《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ
2025-08-01 09:42:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠬᠦ ᠤᠯᠤᠰ ᠤ᠋ᠨ ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠳᠠ ᠵᠢᠨ ᠶᠡᠬᠡ ᠬᠤᠷᠠᠯ ᠳᠡᠭᠡᠷᠡᠬᠢ ᠶᠠᠷᠢᠶ᠎ᠠ


 8 ᠰᠠᠷ᠎ᠠ᠎ᠶ᠋ᠢᠨ 1 ᠤ᠋ ᠡᠳᠦᠷ ᠬᠡᠪᠯᠡᠭ᠌ᠳᠡᠭᠰᠡᠨ 15 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ᠎ᠦᠨ 2023 ᠣᠨ᠎ᠤ 7 ᠰᠠᠷ᠎ᠠ᠎ᠶ᠋ᠢᠨ 17 ᠤ᠋ ᠡᠳᠦᠷ᠎ᠦᠨ 《ᠪᠥᠬᠥ᠌ ᠤᠯᠤᠰ᠎ᠤᠨ ᠠᠮᠢ ᠠᠬᠤᠶ ᠣᠷᠴᠢᠨ ᠲᠣᠭᠣᠷᠢᠨ ᠎ᠤ ᠬᠠᠮᠠᠭᠠᠯᠠᠯᠲᠠ᠎ᠶ᠋ᠢᠨ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠢᠲᠡᠯᠡᠪᠡ᠃

ᠵᠣᠬᠢᠶᠠᠯ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠢᠳᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ ᠳ᠋ᠤ ᠬᠣᠯᠪᠣᠭ᠍ᠳᠠᠬᠤ ᠦᠨᠳᠦᠰᠦᠨ ᠶᠡᠬᠡ ᠪᠤᠳᠤᠯᠭ᠎ᠠ ᠪᠣᠯᠭᠠᠵᠤ᠂ ᠠᠯᠢ ᠤᠯᠠᠨ ᠡᠭᠦᠳᠦᠯᠲᠡ᠎ᠶ᠋ᠢᠨ ᠴᠢᠨᠠᠷᠲᠠᠢ ᠠᠵᠢᠯ ᠥᠷᠨᠢᠭᠦᠯᠵᠦ᠍᠂ ᠵᠣᠷᠢᠭ᠎ᠤᠨ ᠶᠡᠬᠡ᠂ ᠡᠷᠴᠢᠮ᠎ᠦᠨ ᠶᠡᠬᠡ᠂ ᠦᠷ᠎ᠡ ᠪᠦᠲᠦᠮᠵᠢ᠎ᠶ᠋ᠢᠨ ᠶᠡᠬᠡ ᠵᠡᠷᠭᠡ ᠲᠠᠯ᠎ᠠ ᠪᠡᠷ ᠤᠷᠢᠳ ᠡᠮᠦᠨ᠎ᠡ ᠪᠠᠢᠭ᠎ᠠ ᠦᠭᠡᠢ ᠪᠠᠢᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠤᠨᠤᠯ᠎ᠡᠴᠡ ᠦᠢᠯᠡᠳᠦᠯᠭᠡ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠴᠤ᠌᠂ ᠭᠣᠣᠯᠳᠠᠯᠭ᠎ᠠ᠎ᠲᠠᠶ ᠴᠡᠭ᠌ᠴᠡᠯᠡᠨ ᠵᠠᠰᠠᠬᠤ᠎ᠡᠴᠡ ᠱᠢᠰᠲ᠋ᠧᠮ᠎ᠲᠡᠶ ᠵᠠᠰᠠᠬᠤ ᠬᠦᠷᠲᠡᠯ᠎ᠡ᠂ ᠰᠠᠨᠠᠭᠠᠴᠢᠯᠠᠭᠠᠲᠤ ᠪᠤᠰᠤ ᠎ᠪᠠᠷ ᠠᠷᠭᠠᠴᠠᠭᠠᠵᠤ ᠪᠠᠢᠭ᠍ᠰᠠᠨ᠎ᠡᠴᠡ ᠰᠠᠨᠠᠭᠠᠴᠢᠯᠠᠭ᠎ᠠ ᠡᠴᠡ ᠪᠠᠨ ᠠᠵᠢᠯᠯᠠᠬᠤ ᠬᠦᠷᠲᠡᠯ᠎ᠡ᠂ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠭ᠍ᠴᠢ ᠪᠠᠢᠭᠰᠠᠨ ᠡᠴᠡ ᠲᠠᠭᠠᠭᠤᠯᠤᠬ᠍ᠴᠢ ᠪᠣᠯᠤᠭ᠍ᠰᠠᠨ ᠬᠦᠷᠲᠡᠯ᠎ᠡ᠂ ᠦᠢᠯᠡᠳᠦᠯᠭᠡ ᠵᠢᠨ ᠰᠦᠪᠡᠭ᠌ᠴᠢᠯᠡᠯᠳᠡ᠎ᠡᠴᠡ ᠱᠢᠨᠵᠢᠯᠡᠬᠦ᠌ ᠤᠬᠠᠭᠠᠨᠴᠢ ᠤᠨᠤᠯ ᠤ᠋ᠨ ᠵᠢᠯᠤᠭᠤᠳᠤᠯᠭ᠎ᠠ ᠬᠦᠷᠲᠡᠯᠡᠬᠢ ᠴᠢᠬᠤᠯᠠ ᠶᠡᠬᠡ ᠬᠤᠪᠢᠷᠠᠯᠲᠠ᠎ᠶ᠋ᠢ ᠪᠡᠶᠡᠯᠡᠭᠦᠯᠪᠡ᠃ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨ᠎ᠤ ᠢᠯᠡᠷᠬᠡᠢ ᠪᠡᠯᠭᠡ ᠲᠡᠮᠳᠡᠭ ᠪᠣᠯᠵᠠᠢ ᠭᠡᠵᠤ ᠴᠢᠬᠤᠯᠠᠴᠢᠯᠠᠪᠠ᠃

ᠵᠣᠬᠢᠶᠠᠯ᠎ᠳᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠨᠢᠭᠡᠨᠲᠡ ᠪᠣᠬᠢᠷᠲᠤᠯ ᠦᠭᠡᠢᠵᠢᠭᠦᠯᠬᠦ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠵᠢ ᠲᠦᠷᠭᠡᠳᠭᠡᠬᠦ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠮᠥᠨ ᠬᠦ᠌ ᠳᠠᠷᠤᠯᠲᠠ ᠳᠠᠪᠬᠤᠴᠠᠭ᠍ᠰᠠᠨ᠂ ᠳᠠᠷᠤᠭᠠᠰᠤ ᠵᠢ ᠲᠤᠯᠤᠨ ᠤᠷᠤᠭ᠍ᠰᠢᠯᠠᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠃ ᠱᠢᠨ᠎ᠡ ᠠᠶᠠᠨ ᠳ᠋ᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ᠎ᠳᠤ ᠬᠡᠳᠦᠨ ᠴᠢᠬᠤᠯᠠ ᠶᠡᠬᠡ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠬᠦ᠌ ᠴᠢᠬᠤᠯᠠᠲᠠᠢ᠃ ᠨᠢᠭᠡ᠎ᠳᠦ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠬᠠᠷᠢᠴᠠᠭ᠎ᠠ᠃ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠦᠨᠳᠦᠷᠴᠡ ᠡᠴᠡ ᠬᠥᠭ᠌ᠵᠢᠯᠲᠡ᠎ᠶ᠋ᠢ ᠲᠥᠯᠥᠪᠵᠢᠭᠦᠯᠵᠦ᠍᠂ ᠥᠨᠳᠥᠷ ᠲᠦᠪᠱᠢᠨ ᠪᠦᠬᠦᠢ ᠬᠠᠮᠠᠭᠠᠯᠠᠯᠳᠠ᠎ᠪᠠᠷ ᠳᠠᠮᠵᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠂ ᠱᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠤᠢ ᠪᠣᠯᠭᠠᠵᠤ᠂ ᠬᠥᠭ᠌ᠵᠢᠯᠲᠡ᠎ᠶ᠋ᠢᠨ ᠳᠠᠯᠳᠠ ᠬᠦᠴᠦᠨ ᠪᠠ ᠨᠥᠭᠡᠴᠡ ᠬᠦᠴᠦᠨ᠎ᠢ ᠦᠷᠭᠦᠯᠵᠢᠯᠡᠨ ᠴᠢᠩᠭᠠᠳᠭᠠᠬᠤ ᠬᠡᠷᠡᠭ᠌ᠲᠡᠢ᠃ ᠬᠣᠶᠠᠷ᠎ᠲᠤ᠂ ᠭᠣᠣᠯᠳᠠᠯᠭ᠎ᠠ᠎ᠲᠠᠶ ᠪᠤᠭᠤᠮᠳᠠ ᠵᠢ ᠰᠢᠪᠳᠤᠯᠬᠤ ᠪᠠ ᠬᠠᠮᠵᠢᠯᠴᠠᠨ ᠵᠠᠰᠠᠬᠤ᠎ᠶ᠋ᠢᠨ ᠬᠠᠷᠢᠴᠠᠭ᠎ᠠ᠃ ᠱᠢᠰᠲ᠋ᠧᠮᠳᠤ ᠦᠵᠡᠯᠲᠡ᠎ᠶ᠋ᠢ ᠪᠠᠷᠢᠮᠲᠠᠯᠠᠵᠤ᠂ ᠭᠤᠤᠯ ᠵᠥᠷᠢᠴᠡᠯ ᠪᠠ ᠵᠥᠷᠢᠴᠡᠯ᠎ᠦᠨ ᠭᠤᠤᠯ ᠲᠠᠯ᠎ᠠ᠎ᠶ᠋ᠢ ᠠᠳᠭᠤᠵᠤ᠂ ᠠᠮᠢ ᠠᠬᠤᠶ ᠣᠷᠴᠢᠨ ᠲᠣᠭᠣᠷᠢᠨ ᠎ᠤ ᠲᠣᠪᠣᠢᠮ᠎ᠠ ᠠᠰᠠᠭᠤᠳᠠᠯ᠎ᠳᠤ ᠬᠦᠴᠦᠲᠡᠶ ᠠᠷᠭ᠎ᠠ ᠬᠡᠮᠵᠢᠶ᠎ᠡ ᠠᠪᠬᠤ᠎ᠶ᠋ᠢᠨ ᠬᠠᠮᠲᠤ ᠬᠠᠷᠠᠯᠲᠠ᠎ᠵᠢ ᠬᠠᠮᠵᠢᠯᠴᠠᠭᠤᠯᠬᠤ᠂ ᠣᠯᠠᠨ ᠪᠣᠬᠢᠷᠲᠤᠯ ᠪᠣᠳᠠᠰ᠎ᠢ ᠡᠵᠡᠮᠳᠡᠨ ᠬᠢᠵᠠᠭᠠᠷᠯᠠᠬᠤ ᠵᠢ ᠬᠠᠮᠵᠢᠯᠴᠠᠭᠤᠯᠬᠤ᠂ ᠰᠠᠯᠠᠭ᠎ᠠ ᠮᠥᠴᠢᠷ ᠢ᠋ ᠬᠠᠮᠵᠢᠯᠴᠠᠭᠤᠯᠬᠤ᠂ ᠣᠷᠣᠨ ᠪᠦᠰᠡ ᠵᠢ ᠬᠠᠮᠵᠢᠯᠴᠠᠭᠤᠯᠬᠤ᠂ ᠲᠥᠷᠥ᠎ᠶ᠋ᠢᠨ ᠪᠣᠳᠣᠯᠭ᠎ᠠ ᠵᠢ ᠬᠠᠮᠵᠢᠯᠴᠠᠭᠤᠯᠬᠤ᠎ᠶ᠋ᠢ ᠴᠢᠩᠭᠠᠳᠭᠠᠵᠤ᠂  ᠡᠯ᠎ᠡ ᠵᠦᠶ᠋ᠯ᠎ᠦᠨ ᠠᠵᠢᠯ᠎ᠤᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ ᠎ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ᠃ ᠭᠤᠷᠪᠠ᠎ᠳᠤ᠂ ᠠᠶᠠᠨᠳᠠᠭᠠᠨ ᠰᠡᠷᠭᠦᠬᠦ᠌ ᠪᠠ ᠬᠥᠮᠦᠨ᠎ᠦ ᠬᠦᠴᠦ᠍᠎ᠪᠡᠷ ᠰᠡᠷᠭᠦᠭᠡᠬᠦ᠌᠎ᠶ᠋ᠢᠨ ᠬᠠᠷᠢᠴᠠᠭ᠎ᠠ᠃ ᠠᠶᠠᠨᠳᠠᠭᠠᠨ ᠰᠡᠷᠭᠦᠬᠦ᠌ ᠪᠠ ᠬᠥᠮᠦᠨ᠎ᠦ ᠬᠦᠴᠦ᠍᠎ᠪᠡᠷ ᠰᠡᠷᠭᠦᠭᠡᠬᠦ᠌ ᠵᠢ ᠣᠷᠭᠠᠨᠢᠭ᠎ᠢᠶᠠᠷ ᠨᠢᠭᠡᠳᠭᠡᠵᠦ᠍᠂ ᠭᠠᠵᠠᠷ ᠣᠷᠣᠨ ᠪᠠ ᠴᠠᠭ ᠲᠤᠨᠢ ᠲᠤᠬᠢᠷᠠᠭᠤᠯᠤᠨ᠂ ᠣᠷᠣᠨ ᠬᠤᠪᠢᠶᠠᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠬᠠᠮᠤᠭ᠎ᠤᠨ ᠰᠠᠢ᠌ᠨ ᠱᠢᠢᠳᠪᠦᠷᠢᠯᠡᠬᠦ᠌ ᠲᠥᠰᠦᠯ᠎ᠢ ᠴᠢᠷᠮᠠᠢᠨ ᠤᠯᠬᠤ ᠬᠡᠷᠡᠭ᠌ᠲᠡᠢ᠃ ᠳᠥᠷᠪᠡ᠎ᠳᠦ᠂ ᠭᠠᠳᠠᠭᠠᠳᠤ ᠬᠢᠵᠠᠭᠠᠷᠯᠠᠯ ᠪᠠ ᠳᠣᠲᠣᠭᠠᠳᠤ ᠬᠥᠳᠡᠯᠭᠡᠬᠦ᠌ ᠬᠦᠴᠦᠨ᠎ᠦ ᠬᠠᠷᠢᠴᠠᠭ᠎ᠠ᠃ ᠪᠦᠬᠦ᠌ ᠨᠡᠢᠭᠡᠮ᠎ᠢᠶᠡᠷ᠎ᠢᠶᠡᠨ ᠠᠮᠢ ᠠᠬᠤᠢ ᠣᠷᠴᠢᠨ ᠲᠣᠭᠣᠷᠢᠨ᠎ᠢ ᠬᠠᠮᠲᠤ᠎ᠪᠠᠷ ᠬᠠᠮᠠᠭᠠᠯᠠᠬᠤ ᠳᠣᠲᠣᠭᠠᠳᠤ ᠬᠥᠳᠡᠯᠭᠡᠬᠦ᠌ ᠬᠦᠴᠦᠨ ᠎ᠢ ᠬᠥᠭ᠌ᠵᠢᠭᠡᠵᠦ᠍᠂ ᠬᠠᠮᠤᠭ᠎ᠤᠨ ᠴᠢᠩᠭ᠎ᠠ ᠲᠦᠷᠢᠮ ᠬᠠᠮᠤᠭ ᠎ᠤᠨ ᠴᠢᠩᠭ᠎ᠠ ᠬᠠᠤᠯᠢ ᠪᠡᠷ ᠵᠠᠰᠠᠬᠤ ᠠᠵᠢᠯ ᠵᠢᠡᠷ ᠠᠮᠢ ᠠᠬᠤᠢ ᠣᠷᠴᠢᠨ ᠲᠣᠭᠣᠷᠢᠨ ᠎ᠢ ᠬᠠᠮᠠᠭᠠᠯᠠᠬᠤ᠎ᠶ᠋ᠢ ᠢᠮᠠᠭ᠍ᠲᠠ ᠪᠠᠷᠢᠮᠲᠠᠯᠠᠵᠤ᠂ ᠪᠠᠢᠩᠭᠤᠵᠢᠭ᠍ᠰᠠᠨ ᠭᠠᠳᠠᠭᠠᠳᠤ ᠳᠠᠷᠤᠯᠲᠠ᠎ᠶ᠋ᠢ ᠪᠠᠲᠤᠯᠠᠬᠤ ᠬᠡᠷᠡᠭ᠌ᠲᠡᠢ᠃ ᠲᠠᠪᠤ᠎ᠳᠤ᠂ 《ᠬᠣᠣᠰ ᠨᠡᠭᠦᠷᠡᠰᠦᠲᠥ᠋ᠷᠥᠭ᠌ᠴᠢ》 ᠶ᠋ᠢᠨ ᠠᠮᠠᠯᠠᠯᠲᠠ ᠪᠣᠯᠤᠨ ᠪᠡᠶ᠎ᠡ᠎ᠪᠡᠨ ᠳᠠᠭᠠᠭᠠᠭ᠍ᠰᠠᠨ ᠠᠵᠢᠯᠯᠠᠭ᠎ᠠ᠎ᠶ᠋ᠢᠨ ᠬᠠᠷᠢᠴᠠᠭ᠎ᠠ᠃ ᠪᠢᠳᠡᠨ᠎ᠦ ᠠᠮᠠᠯᠠᠭ᠍ᠰᠠᠨ《ᠬᠣᠣᠰ ᠨᠡᠭᠦᠷᠡᠰᠦᠲᠥ᠋ᠷᠥᠭ᠌ᠴᠢ》ᠶ᠋ᠢᠨ ᠬᠠᠷᠠᠯᠲᠠ ᠪᠣᠯ ᠱᠢᠯᠵᠢᠰᠢ ᠦᠭᠡᠢ ᠶᠤᠮ᠂ ᠭᠡᠪᠡᠴᠦ᠍ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠠᠷᠭ᠎ᠠ ᠵᠠᠮ ᠪᠠ ᠠᠷᠭ᠎ᠠ ᠮᠠᠶᠢᠭ᠂ ᠠᠢᠵᠠᠮ ᠪᠠ ᠡᠷᠴᠢᠮ ᠢ᠋ ᠪᠢᠳᠡ ᠵᠠᠪᠠᠯ ᠥᠪᠡᠷ᠎ᠢᠶᠡᠨ ᠡᠵᠡᠨ ᠮᠡᠳᠡᠬᠦ᠌ ᠶᠣᠰᠣᠲᠠᠢ ᠪᠦᠭᠡᠳ ᠦᠪᠡᠷ ᠵᠢᠡᠨ ᠡᠵᠡᠨ ᠮᠡᠳᠡᠬᠦ ᠬᠡᠷᠡᠭᠳᠠᠢ᠂ ᠶᠠᠭᠠᠬᠢᠭ᠍ᠰᠠᠨ ᠴᠤ᠌ ᠪᠤᠰᠤᠳ ᠤ᠋ᠨ ᠵᠢᠭᠠᠵᠤ ᠳᠤᠬᠢᠬᠤ ᠵᠢ ᠬᠦᠯᠢᠶᠡᠵᠤ ᠪᠤᠯᠬᠤ ᠦᠭᠡᠢ ᠭᠡᠵᠤ ᠵᠢᠭᠠᠵᠤ ᠭᠠᠷᠭᠠᠵᠠᠢ᠃

ᠵᠣᠬᠢᠶᠠᠯ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠬᠡᠨ ᠪᠠᠢᠭᠤᠯᠤᠯᠲᠠ᠎ᠪᠠᠷ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ᠃ ᠨᠢᠭᠡᠳᠦᠭᠡᠷ᠎ᠲᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠬᠦ᠌ ᠬᠡᠷᠡᠭ᠌ᠲᠡᠢ᠃ ᠤᠨᠤᠴᠠᠳᠠᠢ ᠎ᠪᠠᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠎ᠢ ᠵᠠᠰᠠᠬᠤ᠎ᠶ᠋ᠢ ᠪᠠᠷᠢᠮᠲᠠᠯᠠᠵᠤ᠂ ᠡᠷᠴᠢᠮ᠎ᠢ ᠪᠠᠲᠤᠯᠠᠨ᠂ ᠭᠦᠨᠴᠡ᠎ᠶ᠋ᠢ ᠤᠷᠲᠤᠳᠭᠠᠵᠤ᠂ ᠥᠷᠭᠡᠴᠡ ᠎ᠶ᠋ᠢ ᠲᠡᠯᠡᠨ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠭᠡᠷᠡᠭᠳᠠᠢ᠃ ᠬᠣᠶᠠᠳᠤᠭᠠᠷ᠎ᠲᠤ᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠠᠢᠰᠢ ᠬᠡᠯᠪᠡᠷᠢ᠎ᠪᠡᠨ ᠬᠤᠪᠢᠷᠠᠭᠤᠯᠬᠤ ᠵᠢ ᠲᠦᠷᠭᠡᠳᠭᠡᠨ ᠠᠬᠢᠭᠤᠯᠬᠤ ᠭᠡᠷᠡᠭᠳᠠᠢ᠃ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠪᠡᠷ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠦᠨᠳᠦᠰᠦᠨ᠎ᠡᠴᠡ᠎ᠨᠢ ᠵᠠᠰᠠᠬᠤ ᠠᠷᠭ᠎ᠠ ᠪᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠪᠣᠬᠢᠷᠲᠤᠯ ᠥᠬᠡᠶ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ ᠪᠠ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠳᠭᠡᠨ ᠪᠦᠷᠢᠯᠳᠦᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠬᠢᠷᠲᠤᠯ ᠥᠬᠡᠶ ᠳᠡᠪᠢᠰᠭᠡᠷ ᠥᠩᠭᠡ᠎ᠶ᠋ᠢ ᠵᠤᠵᠠᠭᠠᠳᠭᠠᠬᠤ ᠭᠡᠷᠡᠭᠳᠠᠢ᠃ ᠭᠤᠷᠪᠠᠳᠤᠭᠠᠷ᠎ᠲᠤ᠂ ᠠᠮᠢ ᠠᠬᠤᠢ᠎ᠶ᠋ᠢᠨ ᠱᠢᠰᠲ᠋ᠧᠮ ᠎ᠦᠨ ᠤᠯᠠᠨ ᠶᠠᠩᠵᠤᠲᠤ ᠴᠢᠨᠠᠷ᠂ ᠲᠣᠭ᠍ᠲᠠᠭᠤᠨ ᠴᠢᠨᠠᠷ᠂ ᠦᠷᠭᠦᠯᠵᠢᠯᠡᠬᠦ᠌ ᠴᠢᠨᠠᠷ᠎ᠢ ᠬᠦᠴᠦᠯᠡᠨ ᠳᠡᠭᠡᠭ᠌ᠰᠢᠯᠡᠭᠦᠯᠬᠦ ᠭᠡᠷᠡᠭᠳᠠᠢ᠃ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ ᠪᠠ ᠬᠥᠮᠦᠨ ᠲᠥᠷᠥᠯᠬᠢᠲᠡᠨ᠎ᠦ ᠪᠣᠯᠪᠠᠰᠤᠨ᠎ᠳᠤ ᠬᠠᠷᠢᠭᠤᠴᠠᠬᠤ ᠦᠨᠳᠦᠷᠴᠡ ᠡᠴᠡ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠴᠢᠩᠭᠠᠳᠭᠠᠵᠤ᠂ ᠦᠷ᠎ᠡ ᠬᠣᠢᠴᠢᠰ᠎ᠲᠠᠭᠠᠨ ᠦᠵᠡᠰᠭᠦᠯᠡᠩᠲᠦ ᠰᠠᠢᠬᠠᠨ ᠠᠭᠤᠯᠠ ᠤᠰᠤ᠎ᠲᠠᠶ ᠠᠮᠢ ᠠᠬᠤᠢ᠎ᠶ᠋ᠢᠨ ᠣᠷᠣᠨ ᠵᠠᠢ ᠦᠯᠡᠳᠡᠭᠡᠵᠦ᠍ ᠥᠭ᠌ᠭᠦ ᠭᠡᠷᠡᠭᠳᠠᠢ᠃ ᠳᠥᠷᠪᠡᠳᠦᠭᠡᠷ᠎ᠲᠦ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠬᠢᠭᠤᠯᠬᠤ ᠭᠡᠷᠡᠭᠳᠠᠢ᠃ ᠪᠦᠬᠦ᠌ ᠤᠯᠤᠰ᠎ᠢᠶᠠᠷ᠎ᠢᠶᠠᠨ ᠨᠢᠭᠡᠳᠦᠯᠲᠡᠢ ᠲᠥᠯᠥᠪᠵᠢᠭᠦᠯᠬᠦ᠌᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠦ ᠲᠠᠯᠪᠢᠬᠤ᠂ ᠬᠣᠣᠰ ᠬᠦᠷᠳᠦ᠍᠎ᠪᠡᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ᠎ᠶ᠋ᠢ ᠰᠠᠭᠠᠳ ᠦᠭᠡᠢ ᠨᠡᠪᠲᠡᠷᠡᠭᠦᠯᠬᠦ᠌᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠵᠠᠷᠴᠢᠮ ᠎ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ᠎ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳ᠋ᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ《1 + N》ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠰᠠᠢᠲᠤᠷ ᠨᠠᠢᠳᠠᠪᠤᠷᠢᠵᠢᠭᠤᠯᠬᠤ ᠭᠡᠷᠡᠭᠳᠠᠢ᠃ ᠲᠠᠪᠤᠳᠤᠭᠠᠷ᠎ᠲᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ ᠎ᠢ ᠪᠠᠲᠤ ᠰᠠᠬᠢᠬᠤ ᠭᠡᠷᠡᠭᠳᠠᠢ᠃ ᠤᠯᠤᠰ ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠲᠤᠭᠤᠱᠢᠯᠠᠭᠤᠯᠵᠤ᠂ ᠡᠯ᠎ᠡ ᠵᠦᠢᠯ ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠳᠡᠪᠬᠢᠲᠡᠢ ᠪᠥᠭᠡᠳ ᠪᠦᠲᠦᠮᠵᠢᠲᠡᠢ ᠠᠷᠭᠠᠴᠠᠭᠠᠵᠤ᠂ ᠪᠢᠳᠡᠨ᠎ᠦ ᠣᠷᠣᠱᠢᠨ ᠲᠣᠭ᠍ᠲᠠᠨᠢᠵᠤ ᠬᠥᠭ᠌ᠵᠢᠬᠦ᠌ ᠪᠠᠢᠭᠠᠯᠢ᠎ᠶ᠋ᠢᠨ ᠣᠷᠴᠢᠨ ᠲᠤᠭᠤᠷᠢᠨ ᠪᠠ ᠨᠥᠬᠥᠴᠡᠯ᠎ᠦᠨ ᠰᠦᠷᠳᠡᠭᠦᠯᠦᠯ ᠪᠠ ᠡᠪᠳᠡᠯᠡᠭᠡ᠎ᠳᠦ ᠤᠴᠠᠷᠠᠬᠤ ᠦᠭᠡᠢ ᠪᠠᠢᠬᠤ᠎ᠶ᠋ᠢ ᠪᠠᠲᠤᠯᠠᠬᠤ ᠭᠡᠷᠡᠭᠳᠠᠢ᠃ ᠵᠢᠷᠭᠤᠳᠤᠭᠠᠷ᠎ᠲᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠬᠦ ᠭᠡᠷᠡᠭᠳᠠᠢ᠃ ᠡᠯ᠎ᠡ ᠬᠦᠷᠢᠶᠡᠨ ᠳ᠋ᠡᠬᠢ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍᠂ ᠡᠯ᠎ᠡ ᠲᠠᠯ᠎ᠠ᠎ᠶ᠋ᠢᠨ ᠬᠦᠴᠦᠨ ᠎ᠢ ᠨᠢᠭ᠍ᠲᠠᠷᠠᠭᠤᠯᠵᠤ᠂ ᠬᠠᠤᠯᠢ ᠪᠡᠷ ᠵᠠᠰᠠᠬᠤ᠂ ᠵᠠᠬ᠎ᠠ ᠳᠡᠯᠭᠡᠭᠦᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠲᠦᠷᠦ᠍᠎ᠶ᠋ᠢᠨ ᠪᠤᠳᠤᠯᠭ᠎ᠠ᠎ᠶ᠋ᠢᠨ《ᠬᠠᠮ ᠠᠷᠭ᠎ᠠ ᠬᠡᠮᠵᠢᠶ᠎ᠡ》 ᠵᠢ ᠰᠠᠢᠲᠤᠷ ᠬᠡᠷᠡᠭ᠌ᠵᠢᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠎ᠤᠨ ᠪᠦᠳᠦᠭᠡᠨ ᠪᠠᠢᠭᠤᠯᠤᠯᠲᠠ᠎ᠳᠤ ᠰᠠᠭᠤᠷᠢ ᠲᠤᠯᠭᠠᠭᠤᠷᠢᠯᠠᠯ ᠪᠠ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃

ᠵᠣᠬᠢᠶᠠᠯ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠴᠢᠬᠤᠯᠠ ᠬᠠᠷᠠᠯᠲᠠ ᠮᠥᠨ᠂ ᠡᠷᠬᠡᠪᠰᠢ ᠨᠠᠮ ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ ᠵᠢᠡᠨ ᠲᠠᠰᠤᠷᠠᠯᠲᠠ ᠥᠬᠡᠶ ᠴᠢᠩᠭᠠᠳᠭᠠᠵᠤ᠂ ᠨᠠᠮ ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠎ᠶ᠋ᠢ ᠲᠡᠷᠡ ᠶᠣᠰᠣᠭᠠᠷ ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠲᠥᠪ ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号