ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ 1760 ᠲᠦᠮᠡᠨ ᠲᠥᠭᠥᠷᠢᠭ᠎ᠦᠨ ᠨᠠᠮ᠎ᠤᠨ ᠰᠦᠶ᠋ᠳᠭᠡᠯ᠎ᠢ ᠰᠢᠯᠵᠢᠬᠦᠯᠦᠨ ᠪᠠᠭᠤᠯᠭᠠᠵᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠢ ᠳᠡᠮᠵᠢᠪᠡ
2025-08-02 11:34:13
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠷᠣᠯᠠᠨ ᠬᠠᠮᠢᠶᠠᠷᠴᠤ᠌ ᠪᠠᠢᠭ᠎ᠠ ᠨᠠᠮ᠎ᠤᠨ ᠰᠦᠶ᠋ᠳᠭᠡᠯ᠎ᠡᠴᠡ 1760 ᠲᠦᠮᠡᠨ ᠲᠥᠭᠥᠷᠢᠭ᠎ᠦᠨ ᠪᠠᠯᠠ ᠮᠥᠩᠭᠥ᠌ ᠵᠢ ᠰᠢᠯᠵᠢᠬᠦᠯᠦᠨ ᠪᠠᠭᠤᠯᠭᠠᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠢ ᠳᠡᠮᠵᠢᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠡᠴᠡ᠂ ᠡᠨᠡ ᠬᠦ᠌ ᠨᠠᠮ᠎ᠤᠨ ᠰᠦᠢᠳᠭᠡᠯ᠎ᠢ ᠭᠣᠣᠯᠳᠠᠭᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠡᠮᠦᠨ᠎ᠡ ᠹᠷᠣᠨᠲ᠎ᠲᠤ ᠡᠷᠡᠮᠡᠭᠡᠢᠯᠡᠨ ᠲᠡᠮᠡᠴᠡᠵᠦ᠍ ᠪᠠᠢᠭ᠎ᠠ ᠦᠨᠳᠦᠰᠦᠨ ᠱᠠᠲᠤᠨ᠎ᠤ ᠨᠠᠮ᠎ᠤᠨ ᠭᠡᠱᠢᠭᠦᠨ᠂ ᠺᠠᠳ᠋ᠷ ᠪᠣᠯᠤᠨ ᠤᠯᠠᠨ ᠲᠦᠮᠡᠨ᠎ᠢ ᠲᠣᠬᠣᠨᠢᠭᠤᠯᠬᠤ᠎ᠳᠤ ᠬᠡᠷᠡᠭ᠌ᠯᠡᠵᠦ᠍᠂ ᠬᠦᠨᠳᠦ ᠨᠣᠴᠢᠲᠠᠢ ᠭᠠᠮᠱᠢᠭ᠍ᠳᠠᠭ᠍ᠰᠠᠨ᠎ᠠᠴᠠ ᠪᠤᠯᠵᠤ ᠠᠮᠢᠳᠤᠷᠠᠯ ᠨᠢ ᠬᠦᠴᠢᠷᠳᠡᠯᠲᠡᠢ ᠪᠣᠯᠤᠭ᠍ᠰᠠᠨ ᠨᠠᠮ᠎ᠤᠨ ᠭᠡᠱᠢᠭᠦᠨ᠂ ᠤᠯᠠᠨ ᠲᠦᠮᠡᠨ᠎ᠢ ᠲᠣᠬᠣᠨᠢᠭᠤᠯᠬᠤ᠎ᠳᠤ ᠬᠡᠷᠡᠭ᠌ᠯᠡᠨ᠎ᠡ᠃ ᠬᠠᠮᠢᠶ᠎ᠠ ᠪᠥᠬᠥᠶ ᠠᠢᠮᠠᠭ ᠬᠣᠲᠠ ᠪᠣᠳᠠᠲᠤ ᠪᠠᠢᠳᠠᠯ᠎ᠢᠶᠠᠨ ᠦᠨᠳᠦᠰᠦᠯᠡᠨ ᠲᠣᠰ ᠱᠠᠲᠤᠨ᠎ᠤ ᠬᠠᠮᠢᠶᠠᠷᠴᠤ ᠪᠠᠢᠭ᠎ᠠ ᠨᠠᠮ᠎ᠤᠨ ᠰᠦᠶ᠋ᠳᠭᠡᠯ᠎ᠡᠴᠡ ᠢᠵᠢ ᠪᠥᠷᠢᠳᠦᠭᠰᠡᠨ ᠪᠠᠯᠠ ᠮᠥᠩᠭᠥ᠎ᠶ᠋ᠢ ᠨᠠᠢᠳᠠᠪᠤᠷᠢᠵᠢᠭᠤᠯᠵᠤ᠂ ᠴᠠᠭ ᠲᠤᠬᠠᠶ᠎ᠳᠤᠨᠢ ᠦᠨᠳᠦᠰᠦᠨ ᠱᠠᠲᠤᠨ᠎ᠳᠤ ᠱᠢᠯᠵᠢᠭᠦᠯᠦᠨ ᠪᠠᠭᠤᠯᠭᠠᠵᠤ᠂ ᠦᠶᠡᠷ᠎ᠢ ᠰᠡᠷᠭᠡᠢᠯᠡᠵᠦ᠍ ᠠᠶᠤᠯ ᠭᠠᠮᠱᠢᠭ᠎ᠠᠴᠠ ᠠᠪᠤᠷᠬᠠᠸ᠋ ᠵᠢ ᠲᠡᠮᠵᠢᠬᠦ ᠬᠡᠷᠡᠭᠳᠡᠢ᠃ ᠪᠡᠯᠡ ᠮᠦᠩᠬᠦ ᠵᠢᠨ ᠬᠠᠮᠢᠶᠠᠷᠤᠯᠳᠠ ᠵᠢ ᠴᠢᠩᠳᠠᠯᠠᠵᠤ᠂ ᠲᠤᠰᠭᠠᠶ ᠵᠣᠭᠣᠰ᠎ᠢ ᠲᠤᠰᠭᠠᠶ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠨᠠᠮ᠎ᠤᠨ ᠰᠦᠶ᠋ᠳᠭᠡᠯ᠎ᠦᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠦᠨᠡᠨ ᠬᠦ᠌ ᠪᠠᠳᠠᠷᠠᠭᠤᠯᠬᠤ ᠬᠡᠷᠡᠭ᠌ᠲᠡᠶ ᠬᠡᠵᠤ ᠱᠠᠭᠠᠷᠳᠠᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠤᠨ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠠᠴᠠ ᠠᠪᠤᠷᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠲᠠᠢ᠌ᠴᠢᠯᠠᠯᠳᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠤᠨ᠂ ᠦᠶᠡᠷ᠎ᠢ ᠰᠡᠷᠭᠡᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠥᠷᠭᠡᠨ᠎ᠢᠶᠡᠷ ᠲᠠᠢ᠌ᠴᠢᠯᠠᠨ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠠᠶᠤᠯ᠎ᠠᠴᠠ ᠠᠪᠤᠷᠠᠬᠤ᠎ᠳᠤ ᠣᠷᠣᠯᠴᠠᠭᠤᠯᠤᠨ᠂ ᠭᠠᠮᠱᠢᠭ᠎ᠤᠨ ᠳᠠᠷᠠᠭᠠᠬᠢ ᠰᠡᠷᠭᠦᠭᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠭᠠᠮᠱᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号