ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ ᠎ᠳᠤ ᠰᠠᠭᠤᠭ᠎ᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠎ᠢ ᠲᠣᠬᠣᠨᠢᠭᠤᠯᠪᠠ
2025-08-01 10:16:25
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

《8·1》 ᠤ᠋ ᠴᠡᠷᠢᠭ ᠪᠠᠢᠭᠤᠯᠤᠭ᠍ᠳᠠᠭ᠍ᠰᠠᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ 7 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠸᠠᠩ ᠯᠢ ᠱᠢᠶᠠ ᠵᠡᠪᠰᠡᠭ᠌ᠲᠦ ᠴᠠᠭ᠍ᠳᠠᠭ᠎ᠠ᠎ᠶ᠋ᠢᠨ ᠱᠢᠯᠢ᠎ᠶ᠋ᠢᠨ ᠭᠣᠣᠯ᠎ᠤᠨ ᠰᠠᠯᠪᠤᠷᠢ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠎ᠢ ᠡᠷᠬᠢᠨ ᠦᠵᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ ᠎ᠤᠨ ᠣᠷᠳᠣᠨ ᠎ᠤ ᠡᠮᠦᠨ᠎ᠡ᠎ᠡᠴᠡ ᠳᠡᠳᠡᠨ᠎ᠢ ᠴᠢᠩ ᠰᠡᠳᠭᠢᠯ᠎ᠡᠴᠡ᠎ᠪᠡᠨ ᠲᠣᠬᠣᠨᠢᠭᠤᠯᠵᠤ ᠪᠠᠢᠬᠤ᠎ᠪᠠᠨ ᠢᠯᠡᠳᠭᠡᠪᠡ᠃

ᠸᠠᠩ ᠯᠢ ᠱᠢᠶᠠ ᠰᠠᠯᠪᠤᠷᠢ ᠠᠩᠬᠢ᠎ᠶ᠋ᠢᠨ ᠰᠡᠯᠪᠢᠨ ᠵᠠᠰᠠᠬᠤ ᠠᠩᠬᠢ ᠪᠣᠯᠤᠨ ᠪᠠᠢᠷᠢ᠎ᠶ᠋ᠢᠨ ᠭᠡᠷ᠎ᠲᠦ ᠬᠦᠷᠴᠤ᠂ ᠪᠠᠢᠯᠳᠤᠭ᠍ᠴᠢᠳ ᠎ᠲᠠᠶ ᠳᠣᠲᠣᠨᠣ᠎ᠪᠠᠷ ᠶᠠᠷᠢᠯᠴᠠᠵᠤ᠂ ᠴᠡᠷᠢᠭ ᠠᠩᠬᠢ᠎ᠶ᠋ᠢᠨ ᠪᠣᠯᠪᠠᠰᠤᠷᠠᠯ᠂ ᠠᠵᠢᠯ᠂ ᠠᠮᠢᠳᠤᠷᠠᠯ ᠵᠡᠷᠭᠡ ᠪᠠᠢᠳᠠᠯ ᠎ᠢ  ᠣᠢᠯᠠᠭᠠᠵᠤ᠂ ᠳᠠᠷᠤᠭ᠎ᠠ ᠪᠠᠢᠯᠳᠤᠭ᠍ᠴᠢᠳ᠎ᠤᠨ ᠢᠳᠡᠵᠦ᠍ ᠤᠤᠭᠤᠬᠤ ᠬᠣᠨᠣᠵᠤ ᠬᠡᠪᠲᠡᠬᠦ᠌ ᠎ᠳᠦ ᠳᠠᠳᠴᠤ᠌ ᠪᠠᠢᠬᠤ ᠡᠰᠡᠬᠦ᠌᠂ ᠠᠭᠤᠷ ᠠᠮᠢᠰᠭᠤᠯ᠎ᠳᠤ ᠵᠣᠬᠢᠴᠠᠵᠤ ᠪᠠᠢᠬᠤ ᠡᠰᠡᠬᠦ᠌᠎ᠶ᠋ᠢ ᠬᠠᠯᠠᠮᠵᠢᠯᠠᠨ ᠠᠰᠠᠭᠤᠵᠤ᠂ ᠲᠤᠬᠠᠢ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠢ ᠴᠡᠷᠢᠭ ᠠᠩᠬᠢ᠎ᠶ᠋ᠢᠨ ᠬᠦᠴᠢᠷ ᠠᠰᠠᠭᠤᠳᠠᠯ ᠢ᠋ ᠬᠦᠴᠦᠯᠡᠨ ᠱᠢᠢᠳᠪᠦᠷᠢᠯᠡᠵᠦ᠍᠂ ᠴᠡᠷᠢᠭ ᠢ᠋ ᠬᠦᠷᠢᠶᠡᠯᠡᠨ ᠭᠡᠷ ᠪᠦᠯᠢ᠎ᠶ᠋ᠢ ᠨᠢ ᠬᠠᠷᠠᠭᠠᠯᠵᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ᠍ ᠵᠠᠬᠢᠪᠠ᠃ ᠲᠡᠷᠡ ᠰᠠᠯᠪᠤᠷᠢ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠢᠷᠠᠭᠤ ᠠᠯᠳᠠᠷᠲᠤ ᠤᠯᠠᠮᠵᠢᠯᠠᠯ ᠪᠣᠯᠤᠨ ᠱᠢᠯᠢᠳᠡᠭ ᠰᠤᠷᠲᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠲᠡᠶ ᠪᠤᠳᠤᠯ ᠰᠡᠳᠬᠢᠯ᠎ᠢᠶᠠᠨ ᠨᠢᠭᠡᠳᠭᠡᠨ᠂ ᠬᠦᠴᠦ᠍ᠨ ᠴᠢᠳᠠᠯ ᠵᠢᠡᠨ ᠬᠠᠮᠲᠤᠳᠭᠠᠵᠤ᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ ᠎ᠦᠨ 《ᠬᠠᠮᠠᠭᠠᠯᠠᠯᠳᠠ ᠵᠢᠨ ᠭᠤᠤᠯ》 ᠢ᠋ ᠰᠠᠢᠲᠤᠷ ᠰᠠᠬᠢᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ᠎ᠶ᠋ᠢ ᠪᠠᠲᠤ ᠴᠣᠭ᠍ᠴᠠᠯᠠᠰᠤᠭᠠᠢ ᠭᠡᠵᠦ᠍ ᠵᠣᠷᠢᠭ᠍ᠵᠢᠭᠤᠯᠪᠠ᠃

ᠸᠠᠩ ᠯᠢ ᠱᠢᠶᠠ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠥᠭᠡᠷᠡᠴᠢᠯᠡᠯᠲᠡ ᠪᠦᠳᠦᠭᠡᠨ ᠪᠠᠢᠭᠤᠯᠤᠯᠲᠠ᠎ᠶ᠋ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠪᠦᠬᠦ᠌ ᠬᠦᠴᠦᠨ᠎ᠢᠶᠡᠷ᠎ᠢᠶᠡᠨ ᠳᠡᠮᠵᠢᠵᠦ᠍᠂ ᠬᠠᠷᠢᠭᠤᠴᠠᠯᠭ᠎ᠠ ᠡᠭᠦᠷᠭᠡᠯᠡᠵᠦ᠍᠂ ᠬᠠᠢᠷ᠎ᠠ ᠰᠡᠳᠭᠢᠯᠭᠡ᠎ᠲᠡᠶ᠎ᠪᠡᠷ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠲᠤ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ ᠨᠢ ᠱᠢᠢᠳᠪᠦᠷᠢᠯᠡᠨ ᠥᠭ᠌ᠴᠦ᠂ ᠪᠦᠬᠦ᠌ ᠬᠦᠴᠦ᠍᠎ᠪᠡᠷ᠎ᠢᠶᠡᠨ ᠥᠷᠭᠡᠨ ᠤᠯᠠᠨ ᠳᠠᠷᠤᠭ᠎ᠠ ᠪᠠᠢᠯᠳᠤᠭ᠍ᠴᠢᠳ᠎ᠤᠨ ᠬᠣᠢᠱᠢᠳᠠ᠎ᠶ᠋ᠢᠨ ᠵᠣᠪᠠᠨᠢᠯ ᠎ᠢ   ᠨᠢ ᠠᠷᠢᠯᠭᠠᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠲᠠᠶ ᠬᠠᠮᠲᠤ᠎ᠪᠠᠷ ᠴᠡᠷᠢᠭ ᠵᠠᠰᠠᠭ ᠴᠡᠷᠢᠭ ᠠᠷᠠᠳ ᠎ᠤᠨ ᠪᠦᠯᠬᠦᠮᠳᠡᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号