ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠪᠡ
2025-08-02 11:51:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠶᠡᠷ ᠢᠷᠡᠭᠰᠡᠨ ᠢ᠋ ᠰᠤᠨᠤᠰᠤᠮᠠᠭᠴᠠ ᠬᠥᠳᠡᠯᠦᠯᠴᠡᠵᠦ ᠡᠮᠦᠨ᠎ᠡ ᠹᠷᠤᠨᠲ ᠲᠤ᠌ ᠭᠠᠪᠰᠢᠭᠠᠢᠯᠠᠨ ᠤᠷᠤᠭᠰᠢᠯᠠᠨ᠎ᠠ


ᠣᠢᠷ᠎ᠠ᠎ᠳᠤ ᠥᠪᠥᠷ ᠮᠣᠩᠭᠣᠯ᠎ᠤᠨ ᠣᠯᠠᠨ ᠭᠠᠵᠠᠷ᠎ᠲᠤ ᠱᠢᠷᠦᠭᠦᠨ ᠪᠣᠷᠣᠭᠠᠨ ᠣᠷᠣᠵᠤ᠂ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠴᠠᠪ ᠵᠡᠷᠭᠡ ᠭᠠᠵᠠᠷ᠎ᠲᠤ ᠦᠶᠡᠷ ᠤᠰᠤᠲᠤᠯ᠎ᠤᠨ ᠭᠠᠮᠱᠢᠭ ᠡᠬᠥᠰᠴᠤ ᠂ ᠬᠡᠰᠡᠭ ᠲᠣᠰᠭᠣᠨ ᠪᠠᠯᠭᠠᠰᠤᠨ᠎ᠤ ᠵᠠᠮ ᠡᠪᠳᠡᠭᠳᠡᠵᠦ᠂ ᠬᠥᠮᠦᠨ ᠬᠠᠷ᠎ᠠ ᠬᠠᠱᠢᠭ᠍ᠳᠠᠵᠤ ᠁ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠰᠦᠷᠳᠡᠭᠦᠯᠦᠯ᠎ᠳᠦ ᠤᠴᠠᠷᠠᠪᠠ᠃

ᠭᠠᠮᠱᠢᠭ᠎ᠤᠨ ᠪᠠᠢᠳᠠᠯ ᠪᠣᠯ ᠲᠠᠷᠤᠢ ᠵᠠᠷᠯᠢᠭ! ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠦᠶᠡᠷ ᠢᠷᠡᠭᠰᠡᠨ ᠢ᠋ ᠰᠣᠨᠣᠰᠤᠮᠠᠭ᠍ᠴᠠ ᠬᠥᠳᠡᠯᠦᠯᠴᠡᠵᠦ᠍᠂ ᠠᠶᠤᠯ ᠲᠦᠭ᠌ᠰᠢᠭᠦᠷᠢ᠎ᠶ᠋ᠢ ᠰᠦᠷᠦᠨ ᠤᠷᠤᠭ᠍ᠰᠢᠯᠠᠵᠤ᠂ ᠦᠶᠡᠷ᠎ᠢ ᠰᠡᠷᠭᠡᠢᠯᠡᠵᠦ᠍ ᠠᠶᠤᠯ᠎ᠡᠴᠡ ᠠᠪᠤᠷᠠᠬᠤ ᠡᠮᠦᠨ᠎ᠡ ᠹᠷᠣᠨᠲ᠎ᠢ ᠲᠦᠷᠭᠡᠨ ᠲᠤᠰᠠᠯᠠᠪᠠ᠃ ᠲᠡᠳᠡ ᠮᠦᠷᠦᠨ ᠳ᠋ᠡᠭᠡᠨ ᠡᠯᠡᠰᠦᠨ ᠤᠭᠤᠲᠠ ᠡᠭᠦᠷᠴᠤ᠂ ᠨᠢᠷᠤᠭᠤᠨ ᠳ᠋ᠠᠭᠠᠨ ᠤᠯᠠᠨ ᠲᠦᠮᠡᠨ᠎ᠢ ᠡᠭᠦᠷᠴᠦ᠍᠂ ᠰᠡᠳᠭᠢᠯ᠎ᠳᠡᠭᠡᠨ ᠡᠭᠦᠷᠭᠡ ᠬᠠᠷᠢᠭᠤᠴᠠᠯᠭ᠎ᠠ ᠵᠢ ᠡᠪᠦᠷᠯᠡᠪᠡ — 《ᠤᠮᠠᠷᠠᠲᠤ ᠬᠢᠯᠢ᠎ᠶ᠋ᠢᠨ ᠬᠠᠮᠠᠭᠠᠯᠠᠭ᠍ᠴᠢ》 ᠦᠨᠡᠨᠴᠢ ᠱᠢᠳᠤᠷᠭᠤ᠎ᠡᠭᠦᠷᠭᠡᠯᠡᠯ ᠵᠢᠡᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠᠢᠭᠤᠯᠤᠭ᠍ᠳᠠᠭ᠍ᠰᠠᠨ 98 ᠵᠢᠯ᠎ᠦᠨ ᠤᠢ᠎ᠳᠤ ᠪᠡᠯᠡᠭ ᠬᠦᠷᠭᠡᠪᠡ᠃

7 ᠰᠠᠷ᠎ᠠ᠎ᠶ᠋ᠢᠨ 30᠎ᠤ᠋ ᠡᠳᠦᠷ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠱᠤᠸᠠᠩ ᠯᠦᠩ ᠪᠠᠯᠭᠠᠰᠤᠨ᠎ᠤ ᠯᠤ᠌ ᠰᠠᠨ ᠭᠧ ᠳ᠋ᠦᠶ ᠲᠣᠰᠭᠣᠨ᠂ ᠬᠠᠷᠠᠠᠤᠰᠤ ᠨᠠᠭᠤᠷ᠎ᠤᠨ ᠤᠰᠤ ᠲᠠᠲᠠᠷᠠᠭᠤᠯᠬᠤ ᠰᠤᠪᠠᠭ᠎ᠤᠨ ᠦᠶᠡᠷ᠎ᠦᠨ ᠣᠷᠭᠢᠯ ᠬᠡᠮᠵᠢᠭᠳᠡᠯ ᠰᠡᠷᠡᠮᠵᠢ᠎ᠶ᠋ᠢᠨ ᠱᠤᠭᠤᠮ᠎ᠢ ᠱᠢᠪᠲᠤᠯᠵᠤ᠂ ᠦᠶᠡᠷ᠎ᠦᠨ ᠤᠰᠤ ᠪᠢᠯᠬᠠᠷᠠᠨ ᠭᠠᠷᠴᠤ᠂ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ ᠠᠶᠤᠯ ᠳ᠋ᠦ ᠲᠤᠯᠭᠠᠷᠠᠪᠠ᠃

ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠪᠤᠭᠤᠲᠤ᠎ᠶ᠋ᠢᠨ ᠰᠠᠯᠪᠤᠷᠢ ᠠᠩᠭᠢ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ  ᠲᠥᠰᠦᠯ᠎ᠢᠶᠡᠨ ᠦᠳᠲᠡᠷ ᠲᠦᠷᠭᠡᠨ ᠡᠬᠢᠯᠡᠭᠦᠯᠵᠦ᠍᠂ ᠦᠶᠡᠷ᠎ᠢ ᠰᠡᠷᠭᠡᠢᠯᠡᠬᠦ᠌ ᠡᠮᠦᠨ᠎ᠡ ᠹᠷᠣᠨᠲ᠎ᠢ ᠦᠳᠲᠡᠷ ᠲᠦᠷᠭᠡᠨ ᠲᠤᠰᠠᠯᠠᠪᠠ᠃ ᠲᠤᠬᠠᠶ᠎ᠶ᠋ᠢᠨ ᠲᠠᠯᠠᠪᠠᠶ᠎ᠳᠤ ᠭᠦᠷᠦᠭ᠌ᠰᠡᠨ᠎ᠦ ᠳᠠᠷᠠᠭ᠎ᠠ᠂ ᠤᠰᠤ ᠲᠠᠲᠠᠷᠠᠭᠤᠯᠬᠤ ᠰᠤᠪᠠᠭ᠎ᠤᠨ ᠡᠮᠦᠨ᠎ᠡ ᠲᠠᠯ᠎ᠠ᠎ᠶ᠋ᠢᠨ ᠬᠠᠱᠢᠯᠭ᠎ᠠ᠎ᠳᠤ ᠤᠰᠤ ᠣᠷᠭᠢᠯᠬᠤ ᠠᠶᠤᠯ ᠭᠠᠷᠴᠤ᠌᠂ ᠵᠡᠭᠦᠨ ᠲᠠᠯ᠎ᠠ ᠪᠡᠷ᠎ᠨᠢ ᠲᠠᠷᠢᠶᠠᠨ ᠭᠠᠵᠠᠷ ᠪᠣᠯᠤᠨ ᠠᠢᠯ ᠲᠣᠰᠭᠣᠨ ᠬᠥᠷᠱᠢᠯᠡᠵᠦ᠍᠂ ᠴᠠᠭ ᠲᠤᠬᠠᠶ᠎ᠳᠤᠨᠢ ᠪᠢᠲᠡᠭᠦᠮᠵᠢᠯᠡᠵᠦ᠍ ᠪᠥᠭ᠌ᠯᠡᠬᠦ᠌ ᠥᠬᠡᠶ ᠪᠣᠯ ᠦᠷ᠎ᠡ ᠳ᠋ᠦᠩ ᠨᠢ ᠰᠡᠳᠭᠢᠭ᠌ᠳᠡᠰᠢ ᠥᠬᠡᠶ ᠶᠤᠮ᠃

《ᠨᠥᠬᠥᠳ ᠡ᠂ ᠨᠠᠮ᠎ᠠ ᠵᠢ ᠳᠠᠭᠠᠭᠠᠳ ᠢᠷ᠎ᠡ!》 ᠲᠤᠬᠠᠢ᠎ᠶ᠋ᠢᠨ ᠲᠠᠯᠠᠪᠠᠢ᠎ᠶ᠋ᠢᠨ ᠵᠢᠯᠤᠭᠤᠳᠤᠭ᠍ᠴᠢ ᠵᠠᠷᠯᠢᠭ ᠪᠠᠭᠤᠮᠠᠭ᠍ᠴᠠ᠂ ᠪᠦᠬᠦ᠌ ᠳᠠᠷᠤᠭ᠎ᠠ ᠪᠠᠢᠯᠳᠤᠭ᠍ᠴᠢᠳ ᠳᠠᠷᠤᠢᠬᠠᠨ ᠲᠠᠢᠯᠠᠯᠳᠤᠭᠠᠨ᠎ᠳᠤ ᠣᠷᠣᠯᠴᠠᠪᠠ᠃ ᠡᠯᠡᠰᠦ ᠴᠢᠯᠠᠭᠤᠨ ᠤᠭᠤᠳᠠ ᠡᠭᠦᠷᠴᠤ ᠁ ᠳᠠᠷᠤᠭ᠎ᠠ ᠪᠠᠢᠯᠳᠤᠭ᠍ᠴᠢᠳ ᠴᠠᠭ ᠮᠥᠴᠡ᠎ᠲᠡᠶ ᠤᠷᠤᠯᠳᠤᠨ ᠦᠶᠡᠷ᠎ᠲᠡᠶ ᠲᠡᠮᠡᠴᠡᠪᠡ᠃ 13 ᠴᠠᠭ ᠦᠷᠭᠦᠯᠵᠢᠯᠡᠨ ᠲᠡᠮᠡᠴᠡᠭ᠌ᠰᠡᠨ᠎ᠦ ᠳᠠᠷᠠᠭ᠎ᠠ᠂ 31 ᠤ᠋ ᠡᠳᠦᠷ᠎ᠦᠨ ᠥᠷᠯᠥᠭᠡ᠎ᠶ᠋ᠢᠨ 3 ᠴᠠᠭ᠎ᠲᠤ᠂ ᠰᠤᠪᠠᠭ᠎ᠤᠨ ᠤᠰᠤ ᠣᠷᠭᠢᠯᠬᠤ ᠠᠶᠤᠯ ᠲᠦᠭ᠌ᠰᠢᠭᠦᠷᠢᠲᠦ ᠪᠠᠢᠳᠠᠯ᠎ᠢ ᠪᠦᠲᠦᠮᠵᠢᠲᠡᠶ ᠡᠵᠡᠮᠳᠡᠪᠡ᠃

《ᠦᠶᠡᠷ᠎ᠢ ᠰᠡᠷᠭᠡᠢᠯᠡᠬᠦ᠌ ᠲᠡᠢᠨ᠎ᠦ ᠲᠠᠯᠠᠪᠤᠷ᠎ᠲᠤ ᠴᠡᠷᠢᠭ ᠪᠠᠢᠭᠤᠯᠤᠭ᠍ᠳᠠᠭ᠍ᠰᠠᠨ ᠪᠠᠶᠠᠷ᠎ᠢ ᠥᠩᠭᠡᠷᠡᠭᠦᠯᠬᠦ᠌ ᠨᠢ ᠪᠢᠳᠡᠨ᠎ᠦ ᠮᠥᠷᠥᠨ ᠳᠡᠭᠡᠷᠡᠬᠢ ᠬᠠᠷᠢᠭᠤᠴᠠᠯᠭ᠎ᠠ᠎ᠶ᠋ᠢ ᠨᠠᠩ ᠲᠣᠳᠣᠷᠬᠠᠶ ᠣᠢᠯᠠᠭᠠᠬᠤ ᠪᠣᠯᠭᠠᠨ᠎ᠠ!》ᠭᠡᠵᠦ ᠪᠠᠢᠯᠳᠤᠭ᠍ᠴᠢ ᠯᠢᠦ ᠵᠧ ᠶᠤᠸᠠᠨ ᠬᠠᠴᠠᠷ᠎ᠲᠡᠭᠡᠷᠡᠬᠢ ᠱᠢᠪᠠᠷ ᠵᠢᠡᠨ ᠠᠷᠴᠢᠨ ᠢᠨᠢᠶᠡᠮᠰᠦᠭ᠌ᠯᠡᠪᠡ᠃

《ᠮᠠᠨ᠎ᠤ ᠭᠡᠷ᠎ᠦᠨ ᠬᠡᠦᠬᠡᠳ ᠪᠠ ᠨᠠᠰᠤᠲᠠᠨ ᠲᠡᠷᠭᠡᠨ ᠲᠤᠳᠤᠷ᠎ᠠ ᠪᠠᠨ ᠬᠠᠱᠢᠭ᠍ᠳᠠᠪᠠ!》 ᠭᠡᠵᠦ ᠨᠢᠭᠡ ᠣᠯᠠᠨ ᠲᠦᠮᠡᠨ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠤᠯᠠᠭᠠᠨᠴᠠᠪ᠎ᠤᠨ ᠰᠠᠯᠪᠤᠷᠢ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠡᠴᠡ ᠲᠤᠰᠠᠯᠠᠮᠵᠢ ᠭᠤᠶᠤᠪᠠ᠃ 7 ᠰᠠᠷ᠎ᠠ᠎ᠶ᠋ᠢᠨ 26 ᠎ᠤ᠋ ᠡᠳᠦᠷ᠂ ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠎ᠤ ᠣᠢᠷ᠎ᠠ ᠬᠠᠪᠢ᠎ᠶ᠋ᠢᠨ ᠲᠣᠰᠭᠣᠨ ᠱᠢᠷᠦᠭᠦᠨ ᠪᠣᠷᠣᠭᠠᠨ᠎ᠳᠤ ᠳᠠᠭᠠᠷᠢᠭ᠍ᠳᠠᠵᠤ᠂ ᠬᠣᠶᠠᠷ ᠬᠡᠦᠬᠡᠳ ᠪᠣᠯᠤᠨ ᠨᠢᠭᠡ ᠨᠠᠰᠤᠲᠠᠨ ᠲᠡᠷᠭᠡᠨ᠎ᠳ᠋ᠡᠭᠡᠨ ᠬᠠᠱᠢᠭ᠍ᠳᠠᠵᠠᠶ᠃ ᠪᠠᠢᠯᠳᠤᠭ᠍ᠴᠢ ᠽᠸᠤ ᠴᠢᠨ ᠯᠸ ᠨᠢᠭᠡ ᠬᠡᠦᠬᠡᠳ᠎ᠢ ᠴᠢᠩᠭ᠎ᠠ ᠲᠡᠪᠡᠷᠢᠵᠦ᠍᠂  ᠤᠰᠤ ᠭᠠᠳᠤᠯᠵᠤ ᠠᠮᠤᠷ ᠲᠦᠪᠱᠢᠨ ᠭᠠᠵᠠᠷ ᠤᠷᠤᠭᠤ ᠱᠢᠯᠵᠢᠬᠦ ᠵᠢᠨ ᠲᠠᠭᠠᠦ᠄ 《ᠪᠢᠲᠡᠭᠡᠢ ᠠᠶᠤ᠂ ᠠᠪᠠᠭ᠎ᠠ ᠨᠢ ᠴᠢᠮ᠎ᠠ ᠵᠢ ᠳᠠᠭᠠᠭᠤᠯᠵᠤ ᠭᠠᠷᠤᠶ᠎ᠠ! 》 ᠲᠠᠢᠳᠬᠤᠷᠠᠭᠤᠯᠪᠠ᠃

《ᠲᠤᠬᠠᠶ᠎ᠶ᠋ᠢᠨ ᠦᠶ᠎ᠡ᠎ᠳᠦ ᠤᠰᠤ ᠨᠢᠭᠡᠨᠲᠡ ᠡᠪᠦᠳᠦᠭ ᠥᠩᠭᠡᠷᠡᠵᠦ᠍᠂ ᠨᠠᠰᠤᠲᠠᠨ ᠪᠠ ᠬᠡᠦᠬᠡᠳ ᠲᠡᠷᠭᠡᠨ᠎ᠡᠴᠡ ᠪᠠᠭᠤᠵᠤ ᠶᠠᠪᠤᠬᠤ᠎ᠳᠤ ᠮᠠᠰᠢ ᠠᠶᠤᠯ᠎ᠲᠠᠶ ᠪᠠᠢᠪᠠ》 ᠭᠡᠵᠦ᠍ ᠠᠩᠭᠢ ᠳᠠᠭᠠᠭᠤᠯᠤᠭ᠍ᠰᠠᠨ ᠵᠢᠯᠣᠭᠣᠳᠣᠭ᠍ᠴᠢ ᠡᠷᠭᠢᠴᠡᠭᠦᠯᠦᠨ ᠶᠠᠷᠢᠪᠠ᠃ ᠭᠠᠮᠱᠢᠭ᠍ᠳᠠᠭ᠍ᠰᠠᠨ ᠲᠣᠰᠭᠣᠨ᠎ᠳᠤ᠂ ᠳᠠᠷᠤᠭ᠎ᠠ ᠪᠠᠢᠯᠳᠤᠭ᠍ᠴᠢᠳ ᠡᠷᠦᠬᠡ ᠳᠠᠷᠠᠭᠠᠯᠠᠨ ᠪᠠᠢᠴᠠᠭᠠᠵᠤ᠂ ᠤᠰᠤ ᠭᠠᠳᠤᠯᠤᠨ ᠪᠠᠢᠵᠤ ᠭᠡᠷ ᠪᠠᠢᠱᠢᠩ ᠨᠢᠭᠡ ᠪᠦᠷᠢ᠎ᠳᠤ ᠤᠷᠤᠵᠤ᠂ ᠨᠠᠰᠤᠲᠠᠢᠴᠤᠳ᠂ ᠬᠡᠦᠬᠡᠳ ᠪᠠᠭᠠᠴᠤᠳ ᠪᠣᠯᠤᠨ ᠬᠥᠳᠡᠯᠵᠦ᠍ ᠪᠠᠷᠢᠬᠤ᠎ᠳᠤ ᠳᠥᠭᠥᠮ ᠦᠭᠡᠢ ᠬᠥᠮᠦᠰ᠎ᠢ ᠭᠣᠣᠯᠳᠠᠯᠭ᠎ᠠ᠎ᠲᠠᠶ ᠡᠷᠢᠪᠡ᠃ ᠵᠠᠷᠢᠮ ᠤᠰᠤ ᠵᠠᠯᠠᠬᠤ ᠰᠤᠪᠠᠭ ᠨᠢ ᠮᠣᠳᠣᠨ ᠰᠠᠯᠠᠭ᠎ᠠ ᠯᠠᠭ ᠱᠢᠪᠠᠷ᠎ᠲᠤ ᠪᠥᠭ᠌ᠯᠡᠭ᠌ᠳᠡᠬᠦ ᠳ᠋ᠦ ᠳᠠᠷᠤᠭ᠎ᠠ ᠪᠠᠢᠯᠳᠤᠭ᠍ᠴᠢᠳ  ᠭᠠᠷ ᠵᠢᠡᠷ ᠵᠢᠡᠨ ᠴᠡᠪᠡᠷᠯᠡᠪᠡ; ᠬᠥᠳᠡᠯᠵᠦ᠍ ᠪᠠᠷᠢᠬᠤ᠎ᠳᠤ ᠬᠦᠴᠢᠷᠲᠡᠶ ᠣᠯᠠᠨ ᠲᠦᠮᠡᠨ᠎ᠢ ᠲᠡᠳᠡ ᠡᠭᠦᠷᠴᠤ ᠲᠡᠳᠬᠦᠨ ᠱᠢᠯᠵᠢᠭᠦᠯᠪᠡ᠃

ᠬᠡᠳᠦᠨ ᠴᠠᠭ᠎ᠤᠨ ᠲᠡᠮᠡᠴᠡᠯ᠎ᠢᠶᠡᠷ ᠳᠠᠮᠵᠢᠨ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠤᠯᠠᠭᠠᠨᠴᠠᠪ᠎ᠤᠨ ᠰᠠᠯᠪᠤᠷᠢ ᠠᠩᠭᠢ 45 ᠨᠡᠷᠡᠰ ᠬᠠᠱᠢᠭ᠍ᠳᠠᠭ᠍ᠰᠠᠨ ᠣᠯᠠᠨ ᠲᠦᠮᠡᠨ ᠪᠠ ᠵᠠᠭᠤ ᠭᠠᠷᠤᠶ ᠦᠬᠡᠷ ᠬᠣᠨᠢ᠎ᠶ᠋ᠢ ᠱᠢᠯᠵᠢᠭᠦᠯᠵᠦ᠍᠂ ᠣᠯᠠᠨ ᠲᠦᠮᠡᠨ᠎ᠦ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠪᠠ᠃ 《ᠠᠷᠠᠳ᠎ᠤᠨ ᠬᠡᠦᠬᠡᠳ ᠳᠡᠭᠦᠦ᠍᠎ᠨᠡᠷ ᠴᠡᠷᠢᠭ ᠪᠣᠯ ᠦᠨᠡᠬᠡᠷ ᠮᠠᠨ᠎ᠤ ᠳᠣᠲᠣᠨᠣ ᠬᠥᠮᠦᠨ ᠮᠥᠨ!》 ᠭᠡᠵᠦ ᠠᠪᠤᠷᠠᠭ᠍ᠳᠠᠭ᠍ᠰᠠᠨ ᠣᠯᠠᠨ ᠲᠦᠮᠡᠨ ᠵᠠᠯᠭᠠᠭ᠎ᠠ᠎ᠪᠠᠷ ᠲᠠᠯᠠᠷᠬᠠᠯ᠎ᠤᠨ ᠰᠡᠳᠭᠢᠯᠭᠡ ᠪᠠᠨ ᠢᠯᠡᠳᠭᠡᠵᠦ ᠪᠠᠢᠯ᠎ᠠ᠃

7 ᠰᠠᠷ᠎ᠠ᠎ᠶ᠋ᠢᠨ 24 ᠎ᠤ᠋ ᠡᠳᠦᠷ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠱᠠᠵᠢᠨᠲᠤᠬᠤᠢ ᠪᠠᠯᠭᠠᠰᠤ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠱᠢᠷᠦᠭᠦᠨ ᠪᠣᠷᠣᠭᠠᠨ ᠣᠷᠣᠵᠤ᠂ ᠭᠠᠵᠠᠷ᠎ᠤᠨ ᠪᠠᠢᠴᠠ ᠳᠤᠤᠷ᠎ᠠ ᠡᠸ᠋ ᠵᠢᠶᠠ ᠴᠢᠦᠶ ᠰᠤᠪᠠᠭ᠎ᠤᠨ ᠭᠠᠵᠠᠷ ᠣᠷᠣᠨ᠎ᠳᠤ ᠦᠶᠡᠷ ᠪᠠᠭᠤᠵᠤ᠂ ᠵᠠᠮ ᠡᠪᠳᠡᠭ᠌ᠳᠡᠵᠦ᠍᠂ ᠣᠯᠠᠨ ᠲᠦᠮᠡᠨ ᠬᠠᠱᠢᠭ᠍ᠳᠠᠪᠠ᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠣᠷᠳᠣᠰ᠎ᠤᠨ ᠰᠠᠯᠪᠤᠷᠢ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠵᠠᠷᠯᠢᠭ᠎ᠢ ᠲᠤᠰᠤᠭᠰᠠᠨ᠎ᠤ ᠳᠠᠷᠠᠭ᠎ᠠ᠂ ᠭᠠᠮᠱᠢᠭ᠍ᠳᠠᠭ᠍ᠰᠠᠨ ᠭᠤᠤᠯ ᠣᠷᠣᠨ᠎ᠳᠤ ᠬᠦᠷᠴᠦ᠍ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠪᠡ᠃

《ᠦᠵᠡᠭᠡᠴᠢ! ᠲᠡᠨᠳᠡ ᠪᠠᠰᠠ ᠨᠢᠭᠡ ᠬᠠᠰᠢᠭᠳᠠᠭᠰᠠᠨ ᠨᠠᠰᠤᠲᠠᠨ ᠪᠠᠢᠨ᠎ᠠ!》 ᠦᠶᠡᠷ᠎ᠲᠦ ᠬᠠᠱᠢᠭ᠍ᠳᠠᠭ᠍ᠰᠠᠨ ᠨᠢᠭᠡᠨ ᠠᠷᠠᠳ᠎ᠤᠨ ᠭᠡᠷ᠎ᠦᠨ ᠡᠮᠦᠨ᠎ᠡ᠂ ᠳᠠᠷᠤᠭ᠎ᠠ ᠪᠠᠢᠯᠳᠤᠭ᠍ᠴᠢᠳ ᠨᠢᠭᠡ ᠨᠠᠰᠤᠲᠠᠨ ᠭᠡᠷ ᠲᠡᠭᠡᠨ ᠬᠠᠱᠢᠭ᠍ᠳᠠᠭ᠍ᠰᠠᠨ᠎ᠢ ᠣᠯᠵᠤ ᠮᠡᠳᠡᠪᠡ᠃ ᠵᠢᠯᠤᠭᠤᠳᠤᠭ᠍ᠴᠢ ᠳᠠᠷᠤᠭ᠎ᠠ ᠪᠠᠢᠯᠳᠤᠭ᠍ᠴᠢᠳ᠎ᠢ ᠳᠠᠭᠠᠭᠤᠯᠤᠨ ᠨᠤᠷᠠᠬᠤ ᠠᠶᠤᠯᠲᠠᠢ ᠭᠡᠷ᠎ᠲᠦ ᠳᠠᠭᠠᠷᠢᠨ ᠣᠷᠣᠵᠤ᠂ ᠨᠠᠰᠤᠲᠠᠨ᠎ᠢ ᠡᠭᠦᠷᠴᠦ ᠭᠠᠷᠭᠠᠨ ᠠᠮᠤᠷ ᠲᠦᠪᠱᠢᠨ ᠭᠠᠵᠠᠷ᠎ᠲᠤ ᠬᠦᠷᠭᠡᠪᠡ᠃

《ᠠᠷᠠᠳ᠎ᠤᠨ ᠬᠡᠦᠬᠡᠳ ᠳᠡᠭᠦᠦ᠍᠎ᠨᠡᠷ ᠴᠡᠷᠢᠭ᠎ᠲᠦ ᠲᠠᠯᠠᠷᠬᠠᠵᠤ ᠪᠠᠢᠨ᠎ᠠ᠂ ᠲᠠ᠎ᠨᠠᠷ ᠦᠭᠡᠢ ᠪᠣᠯ ᠮᠢᠨᠦ᠍ ᠬᠥᠭ᠌ᠰᠢᠨ ᠠᠶᠤᠯ᠎ᠳ᠋ᠤ ᠤᠴᠠᠷᠠᠬᠤ ᠪᠣᠯᠤᠨ᠎ᠠ!》 ᠭᠡᠵᠦ ᠠᠪᠤᠷᠬᠠᠳᠠᠭᠰᠠᠨ ᠨᠠᠰᠤᠲᠠᠨ᠎ᠤ᠋ ᠭᠡᠷ ᠪᠦᠯᠢ᠎ᠶ᠋ᠢᠨ ᠬᠢᠨ ᠳᠠᠷᠤᠭ᠎ᠠ ᠪᠠᠢᠯᠳᠤᠭ᠍ᠴᠢᠳ᠎ᠤᠨ ᠭᠠᠷ᠎ᠢ ᠴᠢᠩᠭ᠎ᠠ ᠠᠳᠭᠤᠵᠤ᠂ ᠮᠡᠭᠰᠢᠨ ᠤᠬᠢᠯᠠᠪᠠ᠃

4 ᠴᠠᠭ ᠭᠠᠷᠤᠢ ᠦᠷᠭᠦᠯᠵᠢᠯᠡᠨ ᠲᠡᠮᠡᠴᠡᠵᠦ᠍᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠤᠷᠳᠤᠰ᠎ᠤᠨ ᠰᠠᠯᠪᠤᠷᠢ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠡᠯ᠎ᠡ ᠲᠠᠯ᠎ᠠ᠎ᠶ᠋ᠢᠨ ᠠᠪᠤᠷᠠᠨ ᠲᠤᠰᠠᠯᠠᠬᠤ ᠬᠦᠴᠦᠨ᠎ᠲᠡᠶ ᠬᠠᠮᠵᠢᠯᠴᠠᠨ ᠪᠠᠢᠯᠳᠤᠵᠤ᠂ ᠨᠡᠢ᠌ᠳᠡ 110 ᠭᠠᠷᠤᠢ ᠭᠠᠮᠱᠢᠭ᠍ᠳᠠᠭ᠍ᠰᠠᠨ ᠤᠯᠠᠨ ᠲᠦᠮᠡᠨ᠎ᠢ ᠠᠮᠤᠷ ᠲᠦᠪᠱᠢᠨ᠎ᠢᠶᠡᠷ ᠲᠠᠷᠬᠠᠭᠠᠨ ᠱᠢᠯᠵᠢᠭᠦᠯᠪᠡ᠂ ᠡᠭᠦᠨ᠎ᠳᠦ ᠨᠤᠷᠠᠬᠤ ᠠᠶᠤᠯᠲᠠᠢ ᠬᠡᠷ ᠪᠠᠢᠱᠢᠩ᠎ᠡᠴᠡ 4 ᠬᠠᠰᠢᠭᠳᠠᠭᠰᠠᠨ ᠤᠯᠠᠨ ᠲᠦᠮᠡᠨ᠎ᠢ ᠠᠮᠵᠢᠯᠲᠠ᠎ᠲᠠᠶ᠎ᠪᠠᠷ ᠠᠪᠤᠷᠠᠨ ᠭᠠᠷᠭᠠᠭ᠍ᠰᠠᠨ ᠪᠥᠭᠡᠳ ᠬᠡᠳᠦᠨ ᠲᠦᠮᠡᠨ ᠲᠥᠭᠥᠷᠢᠭ᠎ᠦᠨ ᠦᠷᠳᠡᠭ ᠪᠦᠬᠦᠢ ᠡᠳ᠋ ᠪᠣᠳᠠᠰ᠎ᠢ ᠪᠠᠴᠢᠮ ᠠᠪᠤᠷᠠᠵᠤ ᠭᠠᠷᠭᠠᠪᠠ᠃

7 ᠰᠠᠷ᠎ᠠ᠎ᠶ᠋ᠢᠨ 28 ᠎ᠤ᠋ ᠡᠳᠦᠷ᠎ᠦᠨ 8 ᠴᠠᠭ᠎ᠤᠨ ᠦᠶ᠎ᠡ᠎ᠪᠡᠷ᠂ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠬᠠᠷᠠᠠᠤᠰᠤ ᠨᠠᠭᠤᠷ᠎ᠤᠨ ᠦᠶᠡᠷ ᠲᠠᠲᠠᠷᠠᠭᠤᠯᠬᠤ ᠰᠤᠪᠠᠭ ᠨᠢ ᠱᠢᠷᠦᠭᠦᠨ ᠪᠣᠷᠣᠭᠠᠨ᠎ᠤ ᠦᠶᠡᠷ᠎ᠵᠠᠯᠠᠭᠰᠠᠨ ᠡᠴᠡ ᠪᠤᠯᠵᠤ ᠰᠡᠲᠡᠷᠡᠵᠦ᠂ ᠴᠥᠭᠡᠨ ᠪᠤᠰᠤ ᠲᠠᠷᠢᠶᠠᠨ ᠭᠠᠵᠠᠷ ᠤᠰᠤᠨ᠎ᠳᠤ ᠠᠪᠲᠠᠪᠠ᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠬᠥᠬᠡᠬᠣᠲᠠ᠎ᠶ᠋ᠢᠨ ᠰᠠᠯᠪᠤᠷᠢ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠬᠠᠱᠢᠯᠭ᠎ᠠ᠎ᠶ᠋ᠢ ᠪᠥᠭ᠌ᠯᠡᠬᠦ᠌᠂ ᠤᠰᠤᠲᠤᠯ᠎ᠢ ᠵᠠᠯᠠᠵᠤ ᠠᠶᠤᠯ᠎ᠡᠴᠡ ᠠᠪᠤᠷᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠥᠷᠨᠢᠭᠦᠯᠵᠦ᠍᠂ ᠬᠠᠢᠷ ᠴᠢᠯᠠᠭᠤ᠎ᠶ᠋ᠢ ᠳᠦᠭᠦᠷᠭᠡᠬᠦ᠌᠂ ᠴᠢᠯᠠᠭᠤ ᠰᠠᠪᠠᠯᠠᠭᠰᠠᠨ ᠱᠢᠩᠭᠡᠯᠢᠭ᠎ᠢ ᠬᠠᠶᠠᠵᠤ ᠤᠷᠤᠭᠤᠯᠤᠨ ᠵᠢᠪᠦᠭᠦᠯᠬᠦ᠌ ᠵᠡᠷᠭᠡ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠬᠠᠱᠢᠯᠭ᠎ᠠ᠎ᠶ᠋ᠢ ᠴᠠᠭ ᠲᠤᠬᠠᠶ᠎ᠳᠤᠨᠢ ᠪᠢᠲᠡᠭᠦᠮᠵᠢᠯᠡᠵᠦ᠍᠂ ᠬᠤᠷᠠᠭᠰᠠᠨ ᠤᠰᠤᠨ᠎ᠤ ᠤᠰᠤᠲᠤᠯ᠎ᠢ ᠵᠠᠯᠠᠵᠤ᠂ ᠲᠦᠭ᠌ᠰᠢᠭᠦᠷᠢᠲᠦ ᠪᠠᠢᠳᠠᠯ᠎ᠢ ᠪᠦᠲᠦᠮᠵᠢᠲᠡᠶ ᠡᠵᠡᠮᠳᠡᠪᠡ᠃

ᠱᠢᠷᠦᠭᠦᠨ ᠪᠣᠷᠣᠭᠠᠨ ᠵᠤᠭᠰᠤᠬᠤ ᠡᠳᠦᠷ ᠯᠠᠪᠲᠠᠢ ᠪᠠᠢᠨ᠎ᠠ᠂ ᠭᠡᠪᠡᠴᠦ᠍ ᠰᠠᠬᠢᠨ ᠬᠠᠮᠠᠭᠠᠯᠠᠯᠲᠠ ᠬᠡᠵᠢᠶᠡᠳᠡ ᠵᠣᠭ᠍ᠰᠣᠰᠢ ᠦᠭᠡᠢ ᠶᠤᠮ᠃

《ᠪᠢᠳᠡ ᠪᠣᠯ ᠠᠷᠠᠳ ᠲᠦᠮᠡᠨ᠎ᠦ ᠬᠡᠦᠬᠡᠳ ᠳᠡᠭᠦᠦ᠍᠎ᠨᠡᠷ ᠴᠡᠷᠢᠭ ᠮᠥᠨ᠂ ᠠᠷᠠᠳ ᠲᠦᠮᠡᠨ᠎ᠦ ᠠᠮᠤᠷ ᠲᠦᠪᠱᠢᠨ᠎ᠢ ᠬᠠᠮᠠᠭᠠᠯᠠᠬᠤ ᠪᠣᠯ ᠮᠠᠨ᠎ᠤ ᠡᠭᠦᠷᠭᠡ ᠬᠠᠷᠢᠭᠤᠴᠠᠯᠭ᠎ᠠ ᠮᠥᠨ!》 ᠨᠢᠭᠡ ᠪᠠᠢᠯᠳᠤᠭ᠍ᠴᠢ᠎ᠶ᠋ᠢᠨ ᠦᠭᠡ ᠨᠢ ᠪᠦᠬᠦ᠌ ᠳᠠᠷᠤᠭ᠎ᠠ ᠪᠠᠢᠯᠳᠤᠭ᠍ᠴᠢᠳ᠎ᠤᠨ ᠰᠡᠳᠭᠢᠯ᠎ᠦᠨ ᠦᠭᠡ᠎ᠶ᠋ᠢ ᠬᠡᠯᠡᠵᠦ᠍ ᠭᠠᠷᠭᠠᠪᠠ᠃ ᠦᠶᠡᠷ᠎ᠲᠡᠶ ᠲᠡᠮᠡᠴᠡᠬᠦ᠌ ᠶᠠᠪᠤᠴᠠ᠎ᠳᠤ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠦᠨᠡᠨᠴᠢ ᠱᠢᠳᠤᠷᠭᠤ ᠪᠠ ᠬᠠᠷᠢᠭᠤᠴᠠᠯᠭ᠎ᠠ ᠡᠭᠦᠷᠭᠡᠯᠡᠯ᠎ᠢᠶᠡᠷ᠎ᠢᠶᠡᠨ ᠠᠷᠠᠳ ᠤᠯᠠᠨ᠎ᠢ ᠰᠠᠬᠢᠨ ᠬᠠᠮᠠᠭᠠᠯᠠᠬᠤ 《ᠨᠣᠮᠢᠨ ᠨᠣᠭᠣᠭᠠᠨ ᠬᠠᠱᠢᠯᠭ᠎ᠠ》 ᠵᠢ ᠴᠣᠭ᠍ᠴᠠᠯᠠᠪᠠ᠃

ᠡᠨᠡ ᠨᠠᠢ᠍ᠮᠠᠨ ᠰᠠᠷ᠎ᠠ᠎ᠶ᠋ᠢᠨ ᠨᠢᠭᠡᠨ᠎ᠦ ᠴᠡᠷᠢᠭ ᠪᠠᠢᠭᠤᠯᠤᠭ᠍ᠳᠠᠭ᠍ᠰᠠᠨ ᠪᠠᠶᠠᠷ᠎ᠤᠨ ᠡᠳᠦᠷ᠂ ᠲᠡᠳᠡ ᠱᠢᠷᠦᠭᠦᠨ ᠪᠣᠷᠣᠭᠠᠨ ᠱᠢᠪᠡᠷ ᠱᠠᠯᠴᠢᠭ ᠳᠤᠮᠳᠠᠬᠢ ᠳᠠᠭᠠᠷᠢᠯᠲᠠ᠎ᠪᠠᠷ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃ ᠲᠦᠮᠡᠨ ᠭᠠᠵᠠᠷ᠎ᠤᠨ ᠠᠭᠤᠯᠠ ᠤᠰᠤ᠂ ᠲᠡᠳᠡ ᠨᠠᠷ᠎ᠤᠨ ᠬᠦᠴᠦᠨ ᠳ᠋ᠤ ᠠᠮᠤᠷ ᠲᠠᠢᠪᠤᠨᠭ᠌ ᠪᠠᠢᠵᠤ ᠴᠢᠳᠠᠨ᠎ᠠ᠂ ᠲᠡᠳᠡ ᠪᠣᠯ ᠥᠨᠢ ᠡᠭᠦᠷᠢᠳᠡ ᠢᠲᠡᠭᠡᠵᠦ᠍ ᠪᠣᠯᠬᠤ ᠠᠷᠠᠳ ᠲᠦᠮᠡᠨ᠎ᠦ ᠬᠡᠦᠬᠡᠳ ᠳᠡᠭᠦᠦ᠍᠎ᠨᠡᠷ ᠴᠡᠷᠢᠭ ᠮᠦᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号