋ᠧᠮ᠎ᠢ ᠪᠣᠶ ᠪᠣᠯᠭᠠᠪᠠ᠃ ᠣᠳᠣᠬᠠᠨ᠎ᠳᠤ᠂ ᠲᠣᠰ ᠲᠥᠪ᠎ᠨᠢ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠣᠲᠠ ᠬᠣᠶᠠᠷ ᠱᠠᠲᠤᠨ᠎ᠤ ᠵᠡᠮᠳᠡᠭ᠌ᠴᠦᠳ᠎ᠦᠨ ᠠᠵᠢᠯ ᠤᠯᠵᠦ ᠦᠶ᠋ᠯᠡᠰ ᠪᠤᠰᠬᠠᠬᠤ ᠨᠡᠪᠴᠢᠭᠦᠯᠦᠭᠦᠷ᠎ᠤᠨ ᠰᠠᠭᠤᠷᠢᠨ ᠵᠢᠡᠷ ᠦᠨᠡᠯᠡᠭ᠌ᠳᠡᠪᠡ᠃
ᠵᠡᠮᠳᠡᠭ᠌ᠴᠦᠳ᠎ᠦᠨ ᠪᠦᠲᠦᠭᠡᠯ᠎ᠢ ᠪᠣᠷᠣᠯᠠᠭᠤᠯᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠲᠤᠰ ᠲᠥᠪ᠎ᠤᠨ ᠬᠢᠨ《ᠪᠣᠳᠠᠲᠤ ᠴᠣᠭ᠍ᠴᠠ + ᠡᠯᠧᠺᠲ᠋ᠷᠣᠨ ᠬᠤᠳᠠᠯᠳᠤᠭ᠎ᠠ》 ᠶ᠋ᠢᠨ ᠬᠤᠤᠰ ᠵᠠᠭ᠍ᠪᠤᠷ᠎ᠤᠨ ᠱᠢᠨ᠎ᠡ᠎ᠶ᠋ᠢ ᠡᠭᠦᠳᠦᠨ ᠬᠡᠷᠡᠭ᠌ᠯᠡᠪᠡ᠃ ᠪᠤᠳᠠᠳᠤ ᠴᠤᠬᠴᠠ ᠳ᠋ᠦ ᠣᠯᠠᠨ ᠠᠵᠤ ᠠᠬᠤᠢᠯᠠᠯ᠎ᠲᠠᠶ ᠬᠠᠮᠲᠤᠷᠠᠨ ᠠᠵᠢᠯᠯᠠᠵᠤ᠂ ᠵᠠᠬᠢᠶᠠᠯᠠᠭ᠎ᠠ᠎ᠶ᠋ᠢᠨ ᠬᠠᠭᠤᠳᠠᠰᠤ᠎ᠪᠠᠷ ᠳᠠᠮᠵᠢᠭᠤᠯᠤᠨ ᠵᠡᠮᠳᠡᠭ᠌ᠴᠦᠳ᠎ᠦᠨ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠬᠤᠳᠠᠯᠳᠤᠨ ᠠᠪᠴᠤ᠂ ᠰᠦᠯᠵᠢᠶᠡᠨ ᠳᠡᠭᠡᠷ᠎ᠡ ᠵᠡᠮᠳᠡᠭ᠌ᠴᠦᠳ᠎ᠦᠨ ᠱᠢᠭᠤᠳ ᠨᠡᠪᠲᠡᠷᠡᠭᠦᠯᠭᠡ᠎ᠶ᠋ᠢᠨ ᠪᠦᠯᠬᠦᠮ ᠪᠠᠢᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠭᠡᠪᠡ᠃ ᠱᠢᠭᠤᠳ ᠨᠡᠪᠲᠡᠷᠡᠭᠦᠯᠭᠡ᠎ᠪᠡᠷ ᠵᠡᠮᠳᠡᠭ ᠪᠦᠰᠡᠭᠦᠢᠴᠦᠳ᠎ᠦᠨ ᠦᠶ᠋ᠯᠡᠳᠦᠭ᠌ᠰᠡᠨ ᠠᠷᠠᠰᠤᠨ ᠡᠳ᠋ᠯᠡᠯ᠂ ᠬᠠᠳᠭᠤᠮᠠᠯ᠎ᠤᠨ ᠪᠦᠲᠦᠭᠡᠭ᠌ᠳᠡᠬᠦᠨ ᠨᠢ ᠪᠥᠬᠥ᠌ ᠤᠯᠤᠰ᠎ᠲᠤ ᠪᠣᠷᠣᠯᠠᠭᠤᠯᠤᠭ᠍ᠳᠠᠵᠤ᠂ ᠵᠠᠷᠢᠮ ᠪᠦᠲᠦᠭᠡᠯ ᠨᠢ ᠣᠯᠠᠨ ᠤᠯᠤᠰ᠎ᠤᠨ ᠦᠵᠡᠰᠭᠦᠯᠡᠩ᠎ᠦᠨ ᠲᠠᠢᠰᠠᠨ᠎ᠠ ᠭᠠᠷᠴᠠᠶ᠃ ᠡᠳᠦᠭᠡ᠂ 《ᠦᠵᠡᠰᠭᠦᠯᠡᠩᠲᠦ ᠰᠠᠢᠬᠠᠨ ᠭᠠᠷ ᠦᠢᠯᠡᠳᠭᠡᠯ᠎ᠦᠨ ᠭᠠᠵᠠᠷ》 ᠨᠢ ᠬᠥᠬᠡᠬᠣᠲᠠ᠎ᠶ᠋ᠢᠨ ᠵᠡᠮᠳᠡᠭ᠌ᠴᠦᠳ᠎ᠦᠨ ᠠᠵᠢᠯ ᠣᠯᠵᠤ ᠦᠢᠯᠡᠰ ᠪᠤᠰᠭᠠᠬᠤ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠠᠢ᠃ ᠲᠥᠷᠥ᠎ᠶ᠋ᠢᠨ ᠪᠣᠳᠣᠯᠭ᠎ᠠ᠎ᠪᠡᠷ ᠦᠷᠭᠦᠯᠵᠢᠯᠡᠨ ᠳᠡᠮᠵᠢᠬᠦ᠌ ᠪᠠ ᠵᠠᠬ᠎ᠠ ᠳᠡᠯᠭᠡᠭᠦᠷ᠎ᠢ ᠲᠠᠰᠤᠷᠠᠯᠲᠠ ᠥᠬᠡᠶ ᠨᠡᠭᠡᠭᠡᠬᠦ ᠶ᠋ᠢ ᠳᠠᠭᠠᠯᠳᠤᠨ ᠨᠠᠩ ᠣᠯᠠᠨ ᠵᠡᠮᠳᠡᠭ ᠡᠮᠡᠭ᠌ᠲᠡᠢᠴᠦᠳ ᠥᠪᠡᠷ᠎ᠦᠨ ᠵᠣᠯ ᠵᠢᠷᠭᠠᠯᠲᠤ ᠠᠮᠢᠳᠤᠷᠠᠯ᠎ᠢᠶᠠᠨ ᠤᠷᠠᠨ ᠭᠠᠷ᠎ᠢᠶᠠᠷ᠎ᠢᠶᠠᠨ ᠵᠣᠬᠢᠶᠠᠨ ᠪᠦᠲᠦᠭᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠭᠠᠢᠬᠠᠮᠱᠢᠭ᠍ᠲᠤ ᠴᠡᠴᠡᠭ᠎ᠢ ᠳᠡᠯᠡᠬᠡᠶ᠎ᠶ᠋ᠢᠨ ᠲᠠᠪᠴᠠᠩ᠎ᠳᠤ ᠳᠡᠯᠭᠡᠷᠡᠭᠦᠯᠤᠨ᠎ᠡ᠃
ᠤᠢᠯᠠᠭᠠᠬᠰᠠᠨ ᠵᠢᠡᠷ᠂ ᠬᠦᠬᠡᠬᠤᠳᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ 《ᠪᠦᠰᠡᠭᠦᠢ》 ᠨᠡᠷᠡᠮᠵᠢᠲᠦ ᠰᠠᠭᠤᠷᠢᠨ᠎ᠤ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠵᠡᠮᠳᠡᠭ ᠡᠮᠡᠭ᠌ᠲᠡᠢᠴᠦᠳ ᠲᠸ᠋ ᠠᠵᠢᠯ ᠤᠯᠭᠤᠬᠤ ᠦᠢᠯᠡᠴᠢᠯᠡᠭᠡ᠎ᠶ᠋ᠢ ᠭᠦᠨᠵᠡᠭᠡᠢᠷᠡᠭᠦᠯᠵᠦ᠍᠂ ᠵᠡᠮᠳᠡᠭ ᠡᠮᠡᠭ᠌ᠲᠡᠢᠴᠦᠳ᠎ᠤᠨ ᠦᠢᠯᠡᠰ ᠪᠤᠰᠭᠠᠵᠤ ᠠᠵᠢᠯ ᠤᠯᠬᠤ᠎ᠳᠤ ᠨᠡᠩ ᠥᠨᠳᠥᠷ ᠲᠠᠪᠴᠠᠩ ᠬᠠᠩᠭᠠᠵᠤ᠂ ᠨᠡᠩ ᠤᠯᠠᠨ ᠠᠵᠠ ᠲᠣᠬᠢᠶᠠᠯ᠎ᠢ ᠡᠭᠦᠳᠴᠦ᠍᠂ ᠣᠷᠣᠨ᠎ᠤ ᠲᠥᠪ᠎ᠦᠨ ᠵᠡᠮᠳᠡᠭ᠌ᠴᠦᠳ᠎ᠦᠨ ᠦᠢᠯᠡᠰ᠎ᠦᠨ ᠪᠦᠬᠦ᠌ ᠲᠠᠯ᠎ᠠ ᠵᠢᠨ ᠴᠢᠨᠠᠷ ᠰᠠᠢᠳᠠᠢ ᠬᠦᠭᠵᠢᠯᠳᠡ ᠳ᠋ᠤ ᠰᠠᠭᠤᠷᠢ ᠲᠠᠯᠪᠢᠵᠤ ᠥᠭ᠌ᠴᠦ ᠪᠤᠢ᠃