ᠪᠥᠬᠥ᠌ ᠣᠷᠣᠨ ᠎ᠤ ᠦᠶᠡᠷ ᠎ᠢ ᠰᠡᠷᠭᠡᠢᠯᠡᠬᠦ᠌ ᠠᠵᠢᠯ᠎ᠤᠨ ᠸᠢᠳᠢᠤ᠋ ᠲᠣᠬᠢᠷᠠᠭᠤᠯᠤᠯᠲᠠ ᠵᠢᠨ᠎ᠬᠤᠷᠠᠯ ᠬᠤᠷᠠᠯᠳᠤᠪᠠ
2025-08-01 10:03:14
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆


ᠸᠠᠩ ᠯᠢ ᠱᠢᠶᠠ ᠶᠠᠷᠢᠶ᠎ᠠ ᠲᠠᠯᠪᠢᠵᠡᠢ


ᠲᠦᠷᠦᠭᠦᠬᠡᠨ᠂ ᠸᠠᠩ ᠯᠢ ᠱᠢᠶᠠ ᠪᠦᠬᠦ᠌ ᠣᠷᠣᠨ᠎ᠤ ᠦᠶᠡᠷ᠎ᠢ ᠰᠡᠷᠭᠡᠢᠯᠡᠬᠦ᠌ ᠠᠵᠢᠯ᠎ᠤᠨ ᠸᠢᠳᠢᠣ᠋ ᠲᠤᠬᠢᠷᠠᠭᠤᠯᠤᠯᠲᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ᠎ᠶ᠋ᠢ ᠤᠯᠠᠮᠵᠢᠯᠠᠨ ᠲᠤᠭᠤᠱᠢᠯᠠᠭᠤᠯᠵᠤ᠂ ᠠᠢᠮᠠᠭ ᠬᠤᠲᠠ ᠳᠠᠷᠠᠭᠠᠯᠠᠨ ᠠᠶᠤᠯ ᠲᠦᠭ᠌ᠰᠢᠭᠦᠷᠢ ᠭᠡᠮ ᠰᠣᠭᠣᠭ᠎ᠢ ᠨᠢ ᠵᠢᠭᠠᠨ ᠭᠠᠷᠭᠠᠵᠤ᠂ ᠣᠳᠣᠬᠠᠨ ᠎ᠤ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠢ ᠪᠠᠢᠷᠢᠯᠠᠭᠤᠯᠪᠠ᠃

ᠬᠤᠷᠠᠯ᠎ᠡᠴᠡ᠂ ᠣᠳᠣᠬᠠᠨ᠎ᠳᠤ ᠶᠠᠭ 《ᠲᠤᠯᠤᠭᠠᠨ ᠰᠠᠷ᠎ᠠ᠎ᠶ᠋ᠢᠨ ᠰᠡᠭᠦᠯᠴᠢ ᠨᠠᠶ᠋ᠮᠠᠨ ᠰᠠᠷ᠎ᠠ᠎ᠶ᠋ᠢᠨ ᠡᠬᠢᠨ》 ᠤ᠋ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠣᠷᠢᠭ᠎ᠠ ᠱᠤᠭᠤᠮ᠎ᠤᠨ ᠰᠡᠳᠭᠢᠬᠦᠶ᠂ ᠲᠤᠢᠯᠱᠢᠷᠠᠯ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠵᠠᠷᠯᠠᠨ ᠨᠡᠢᠲᠡᠯᠡᠭ᠌ᠰᠡᠨ ᠠᠶᠤᠯ ᠲᠦᠭ᠌ᠰᠢᠭᠦᠷᠢ ᠬᠡᠮ ᠰᠣᠭᠣᠭ᠎ᠤᠨ ᠲᠤᠬᠠᠶ 《ᠨᠢᠭᠡ ᠴᠡᠭ᠎ᠲᠦ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ》᠂ ᠲᠤᠰᠭᠠᠶ ᠬᠥᠮᠦᠨ᠎ᠢᠶᠡᠷ ᠬᠠᠷᠢᠭᠤᠴᠠᠭᠤᠯᠵᠤ᠂ ᠣᠷᠣᠱᠢᠵᠤ ᠪᠠᠢᠭ᠎ᠠ ᠠᠰᠠᠭᠤᠳᠠᠯ᠎ᠢ ᠭᠦᠶ᠋ᠴᠡᠳ ᠵᠢᠱ᠌ᠢᠵᠦ᠍᠂ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠨᠠᠩ ᠪᠦᠷᠢᠨ ᠭᠦᠶ᠋ᠴᠡᠳ ᠲᠣᠬᠢᠷᠠᠭᠤᠯᠵᠤ᠂ 《 ᠴᠠᠭ ᠢᠮᠠᠭ᠍ᠲᠠ ᠰᠡᠨᠠᠭ᠎ᠠ ᠠᠮᠤᠷ ᠦᠭᠡᠢ ᠪᠠᠢᠬᠤ 》 ᠬᠠᠷᠢᠭᠤᠴᠠᠯᠭᠠᠲᠤ ᠰᠡᠳᠭᠢᠯᠭᠡ᠎ᠪᠡᠷ ᠬᠦᠴᠦᠨ᠎ᠢᠶᠡᠨ ᠲᠥᠪᠯᠡᠷᠡᠭᠦᠯᠦᠨ ᠦᠶᠡᠷ᠎ᠢ ᠰᠡᠷᠭᠡᠢᠯᠡᠬᠦ᠌ ᠠᠵᠢᠯ᠎ᠢ ᠰᠠᠢᠲᠤᠷ ᠠᠳᠭᠤᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ᠂ ᠪᠠᠭᠤᠷᠠᠢ ᠭᠣᠭ᠍ᠴᠣᠭ᠎ᠠ ᠪᠣᠯᠤᠨ ᠭᠣᠣᠯᠳᠠᠯᠭ᠎ᠠ᠎ᠲᠠᠶ ᠴᠡᠭ᠎ᠢ ᠴᠢᠩᠭ᠎ᠠ ᠠᠩᠬᠠᠷᠴᠤ᠌᠂ ᠪᠦᠬᠦ᠌ ᠣᠷᠣᠨ᠎ᠤ ᠡᠯ᠎ᠡ ᠲᠦᠷᠦᠯ᠎ᠦᠨ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠂ ᠴᠢᠮᠡᠭᠡ ᠬᠣᠯᠪᠣᠭᠠᠨ᠎ᠤ ᠲᠥᠬᠥᠭᠡᠷᠦᠮᠵᠢ᠂ ᠴᠠᠬᠢᠯᠭᠠᠨ ᠬᠦᠴᠦᠨ ᠎ᠦ ᠪᠠᠲᠤᠯᠠᠭ᠎ᠠ᠂ ᠵᠠᠮ ᠬᠥᠭᠥᠷᠭᠡ᠎ᠶ᠋ᠢᠨ ᠭᠤᠯᠳᠤᠩ ᠨᠦᠬᠡ᠂ ᠭᠠᠵᠠᠷ ᠳᠣᠣᠷᠠᠬᠢ ᠬᠣᠭᠣᠯᠠᠢ ᠬᠤᠩᠬᠢᠯ ᠵᠡᠷᠭᠡ ᠴᠢᠬᠤᠯᠠ ᠰᠠᠭᠤᠷᠢ ᠲᠥᠬᠥᠭᠡᠷᠦᠮᠵᠢ᠎ᠶ᠋ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠠᠮᠤᠷ ᠲᠦᠪᠰᠢᠨ ᠤ᠋ ᠱᠤᠭᠤᠮ ᠡᠴᠡ ᠬᠡᠲᠦᠷᠡᠭ᠌ᠰᠡᠨ ᠭᠣᠣᠯ ᠮᠥᠷᠡᠨ᠂ ᠤᠰᠤᠨ ᠴᠥᠭᠥᠷᠥᠮ᠎ᠳᠤ 《ᠨᠢᠭᠡ ᠭᠣᠣᠯ ᠮᠦᠷᠡᠨ᠎ᠳᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ》᠂《ᠨᠢᠭᠡ ᠤᠰᠤᠨ ᠴᠦᠬᠦᠷᠦᠮ᠎ᠳᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ》ᠠᠮᠤᠷ ᠲᠦᠪᠱᠢᠨ᠎ᠦ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠠᠭᠤᠯᠠᠨ ᠦᠶᠡᠷ᠎ᠢ ᠰᠡᠷᠭᠡᠢᠯᠡᠬᠦ᠌᠂ ᠬᠤᠳᠠ᠎ᠶ᠋ᠢᠨ ᠤᠰᠤᠲᠤᠯ᠎ᠢ ᠵᠠᠰᠠᠬᠤ᠂ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠤᠨ ᠬᠠᠮᠢᠶᠠᠷᠤᠯᠲᠠ᠎ᠶ᠋ᠢ ᠰᠠᠢᠲᠤᠷ ᠠᠳᠭᠤᠵᠤ᠂ ᠠᠶᠤᠯ ᠲᠦᠭ᠌ᠰᠢᠭᠦᠷᠢ ᠡᠭᠦᠰᠪᠡᠯ᠂ ᠡᠷᠡᠰ ᠱᠢᠭᠤᠷᠬᠠᠢ᠎ᠪᠠᠷ ᠱᠢᠢᠳᠪᠦᠷᠢᠯᠡᠵᠦ᠍᠂ ᠲᠦᠷᠭᠡᠨ ᠱᠢᠯᠵᠢᠭᠦᠯᠵᠦ᠍᠂ ᠠᠷᠠᠳ ᠤᠯᠠᠨ ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦ᠍᠎ᠪᠡᠷ᠎ᠢᠶᠡᠨ ᠪᠠᠲᠤᠯᠠᠬᠤ ᠬᠡᠷᠡᠭ᠌ᠲᠡᠢ᠃ ᠭᠠᠮᠱᠢᠭ᠍ᠳᠠᠭ᠍ᠰᠠᠨ ᠤᠯᠠᠨ ᠲᠦᠮᠡᠨ᠎ᠢ ᠲᠣᠬᠢᠲᠠᠢ ᠲᠥᠪᠬᠢᠨᠡᠭᠦᠯᠵᠦ᠍᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠡᠪᠡᠳᠴᠢᠨ ᠦᠵᠡᠭᠦᠯᠬᠦ᠌ ᠵᠡᠷᠭᠡ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠰᠠᠢᠲᠤᠷ ᠪᠠᠲᠤᠯᠠᠵᠤ᠂ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠤᠯᠲᠠ ᠪᠠ ᠦᠢᠯᠡᠳᠪᠦᠷᠢᠯᠡᠯ᠎ᠢᠶᠡᠷ ᠥᠪᠡᠷ᠎ᠢ᠎ᠪᠡᠨ ᠠᠪᠤᠷᠠᠬᠤ ᠠᠵᠢᠯ᠎ᠢ ᠴᠠᠭ ᠲᠤᠬᠠᠢ᠎ᠳᠤᠨᠢ ᠵᠣᠬᠢᠶᠠᠨ ᠪᠠᠢᠭᠤᠯᠵᠤ ᠥᠷᠨᠢᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ ᠎ᠤ ᠦᠶᠡᠷ ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠭᠤ ᠭᠠᠵᠠᠷ᠎ᠨᠢ ᠬᠦᠨᠳᠦ ᠶᠡᠬᠡ ᠦᠶᠡᠷ᠎ᠦᠨ ᠪᠠᠢᠳᠠᠯ᠂ ᠣᠷᠣᠨ ᠪᠦᠰᠡ ᠠᠯᠤᠰᠯᠠᠭ᠍ᠰᠠᠨ ᠬᠦᠨᠳᠦ ᠶᠡᠬᠡ ᠠᠶᠤᠯ᠎ᠡᠴᠡ ᠠᠪᠤᠷᠬᠠᠸ᠋ ᠠᠵᠢᠯ᠎ᠳᠠᠬᠢ ᠵᠢᠯᠣᠭᠣᠳᠣᠯᠭ᠎ᠠ᠎ᠪᠠᠨ ᠴᠢᠩᠭᠠᠳᠭᠠᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ ᠪᠦᠷᠢᠯᠳᠦᠬᠦᠨ ᠨᠢᠭᠡᠴᠢ ᠵᠣᠬᠢᠴᠠᠭᠤᠯᠤᠨ ᠬᠠᠮᠵᠢᠯᠴᠠᠵᠤ᠂ ᠡᠯ᠎ᠡ ᠠᠢᠮᠠᠭ ᠬᠣᠲᠠ᠎ᠶ᠋ᠢᠨ ᠵᠢᠯᠣᠭᠣᠳᠭᠤ ᠳᠠᠷᠤᠭ᠎ᠠ᠎ᠨᠢ ᠪᠡᠶ᠎ᠡ᠎ᠪᠡᠷ᠎ᠢᠶᠡᠨ ᠴᠢᠷᠮᠠᠢᠨ ᠣᠷᠣᠯᠴᠠᠵᠤ᠂ ᠬᠤᠪᠢᠳᠠᠨ ᠬᠠᠮᠢᠶᠠᠷᠴᠤ᠌ ᠪᠥᠬᠥᠶ ᠨᠥᠬᠥᠳ᠎ᠨᠢ ᠰᠠᠨᠠᠭᠠᠴᠢᠯᠠᠭ᠎ᠠ᠎ᠡᠴᠡ᠎ᠪᠠᠨ ᠬᠥᠳᠡᠯᠦᠯᠴᠡᠵᠦ᠍᠂ ᠳᠡᠭᠡᠷ᠎ᠠ ᠳᠤᠤᠷ᠎ᠠ ᠱᠠᠲᠤ ᠪᠡᠷ ᠵᠢᠡᠨ ᠰᠡᠳᠭᠢᠯ ᠨᠢᠭᠡᠳᠦᠨ ᠦᠶᠡᠷ᠎ᠢ ᠰᠡᠷᠭᠡᠢᠯᠡᠬᠦ᠌ ᠠᠮᠤᠷ ᠲᠦᠪᠱᠢᠨ᠎ᠦ ᠱᠤᠭᠤᠮ᠎ᠢ ᠪᠠᠲᠤ ᠴᠣᠭ᠍ᠴᠠᠯᠠᠬᠤ ᠬᠡᠷᠡᠭ᠌ᠲᠡᠶ᠃ ᠤᠢ᠍ᠢᠷ᠎ᠠ᠎ᠶ᠋ᠢᠨ ᠬᠤᠭᠤᠴᠠᠭᠠᠨ᠎ᠤ ᠠᠶᠤᠯᠭᠦᠢ ᠦᠢᠯᠡᠳᠪᠦᠷᠢᠯᠡᠯ᠎ᠦᠨ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠠᠶᠤᠯ ᠲᠦᠭ᠌ᠰᠢᠭᠦᠷᠢ ᠭᠡᠮ ᠰᠣᠭᠣᠭ᠎ᠢ ᠪᠦᠬᠦ᠌ ᠲᠠᠯ᠎ᠠ᠎ᠪᠠᠷ ᠲᠤᠢᠯᠪᠤᠷᠢᠲᠠᠢ ᠵᠢᠭᠰᠠᠭᠠᠨ ᠪᠠᠢᠴᠠᠭᠠᠵᠤ᠂ ᠢᠯᠡᠷᠡᠭᠦᠯᠦᠭ᠌ᠰᠡᠨ ᠠᠰᠠᠭᠤᠳᠠᠯ᠎ᠢ ᠨᠢᠭᠡᠳ ᠨᠢᠭᠡ᠎ᠪᠡᠷ ᠴᠡᠭ᠌ᠴᠡᠯᠡᠨ ᠰᠠᠢᠵᠢᠷᠠᠭᠤᠯᠵᠤ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ ᠡᠯ᠎ᠡ ᠵᠦᠢᠯ᠎ᠦᠨ ᠠᠵᠢᠯ ᠎ᠢ ᠥᠴᠦᠬᠡᠨ ᠴᠦ᠍ ᠰᠤᠯᠠᠷᠠᠭᠤᠯᠤᠯ ᠦᠭᠡᠢ ᠪᠣᠳᠠᠲᠠᠢ ᠠᠳᠭᠤᠬᠤ ᠬᠡᠷᠡᠭ᠌ᠲᠡᠢ ᠭᠡᠵᠦ ᠱᠠᠭᠠᠷᠳᠠᠪᠠ᠃

ᠬᠤᠸᠠᠩ ᡁᠢ ᠴᠢᠶᠠᠩ᠂ ᠳᠠᠢᠴᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号