《8·1》 ᠤ᠋ ᠴᠡᠷᠢᠭ ᠪᠠᠢᠭᠤᠯᠤᠭ᠍ᠳᠠᠭ᠍ᠰᠠᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ 《ᠪᠥᠬᠥ᠌ ᠤᠯᠤᠰ᠎ᠤᠨ ᠬᠣᠶᠠᠷ᠎ᠢ ᠬᠦᠷᠢᠶᠡᠯᠡᠭᠰᠡᠨ ᠵᠢᠱ᠌ᠢᠶᠡᠴᠢ ᠬᠣᠲᠠ》 ᠶ᠋ᠢᠨ ᠢᠷᠠᠭᠤ ᠠᠯᠳᠠᠷ᠎ᠢ ᠠᠷᠪᠠᠨᠲᠠ ᠭᠥᠷᠳᠡᠭ᠌ᠰᠡᠨ ᠪᠣᠯᠣᠳ ᠲᠡᠮᠦᠷ᠎ᠦᠨ ᠬᠣᠲᠠ ᠪᠣᠯᠬᠤ ᠪᠤᠭᠤᠲᠤ ᠬᠣᠲᠠ᠎ᠶ᠋ᠢᠨ ᠴᠡᠷᠢᠭ ᠠᠷᠠᠳ ᠶᠠᠭ ᠭᠠᠷ ᠬᠣᠯᠪᠣᠯᠴᠠᠨ ᠦᠶᠡᠷ᠎ᠢ ᠰᠡᠷᠭᠡᠢᠯᠡᠵᠦ᠍ ᠠᠶᠤᠯ᠎ᠡᠴᠡ ᠠᠪᠤᠷᠬᠠᠸ᠋ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠪᠠᠶᠠᠷ᠎ᠤᠨ ᠡᠳᠦᠷ᠎ᠦᠨ ᠦᠨᠡᠨ ᠬᠦ᠌ ᠤᠳᠬ᠎ᠠ ᠠᠭᠤᠯᠭ᠎ᠠ᠎ᠶ᠋ᠢ ᠲᠠᠢᠯᠪᠤᠷᠢᠯᠠᠯᠠ — ᠳᠣᠭ᠍ᠰᠢᠨ ᠰᠠᠯᠬᠢ ᠱᠢᠷᠦᠭᠦᠨ ᠪᠣᠷᠣᠭᠠᠨ᠎ᠤ ᠳᠤᠮᠳᠠ《ᠴᠡᠷᠢᠭ ᠠᠷᠠᠳ ᠪᠦᠯᠬᠦᠮᠳᠡᠨ ᠰᠡᠳᠭᠢᠯ ᠨᠢᠭᠡᠲᠦᠨ ᠬᠦᠴᠦ ᠪᠡᠨ ᠬᠠᠮᠲᠤᠳᠬᠠᠨ᠎ᠠ》 ᠭᠡᠬᠦ᠌ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠃
7 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ᠂ ᠪᠤᠭᠤᠲᠤ ᠬᠤᠳᠠ᠎ᠶ᠋ᠢᠨ ᠣᠭ᠍ᠲᠠᠷᠭᠤᠢ ᠶᠢ ᠪᠠᠷᠠᠭᠠᠨ ᠡᠭᠦᠯᠡ ᠪᠦᠷᠬᠦᠵᠦ᠍᠂ ᠪᠤᠷᠴᠠᠭ᠎ᠤᠨ ᠴᠢᠨᠡᠭᠡᠨ ᠪᠣᠷᠣᠭᠠᠨ᠎ᠤ ᠲᠤᠰᠤᠯ ᠱᠢᠯ ᠳᠡᠭᠡᠷ᠎ᠡ ᠫᠠᠷᠴᠢᠭᠢᠨᠠᠨ ᠳᠤᠤᠭᠠᠷᠴᠤ᠌᠂ ᠪᠦᠬᠦᠢᠯᠡ ᠬᠤᠳᠠ ᠨᠢ ᠭᠡᠨᠡᠳᠲᠡ ᠡᠭᠦᠰᠦᠭ᠌ᠰᠡᠨ ᠠᠭᠠᠳᠠᠷ ᠪᠣᠷᠣᠭᠠᠨ᠎ᠤ ᠳᠤᠮᠳᠠ ᠤᠰᠤᠲᠤᠯ᠎ᠤᠨ ᠪᠠᠴᠢᠮ ᠪᠠᠢᠳᠠᠯ᠎ᠳᠤ ᠣᠷᠣᠪᠠ᠃ ᠣᠯᠠᠩᠬᠢ ᠬᠣᠲᠠ᠎ᠶ᠋ᠢᠨ ᠠᠷᠠᠳ ᠲᠦᠷᠭᠡᠨ ᠭᠡᠭᠴᠢ ᠬᠡᠷ᠎ᠲᠡᠬᠡᠨ ᠬᠠᠷᠢᠵᠤ ᠠᠶᠤᠯ᠎ᠡᠴᠡ ᠵᠠᠢᠯᠠᠬᠤ᠎ᠳᠤ᠂ ᠨᠢᠭᠡ ᠪᠦᠯᠦᠭ ᠤᠨᠴᠠᠭᠠᠢ ᠬᠦᠮᠦᠰ ᠬᠠᠷᠢᠨ ᠠᠶᠤᠯ ᠲᠦᠭᠰᠢᠭᠦᠷᠢ᠎ᠶᠢ ᠰᠦᠷᠦᠨ ᠤᠷᠤᠭᠰᠢᠯᠠᠨ᠎ᠠ — ᠪᠤᠭᠤᠲᠤ ᠬᠣᠲᠠ᠎ᠶ᠋ᠢᠨ ᠴᠡᠷᠢᠭ᠎ᠦᠨ ᠠᠯᠪᠠᠨ᠎ᠡᠴᠡ ᠬᠠᠯᠠᠭᠳᠠᠭᠰᠠᠳ᠎ᠤᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠭᠡᠱᠢᠭᠦᠳ ᠱᠢᠷᠦᠭᠦᠨ ᠤᠷᠤᠰᠭᠠᠯ ᠢ ᠰᠥᠷᠴᠦ᠍᠂ ᠬᠠᠮᠤᠭ᠎ᠤᠨ ᠭᠦᠨ ᠤᠰᠤ ᠲᠡᠢᠰᠢ᠂ ᠠᠶᠤᠯ ᠲᠦᠭ᠌ᠰᠢᠭᠦᠷᠢᠲᠦ ᠪᠠᠢᠳᠠᠯ᠎ᠢᠶᠡᠷ ᠬᠠᠮᠤᠭ᠎ᠤᠨ ᠬᠦᠨᠳᠦ ᠭᠠᠵᠠᠷ ᠳᠠᠢᠰᠢ ᠴᠢᠭᠯᠡᠪᠡ᠃
ᠲᠣᠰ ᠡᠳᠦᠷ᠎ᠦᠨ ᠦᠳᠡ᠎ᠶ᠋ᠢᠨ ᠬᠣᠢᠨᠠᠬᠢ 5 ᠴᠠᠭ᠎ᠲᠤ᠂ ᠠᠵᠢᠯ᠎ᠳᠤ ᠪᠡᠯᠡᠳᠭᠡᠬᠦ ᠵᠠᠷᠯᠢᠭ᠎ᠢ ᠴᠡᠷᠢᠭ᠎ᠦᠨ ᠠᠯᠪᠠᠨ᠎ᠡᠴᠡ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠲᠣᠪᠴᠢᠶ᠎ᠠ ᠪᠣᠯᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠮᠲᠤᠷᠠᠨ ᠪᠠᠢᠭᠤᠯᠤᠭ᠍ᠰᠠᠨ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠪᠠᠷ ᠳᠠᠮᠵᠢᠭᠤᠯᠤᠨ ᠪᠠᠭᠤᠯᠭᠠᠪᠠ᠃ ᠵᠢᠷᠭᠢᠶ᠎ᠡ᠎ᠶ᠋ᠢᠨ ᠬᠣᠯᠪᠣᠭ᠎ᠠ᠎ᠳᠡᠬᠢ ᠴᠢᠮᠡᠭᠡ ᠵᠢ ᠤᠯᠬᠤ ᠲᠠᠢ ᠵᠡᠷᠭᠡ᠂ ᠭᠡᠷ᠎ᠲᠡᠬᠡᠨ ᠬᠣᠭᠣᠯᠠ ᠬᠢᠵᠦ᠍ ᠪᠠᠢᠭ᠍ᠰᠠᠨ ᠭᠡᠱᠢᠭᠦᠳ 《ᠭᠠᠳᠠᠷ ᠬᠦᠷᠮ᠎ᠡ᠎ᠪᠡᠨ ᠪᠠᠷᠢᠮᠠᠭ᠍ᠴᠠ ᠴᠤᠭ᠍ᠯᠠᠷᠠᠬᠤ ᠴᠡᠭ ᠵᠦᠭ ᠭᠦᠶᠦᠪᠡ》᠂ 《ᠴᠡᠷᠢᠭ᠎ᠦᠨ ᠬᠤᠪᠴᠠᠰᠤ᠎ᠪᠠᠨ ᠲᠠᠢᠯᠤᠭ᠍ᠰᠠᠨ ᠴᠤ᠌ ᠴᠡᠷᠢᠭ ᠬᠦᠮᠦᠨ ᠪᠣᠯᠤᠨ᠎ᠠ ᠂ ᠡᠨᠡ ᠦᠶ᠎ᠡ᠎ᠳᠦ ᠡᠷᠬᠡᠪᠰᠢ ᠪᠠᠢᠯᠳᠤᠬᠤ ᠬᠡᠷᠡᠭ᠌ᠲᠡᠢ!》 ᠭᠡᠬᠦ ᠲᠠᠩᠭᠠᠷᠢᠭ ᠨᠢ ᠱᠢᠷᠦᠭᠦᠨ ᠪᠣᠷᠣᠭᠠᠨ᠎ᠤ ᠳᠤᠮᠳᠠ ᠣᠨᠴᠠᠭᠠᠢ ᠬᠠᠩᠭᠢᠨᠠᠮ᠎ᠠ ᠰᠤᠨᠤᠰᠲᠠᠨ᠎ᠠ᠃ ᠬᠠᠭᠠᠰᠭᠠᠨ ᠴᠠᠭ᠎ᠤᠨ ᠳᠣᠲᠣᠷ᠎ᠠ᠂ ᠳᠤᠮᠳᠠᠴᠢ᠎ᠪᠠᠷ 35 ᠨᠠᠰᠤᠲᠠᠶ ᠡᠨᠡ ᠬᠦ᠌ ᠡᠩᠨᠡᠭᠡ ᠵᠢᠨ ᠪᠦᠬᠦ ᠭᠡᠰᠢᠭᠦᠳ ᠠᠪᠤᠷᠠᠨ ᠲᠤᠰᠠᠯᠠᠬᠤ ᠪᠠᠢᠳᠠᠯ᠎ᠳᠠᠭᠠᠨ ᠤᠷᠤᠵᠠᠢ; 1 ᠴᠠᠭ᠎ᠤᠨ ᠳᠣᠲᠣᠷ᠎ᠠ᠂ 5 ᠳᠠᠭᠠᠷᠢᠯᠲᠠ᠎ᠶ᠋ᠢᠨ ᠵᠠᠪᠢᠳᠤ ᠬᠡᠢ ᠳᠦᠭᠦᠷᠭᠡᠬᠦ᠌ ᠪᠠᠢᠴᠠᠭᠠᠨ ᠵᠠᠰᠠᠯᠲᠠ ᠬᠢᠵᠦ᠍᠂ 90 ᠭᠠᠷᠤᠶ ᠬᠡᠭᠡᠷᠡᠯᠡᠭ᠌ᠴᠢ ᠮᠠᠱᠢᠨ᠎ᠳᠤ ᠲᠣᠰᠣ ᠳᠦᠭᠦᠷᠭᠡᠵᠦ᠍᠂ ᠤᠰᠤᠨ ᠣᠷᠣᠨ᠎ᠤ ᠠᠪᠤᠷᠠᠨ ᠲᠤᠰᠠᠯᠠᠬᠤ ᠲᠣᠨᠣᠭ᠍ᠯᠠᠯ᠎ᠢ ᠪᠦᠬᠦᠨ᠎ᠢ ᠪᠡᠯᠡᠬᠡᠨ ᠪᠤᠯᠭᠠᠯ᠎ᠠ᠃
7 ᠰᠠᠷ᠎ᠠ᠎ᠶ᠋ᠢᠨ 11 ᠤ᠋ ᠥᠷᠯᠥᠭᠡ ᠪᠣᠯᠲᠠᠯ᠎ᠠ᠂ ᠡᠨᠡ ᠬᠦ᠌ ᠰᠠᠯᠠᠭ᠎ᠠ ᠴᠡᠷᠢᠭ᠎ᠤᠨ ᠠᠯᠪᠠᠨ᠎ᠡᠴᠡ ᠬᠠᠯᠠᠭ᠍ᠳᠠᠭ᠍ᠰᠠᠳ᠎ᠢᠶᠠᠷ ᠪᠦᠷᠢᠯᠳᠦᠭ᠌ᠰᠡᠨ ᠭᠠᠪᠱᠢᠭᠠᠢ ᠠᠩᠬᠢ ᠪᠤᠰᠤᠳ ᠠᠪᠤᠷᠠᠨ ᠲᠤᠰᠠᠯᠠᠬᠤ ᠬᠦᠴᠦᠨ᠎ᠲᠡᠶ ᠬᠠᠮᠵᠢᠯᠴᠠᠨ ᠪᠠᠢᠯᠳᠤᠵᠤ᠂ ᠨᠡᠢ᠌ᠳᠡ 280 ᠭᠠᠷᠤᠢ ᠬᠠᠱᠢᠭ᠍ᠳᠠᠭ᠍ᠰᠠᠨ ᠤᠯᠠᠨ ᠲᠦᠮᠡᠨ (78 ᠨᠠᠰᠤᠲᠠᠨ ᠪᠠ 32 ᠬᠡᠦᠬᠡᠳ ᠪᠠᠭ᠍ᠲᠠᠨ᠎ᠠ) ᠢ᠋ ᠱᠢᠯᠵᠢᠭᠦᠯᠵᠦ᠍᠂ 100 ᠭᠠᠷᠤᠢ ᠮᠠᠱᠢᠨ ᠲᠡᠷᠭᠡ᠎ᠶ᠋ᠢ ᠴᠢᠷᠴᠦ᠍ ᠠᠪᠤᠷᠠᠪᠠ᠃
ᠣᠢᠷ᠎ᠠ᠎ᠳᠤ᠂ ᠪᠤᠭᠤᠲᠤ ᠬᠣᠲᠠ ᠪᠣᠯᠤᠨ ᠪᠤᠰᠤᠳ ᠭᠠᠵᠠᠷ ᠣᠷᠣᠨ᠎ᠳᠤ ᠦᠷᠭᠦᠯᠵᠢᠯᠡᠨ ᠪᠣᠷᠣᠭᠠᠨ ᠣᠷᠣᠵᠠᠶ᠃ ᠦᠶᠡᠷ ᠤᠰᠤᠲᠤᠯ᠎ᠤᠨ ᠠᠶᠤᠯ ᠲᠦᠭ᠌ᠰᠢᠭᠦᠷᠢ᠎ᠶ᠋ᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠳᠠᠷᠤᠢ ᠲᠦᠷᠭᠡᠨ ᠡᠬᠢᠯᠡᠭᠦᠯᠵᠦ᠍᠂ ᠵᠡᠪᠰᠡᠭ᠌ᠲᠦ ᠴᠠᠭ᠍ᠳᠠᠭ᠎ᠠ᠂ ᠲᠤᠰᠭᠠᠢ ᠠᠪᠤᠷᠠᠨ ᠲᠤᠰᠠᠯᠠᠬᠤ ᠠᠩᠬᠢ ᠪᠣᠯᠤᠨ ᠨᠡᠢᠭᠡᠮ᠎ᠦᠨ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠍ ᠪᠠᠢᠭᠠᠳ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠤᠯᠠᠨ ᠲᠠᠯ᠎ᠠ᠎ᠶ᠋ᠢᠨ ᠬᠦᠴᠦᠨ ᠥᠨᠳᠥᠷ ᠪᠦᠲᠦᠮᠵᠢᠲᠡᠢ᠎ᠪᠡᠷ ᠬᠠᠮᠵᠢᠯᠴᠠᠨ ᠪᠠᠢᠯᠳᠤᠪᠠ᠃ ᠪᠤᠭᠤᠲᠤ ᠵᠡᠷᠭᠡ ᠭᠠᠮᠱᠢᠭ᠍ᠳᠠᠭ᠍ᠰᠠᠨ ᠣᠷᠣᠨ᠎ᠳᠤ᠂ ᠵᠡᠪᠰᠡᠭ᠌ᠲᠦ ᠴᠠᠭ᠍ᠳᠠᠭ᠎ᠠ᠎ᠶ᠋ᠢᠨ ᠳᠠᠷᠤᠭ᠎ᠠ ᠪᠠᠢᠯᠳᠤᠭ᠍ᠴᠢᠳ ᠪᠤᠯᠤᠨ ᠥᠪᠥᠷ ᠮᠣᠩᠭᠣᠯ᠎ᠤᠨ ᠣᠶ ᠱᠢᠭᠤᠶ᠎ᠶ᠋ᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠵᠢᠨ ᠬᠢᠨ᠎ᠲᠠᠶ ᠭᠤᠤᠯᠯᠠᠭ᠍ᠴᠢ ᠬᠦᠴᠦᠨ ᠪᠣᠯᠵᠣ᠂ ᠬᠣᠲᠠ᠎ᠶ᠋ᠢᠨ ᠦᠶᠡᠷ ᠤᠰᠤᠲᠤᠯ᠎ᠢ ᠵᠠᠯᠠᠬᠤ ᠪᠤᠭᠤᠮᠲᠠ ᠱᠢᠪᠲᠤᠯᠬᠤ ᠡᠭᠦᠷᠭᠡ᠎ᠶ᠋ᠢ ᠨᠢᠭᠡᠨᠲᠡ 23 ᠤᠳᠠᠭ᠎ᠠ ᠵᠠᠯᠭᠠᠭ᠎ᠠ᠎ᠪᠠᠷ ᠭᠦᠶ᠋ᠴᠡᠳᠭᠡᠪᠡ; ᠥᠪᠥᠷ ᠮᠣᠩᠭᠣᠯ᠎ᠤᠨ ᠯᠠᠨ ᠲᠢᠶᠠᠨ ᠠᠪᠤᠷᠠᠨ ᠲᠤᠰᠠᠯᠠᠬᠤ ᠨᠡᠢᠭᠡᠮᠯᠢᠭ᠂ ᠤᠮᠠᠷᠠᠲᠤ ᠬᠢᠯᠢ᠎ᠶ᠋ᠢᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠭᠠᠪᠱᠢᠭᠠᠶ ᠠᠩᠭᠢ ᠵᠡᠷᠭᠡ ᠨᠡᠢᠭᠡᠮ᠎ᠦᠨ ᠬᠦᠴᠦᠨ ᠨᠢ ᠠᠮᠢᠳᠤᠯᠢᠭ ᠪᠠᠢᠬᠤ ᠳᠠᠪᠠᠭᠤᠯᠢᠭ᠎ᠢᠶᠠᠨ ᠪᠠᠳᠠᠷᠠᠭᠤᠯᠵᠤ᠂ ᠨᠡᠢᠲᠡ 89 ᠬᠡᠰᠡᠭ ᠤᠰᠤᠲᠤᠭ᠍ᠰᠠᠨ ᠴᠡᠭ᠎ᠢ ᠵᠢᠭ᠍ᠰᠠᠭᠠᠨ ᠪᠠᠢᠴᠠᠭᠠᠵᠤ᠂ 545 ᠨᠡᠷᠡᠰ ᠬᠠᠱᠢᠭ᠍ᠳᠠᠭ᠍ᠰᠠᠨ ᠣᠯᠠᠨ ᠲᠦᠮᠡᠨ᠎ᠢ ᠠᠮᠵᠢᠯᠲᠠ᠎ᠲᠠᠶ ᠱᠢᠯᠵᠢᠭᠦᠯᠦᠨ᠂ 241 ᠲᠡᠷᠭᠡ ᠬᠥᠰᠭᠡ᠎ᠶ᠋ᠢᠨ ᠠᠶᠤᠯ᠎ᠡᠴᠡ ᠮᠤᠯᠲᠤᠷᠠᠬᠤ᠎ᠳᠤ ᠲᠤᠰᠠᠯᠠᠪᠠ᠃
ᠲᠤᠬᠠᠶ᠎ᠶ᠋ᠢᠨ ᠭᠠᠵᠠᠷ᠎ᠤᠨ ᠴᠠᠭ ᠠᠭᠤᠷ᠎ᠤᠨ ᠲᠣᠪᠴᠢᠶᠠᠨ᠎ᠤ ᠬᠠᠮᠤᠭ᠎ᠤᠨ ᠱᠢᠨ᠎ᠡ ᠨᠡᠢᠲᠡᠯᠡᠭ᠌ᠰᠡᠨ᠎ᠢᠶᠡᠷ᠂ ᠵᠢᠱ᠌ᠢᠯᠲᠡ᠎ᠪᠡᠷ 7 ᠰᠠᠷ᠎ᠠ᠎ᠶ᠋ᠢᠨ 31 ᠡᠴᠡ 8 ᠰᠠᠷ᠎ᠠ᠎ᠶ᠋ᠢᠨ 4 ᠤ᠋ ᠡᠳᠦᠷ ᠪᠣᠯᠲᠠᠯ᠎ᠠ᠂ ᠪᠤᠭᠤᠲᠤ ᠬᠣᠲᠠ᠎ᠳᠤ ᠪᠤᠷᠤᠭᠠᠨ ᠤᠯᠠᠨ ᠪᠠᠢᠵᠤ᠂ ᠱᠢᠷᠦᠭᠦᠨ ᠰᠣᠯᠢᠭ ᠤᠷᠤᠰᠭᠠᠯ᠎ᠤᠨ ᠬᠥᠬᠡ ᠥᠩᠭᠡ᠎ᠶ᠋ᠢᠨ ᠰᠡᠷᠡᠮᠵᠢ ᠵᠢᠨ ᠲᠤᠬᠢᠶ᠎ᠠ ᠵᠢ ᠨᠡᠢᠲᠡᠯᠡᠪᠡ! ᠤᠮᠠᠷᠠᠲᠤ᠎ᠶ᠋ᠢᠨ ᠡᠨᠡ ᠬᠦ᠌ ᠪᠤᠯᠤᠳ ᠬᠤᠳᠠ ᠦᠶᠡᠷ᠎ᠢ ᠰᠡᠷᠭᠡᠢᠯᠡᠬᠦ᠌ ᠲᠠᠢᠨ᠎ᠦ ᠪᠠᠢᠳᠠᠯ᠎ᠳᠤ ᠲᠠᠬᠢᠨᠲᠠ ᠣᠷᠣᠵᠤ᠂ ᠴᠡᠷᠢᠭ ᠠᠩᠬᠢ ᠪᠣᠯᠤᠨ ᠣᠷᠣᠨ ᠨᠤᠲᠤᠭ ᠬᠠᠮᠵᠢᠯᠴᠠᠭ᠍ᠰᠠᠨ ᠪᠠᠲᠤ ᠪᠠᠬᠢ ᠰᠡᠷᠭᠡᠢᠯᠡᠯᠲᠡ᠎ᠶ᠋ᠢᠨ ᠱᠤᠭᠤᠮ ᠨᠢ ᠦᠷᠭᠦᠯᠵᠢᠯᠡᠨ ᠡᠷᠡᠯᠬᠡᠭᠯᠡᠨ ᠲᠡᠮᠡᠴᠡᠬᠦ ᠪᠡᠷ ᠪᠡᠯᠡᠬᠡᠨ ᠪᠠᠢᠨ᠎ᠠ᠃
ᠡᠨᠡ ᠵᠢᠯ᠎ᠦᠨ 4 ᠰᠠᠷ᠎ᠠ᠎ᠶ᠋ᠢᠨ 23 ᠤ᠋ ᠡᠳᠦᠷ᠂ ᠪᠤᠭᠤᠲᠤ ᠬᠣᠲᠠ 《ᠪᠥᠬᠥ᠌ ᠤᠯᠤᠰ᠎ᠤᠨ ᠬᠣᠶᠠᠷ᠎ᠢ ᠬᠦᠷᠢᠶᠡᠯᠡᠭ᠌ᠰᠡᠨ ᠵᠢᠱ᠌ᠢᠶᠡᠴᠢ ᠬᠣᠲᠠ》 ᠶ᠋ᠢᠨ ᠢᠷᠠᠭᠤ ᠠᠯᠳᠠᠷ᠎ᠢ ᠳᠠᠬᠢᠨᠲᠠ ᠭᠥᠷᠳᠡᠪᠡ᠂ ᠡᠨᠡ ᠨᠢ ᠨᠢᠭᠡᠨᠲᠡ ᠲᠣᠰ ᠬᠣᠲᠠ᠎ᠶ᠋ᠢᠨ ᠠᠷᠪᠠᠳᠠᠬᠢ ᠤᠳᠠᠭ᠎ᠠ ᠲᠣᠰ ᠢᠷᠠᠭᠤ ᠠᠯᠳᠠᠷ᠎ᠢ ᠭᠥᠷᠳᠡᠵᠦ᠍ ᠪᠠᠢᠭ᠎ᠠ ᠶᠠᠪᠤᠳᠠᠯ ᠪᠠᠢᠵᠤ᠂ 1991 ᠣᠨ᠎ᠳᠤ ᠲᠣᠰ ᠱᠠᠩᠨᠠᠯ᠎ᠢ ᠭᠠᠷᠭᠠᠭ᠍ᠰᠠᠨ᠎ᠡᠴᠡ ᠨᠠᠭᠠᠱᠢᠬᠢ 30 ᠭᠠᠷᠤᠶ ᠵᠢᠯ᠎ᠤᠨ ᠲᠤᠷᠰᠢ ᠬᠣᠶᠠᠷ᠎ᠢ ᠬᠦᠷᠢᠶᠡᠯᠡᠭ᠌ᠰᠡᠨ ᠭᠠᠢᠬᠠᠮᠰᠢᠭ᠎ᠢ ᠡᠭᠦᠳᠴᠡᠶ᠃ ᠳᠠᠪᠠᠯᠭᠠᠨ ᠰᠦᠷᠦᠨ ᠤᠷᠤᠭ᠍ᠰᠢᠯᠠᠬᠤ ᠣᠩᠭᠣᠴᠠ ᠪᠦᠷᠢ᠂ ᠠᠮᠢ ᠨᠠᠰᠤ᠎ᠶ᠋ᠢ ᠠᠪᠤᠷᠠᠨ ᠠᠷᠠᠳ᠎ᠢ ᠲᠤᠰᠠᠯᠠᠵᠤ ᠪᠠᠢᠭ᠎ᠠ ᠪᠠᠢᠯᠳᠤᠭᠴᠢ ᠨᠢᠭᠡ ᠪᠦᠷᠢ ᠨᠢ ᠴᠥᠮ ᠪᠤᠭᠤᠲᠤ᠎ᠶ᠋ᠢᠨ ᠴᠡᠷᠢᠭ ᠠᠷᠠᠳ᠎ᠤᠨ ᠨᠢᠭᠲᠠ ᠬᠠᠷᠢᠴᠠᠭ᠎ᠠ᠎ᠶ᠋ᠢᠨ ᠴᠠᠭ ᠦᠶ᠎ᠡ᠎ᠶ᠋ᠢᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍ ᠪᠠᠢᠳᠠᠭ᠃ ᠦᠶᠡᠷ᠎ᠦᠨ ᠤᠰᠤ ᠲᠠᠲᠠᠷᠠᠵᠤ᠂ ᠬᠣᠲᠠ᠎ᠶ᠋ᠢᠨ ᠵᠡᠭᠡᠯᠢ ᠭᠤᠳᠤᠮᠵᠢ᠎ᠳᠤ ᠬᠦᠭᠵᠢᠶᠡᠨᠲᠤ ᠪᠠᠢᠳᠠᠯ ᠲᠠᠬᠢᠨᠲᠠ ᠢᠯᠡᠷᠡᠬᠦ ᠪᠡᠷ᠂ ᠲᠡᠳᠡᠭᠡᠷ ᠴᠡᠷᠢᠭ᠎ᠤᠨ ᠬᠤᠪᠴᠠᠰᠤ ᠪᠣᠯᠤᠨ ᠠᠪᠤᠷᠠᠨ ᠲᠤᠰᠠᠯᠠᠬᠤ ᠬᠤᠪᠴᠠᠰᠤᠨ ᠳᠡᠭᠡᠷᠡᠬᠢ ᠱᠢᠪᠠᠷ ᠰᠢᠷᠤᠢ᠎ᠨᠢ ᠬᠠᠮᠤᠭ᠎ᠤᠨ ᠭᠢᠯᠠᠯᠵᠠᠮ᠎ᠠ 《ᠬᠣᠶᠠᠷ᠎ᠢ ᠬᠦᠷᠢᠶᠡᠯᠡᠭ᠌ᠰᠡᠨ ᠭᠠᠪᠢᠶᠠᠨ ᠲᠡᠮᠳᠡᠭ》 ᠪᠤᠯᠵᠤ ᠲᠤᠳᠤᠷᠠᠨ᠂ ᠨᠡᠩ ᠴᠤ᠌ 《8·1》 ᠤ᠋ ᠴᠡᠷᠢᠭ ᠪᠠᠢᠭᠤᠯᠤᠭ᠍ᠳᠠᠭ᠍ᠰᠠᠨ ᠪᠠᠶᠠᠷ᠎ᠤᠨ ᠡᠳᠦᠷ᠎ᠦᠨ ᠬᠠᠮᠤᠭ᠎ᠤᠨ ᠲᠥᠪ ᠬᠢᠴᠢᠶᠡᠩᠭᠦᠢ ᠮᠠᠭ᠍ᠲᠠᠭᠠᠯ ᠰᠠᠢᠱᠢᠶᠠᠯ ᠪᠤᠯᠬᠤ ᠪᠣᠯᠤᠨ᠎ᠠ᠃