ᠯᠢ ᠴᠢᠶᠠᠩ ᠪᠣᠯᠤᠨ ᠨᠸᠫᠠᠯ᠎ᠤᠨ ᠶᠡᠷᠦᠩᠬᠡᠢ ᠰᠠᠢᠳ ᠤᠤᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ
8 ᠰᠠᠷ᠎ᠠ᠎ᠶ᠋ᠢᠨ 1 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠨᠸᠫᠠᠯ᠎ᠤᠨ ᠶᠡᠷᠦᠩᠬᠡᠢᠯᠡᠭ᠌ᠴᠢ ᠪᠤᠤᠳ᠋ᠸᠷ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠨᠸᠫᠠᠯ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠣᠶ᠎ᠶ᠋ᠢ ᠪᠡᠯᠭᠡᠯᠡᠪᠡ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠨᠸᠫᠠᠯ ᠠᠭᠤᠯᠠ ᠤᠰᠤ᠎ᠪᠠᠷ᠎ᠢᠶᠠᠨ ᠵᠠᠯᠭᠠᠯᠳᠤᠵᠤ᠂ ᠥᠨᠢ ᠤᠳᠠᠭᠠᠨ ᠨᠥᠬᠥᠷᠰᠡᠭ ᠶᠠᠪᠤᠯᠴᠠᠭ᠎ᠠ᠎ᠲᠠᠶ ᠶᠤᠮ᠃ ᠳᠤᠮᠳᠠᠳᠤ ᠨᠸᠫᠠᠯ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠲᠤᠷᠰᠢ᠂ ᠳᠡᠯᠡᠬᠡᠢ᠎ᠶ᠋ᠢᠨ ᠪᠠ ᠭᠠᠵᠠᠷ ᠣᠷᠣᠨ᠎ᠤ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠬᠣᠶᠠᠷ ᠤᠯᠤᠰ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠡᠷ ᠬᠠᠨᠳᠤᠵᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠬᠢᠵᠦ᠍᠂ ᠠᠳᠠᠯᠢ ᠪᠤᠰᠤ ᠨᠡᠢᠭᠡᠮ᠎ᠦᠨ ᠪᠠᠢᠭᠤᠯᠤᠯ ᠪᠠ ᠶᠡᠬᠡ ᠪᠠᠭ᠎ᠠ ᠤᠯᠤᠰ᠎ᠤᠨ ᠬᠣᠭᠣᠷᠣᠨᠳᠣᠬᠢ ᠨᠥᠬᠥᠷᠰᠡᠭ ᠶᠠᠪᠤᠯᠴᠠᠭᠠᠨ᠎ᠤ ᠬᠡᠪ ᠳᠠᠭᠤᠷᠢᠶᠠᠯ᠎ᠢ ᠪᠤᠢ ᠪᠣᠯᠭᠠᠪᠠ᠃ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠨᠸᠫᠠᠯ᠎ᠤᠨ ᠬᠠᠷᠢᠯᠴᠠᠭ᠎ᠠ ᠡᠷᠡᠭᠦᠯ ᠪᠦᠬᠡᠳ ᠲᠣᠭ᠍ᠲᠠᠭᠤᠨ᠎ᠢᠶᠠᠷ ᠬᠥᠭ᠌ᠵᠢᠵᠦ᠍᠂ ᠤᠯᠤᠰ ᠲᠦᠷᠦ᠍᠎ᠶ᠋ᠢᠨ ᠢᠲᠡᠭᠡᠯᠴᠡᠭᠡ ᠦᠷᠭᠦᠯᠵᠢᠯᠡᠨ ᠴᠢᠩᠭᠠᠷᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ ᠵᠢᠴᠢ ᠡᠯ᠎ᠡ ᠬᠦᠷᠢᠶᠡᠨ ᠳ᠋ᠡᠬᠢ ᠬᠠᠮᠲᠤᠷᠠᠯᠴᠠᠭ᠎ᠠ ᠡᠳᠦᠷ ᠢᠷᠡᠬᠦᠶ᠎ᠡ ᠥᠷᠭᠡᠵᠢᠵᠦ᠍᠂ ᠳᠤᠮᠳᠠᠳᠤ ᠨᠸᠫᠠᠯ᠎ᠤᠨ ᠬᠥᠭ᠌ᠵᠢᠯᠲᠡ ᠪᠠ ᠴᠡᠴᠡᠭ᠌ᠯᠡᠯ᠎ᠳᠦ ᠬᠠᠨᠳᠤᠭᠤᠯᠤᠭ᠍ᠰᠠᠨ ᠦᠶ᠎ᠡ ᠦᠶ᠎ᠡ᠎ᠶ᠋ᠢᠨ ᠨᠥᠬᠥᠷᠰᠡᠭ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠲᠠᠰᠤᠷᠠᠯᠳᠠ ᠦᠭᠡᠢ ᠭᠦᠨᠵᠡᠭᠡᠢᠷᠡᠵᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠪᠢ ᠳᠤᠮᠳᠠᠳᠤ ᠨᠸᠫᠠᠯ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠲᠠᠨ᠎ᠲᠠᠶ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠪᠠᠳᠠᠷᠠᠭᠤᠯᠵᠤ᠂ ᠡᠯ᠎ᠡ ᠬᠦᠷᠢᠶᠡᠨ ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠨᠸᠫᠠᠯ᠎ᠤᠨ ᠬᠠᠷᠢᠯᠴᠠᠭ᠎ᠠ᠎ᠶ᠋ᠢᠨ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠠᠱᠢᠭ ᠬᠦᠷᠲᠡᠭᠡᠬᠦ᠌᠎ᠶ᠋ᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠴᠢᠬᠤᠯᠠᠴᠢᠯᠠᠪᠠ᠃
ᠪᠤᠤᠳ᠋ᠸᠷ᠂ ᠨᠸᠫᠠᠯ ᠳᠤᠮᠳᠠᠳᠤ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠲᠤᠷᠰᠢ᠂ ᠬᠠᠷᠢᠯᠴᠠᠨ ᠢᠲᠡᠭᠡᠯᠴᠡᠬᠦ᠌᠂ ᠡᠷᠬᠡ ᠮᠡᠳᠡᠯ ᠡᠷᠬᠡ ᠲᠡᠭ᠌ᠰᠢ ᠪᠠᠢᠬᠤ᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠎ᠶ᠋ᠢ ᠢᠮᠠᠭ᠍ᠲᠠ ᠪᠠᠷᠢᠮᠲᠠᠯᠠᠵᠤ᠂ ᠬᠣᠶᠠᠷ ᠤᠯᠤᠰ᠎ᠤᠨ ᠨᠥᠬᠥᠷᠯᠡᠯ ᠤᠷᠳᠤ ᠬᠤᠭᠤᠴᠠᠭᠠᠨ᠎ᠤ ᠱᠢᠯᠭᠠᠯᠲᠠ᠎ᠶ᠋ᠢ ᠥᠩᠭᠡᠷᠡᠭᠦᠯᠪᠡ᠃ ᠳᠤᠮᠳᠠᠳᠤ ᠤᠯᠤᠰ ᠪᠣᠯ ᠨᠸᠫᠠᠯ᠎ᠤᠨ ᠢᠲᠡᠭᠡᠮᠵᠢᠲᠡᠢ ᠬᠥᠷᠰᠢ ᠪᠠ ᠬᠥᠭ᠌ᠵᠢᠯᠲᠡ᠎ᠶ᠋ᠢᠨ ᠬᠠᠨᠢᠲᠠᠨ ᠮᠥᠨ᠃ ᠨᠸᠫᠠᠯ᠎ᠤᠨ ᠬᠢᠨ ᠳᠤᠮᠳᠠᠳᠤ ᠤᠯᠤᠰ᠎ᠤᠨ ᠬᠢᠨ᠎ᠤ ᠤᠷᠳᠤ ᠬᠤᠭᠤᠴᠠᠭ᠎ᠠ᠎ᠪᠠᠷ ᠨᠸᠫᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠨᠸᠫᠠᠯ᠎ᠤᠨ ᠡᠷᠬᠡ ᠮᠡᠳᠡᠯ ᠪᠣᠯᠤᠨ ᠲᠤᠰᠠᠭᠠᠷ ᠲᠣᠭ᠍ᠲᠠᠨᠢᠯ᠎ᠢ ᠬᠦᠨᠳᠦᠳᠭᠡᠭ᠌ᠰᠡᠨ᠎ᠳᠦ ᠲᠠᠯᠠᠷᠬᠠᠵᠤ ᠪᠠᠢᠨ᠎ᠠ᠃ ᠨᠸᠫᠠᠯ᠎ᠤᠨ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠲᠠᠶ ᠭᠠᠷ ᠬᠣᠯᠪᠣᠨ ᠤᠷᠤᠭ᠍ᠰᠢᠯᠠᠵᠤ᠂ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠡᠩᠬᠡ ᠲᠠᠢᠪᠤᠩ᠂ ᠳᠠᠪᠱᠢᠯᠲᠠ ᠪᠠ ᠴᠡᠴᠡᠭ᠌ᠯᠡᠯ᠎ᠤᠨ ᠲᠤᠬᠠᠢ ᠬᠠᠮᠲᠤ᠎ᠶ᠋ᠢᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠵᠢ ᠬᠦᠰᠡᠵᠦ᠍ ᠪᠠᠢᠨ᠎ᠠ ᠭᠡᠵᠦ ᠢᠯᠡᠳᠬᠡᠪᠡ᠃
ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠣᠯᠤᠨ ᠨᠸᠫᠠᠯ᠎ᠤᠨ ᠶᠡᠷᠦᠩᠬᠡᠢ ᠰᠠᠢᠳ ᠤᠤᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠨᠸᠫᠠᠯ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢ ᠳᠤᠮᠳᠠᠳᠤ ᠤᠯᠤᠰ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠨᠸᠫᠠᠯ᠎ᠤᠨ ᠬᠢᠨ᠎ᠲᠡᠶ ᠬᠠᠮᠲᠤ᠎ᠪᠠᠷ ᠴᠢᠷᠮᠠᠢᠵᠤ᠂ ᠳᠤᠮᠳᠠᠳᠤ ᠨᠸᠫᠠᠯ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ ᠵᠢᠴᠢ ᠡᠯ᠎ᠡ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠲᠦᠷᠭᠡᠳᠭᠡᠨ ᠠᠬᠢᠭᠤᠯᠵᠤ᠂ ᠳᠤᠮᠳᠠᠳᠤ ᠨᠸᠫᠠᠯ᠎ᠤᠨ ᠬᠥᠭ᠌ᠵᠢᠯᠲᠡ ᠪᠠ ᠴᠡᠴᠡᠭ᠌ᠯᠡᠯ᠎ᠳᠦ ᠬᠠᠨᠳᠤᠭᠤᠯᠤᠭ᠍ᠰᠠᠨ ᠦᠶ᠎ᠡ ᠦᠶ᠎ᠡ᠎ᠶᠢᠨ ᠨᠥᠬᠥᠷᠰᠡᠭ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠤᠤᠯᠢ᠂ ᠨᠸᠫᠠᠯ ᠳᠤᠮᠳᠠᠳᠤ ᠬᠣᠶᠠᠷ ᠤᠯᠤᠰ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠲᠠᠪᠤᠨ ᠵᠠᠷᠴᠢᠮ᠎ᠤᠨ ᠰᠠᠭᠤᠷᠢᠨ ᠳᠡᠭᠡᠷ᠎ᠡ ᠨᠥᠬᠥᠷᠰᠡᠭ ᠬᠠᠷᠢᠯᠴᠠᠭ᠎ᠠ᠎ᠪᠠᠨ ᠬᠥᠭ᠌ᠵᠢᠭᠦᠯᠬᠦ᠌᠎ᠶ᠋ᠢ ᠪᠠᠷᠢᠮᠲᠠᠯᠠᠪᠠ᠃ ᠳᠤᠮᠳᠠᠳᠤ ᠤᠯᠤᠰ᠎ᠤᠨ ᠨᠸᠫᠠᠯ᠎ᠤᠨ ᠡᠷᠬᠡ ᠮᠡᠳᠡᠯ᠂ ᠲᠤᠰᠠᠭᠠᠷ ᠲᠣᠭ᠍ᠲᠠᠨᠢᠯ ᠪᠠ ᠪᠡᠶ᠎ᠡ᠎ᠪᠡᠨ ᠳᠠᠭᠠᠭᠠᠵᠤ ᠰᠣᠩᠭᠣᠭ᠍ᠰᠠᠨ ᠬᠥᠭ᠌ᠵᠢᠯᠲᠡ᠎ᠶ᠋ᠢᠨ ᠵᠠᠮ᠎ᠢ ᠬᠦᠨᠳᠦᠳᠭᠡᠬᠰᠡᠨᠢ ᠨᠸᠫᠠᠯ᠎ᠤᠨ ᠬᠢᠨ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ᠂ ᠳᠤᠮᠳᠠᠳᠤ ᠤᠯᠤᠰ᠎ᠤᠨ ᠣᠯᠤᠭ᠍ᠰᠠᠨ ᠠᠭᠤᠤ ᠶᠡᠬᠡ ᠲᠡᠦᠬᠡᠨ ᠠᠮᠵᠢᠯᠲᠠ ᠪᠦᠳᠦᠮᠵᠢ᠎ᠶ᠋ᠢ ᠪᠢᠱᠢᠷᠡᠵᠦ᠍ ᠪᠠᠢᠨ᠎ᠠ᠃ ᠢᠷᠡᠭᠡᠳᠦᠢ᠎ᠶ᠋ᠢ ᠪᠠᠷᠠᠯᠠᠬᠤᠶ᠎ᠠ᠂ ᠨᠸᠫᠠᠯ᠎ᠤᠨ ᠬᠢᠨ ᠬᠣᠶᠠᠷ ᠤᠯᠤᠰ᠎ᠤᠨ ᠬᠤᠭᠤᠷᠤᠨᠳᠤᠬᠢ ᠲᠤᠬᠢᠷᠠᠯᠴᠠᠭ᠍ᠰᠠᠠ ᠵᠥᠪᠯᠡᠯᠴᠡᠭᠡᠷ᠎ᠢ ᠨᠠᠢᠳᠠᠪᠤᠷᠢᠵᠢᠭᠤᠯᠬᠤ᠎ᠪᠠᠷ ᠦᠷᠭᠦᠯᠵᠢᠯᠡᠨ ᠴᠢᠷᠮᠠᠢᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠬᠦ᠌ ᠪᠤᠶᠠᠨ ᠦᠢᠯᠡᠳᠦᠨ᠎ᠡ ᠭᠡᠵᠦ ᠢᠯᠡᠳᠬᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ)