— ᠮᠠᠱᠢᠨ ᠴᠣᠭ᠍ᠴᠠᠯᠠᠪᠤᠷᠢ ᠵᠢᠨ ᠬᠡᠪᠴᠢᠶᠡᠵᠢᠯ ᠵᠢᠡᠷ ᠪᠥᠬᠥ᠌ ᠤᠯᠤᠰ ᠲᠣ᠌ ᠲᠦᠷᠦᠭᠦᠯᠡᠵᠦ᠍ ᠪᠠᠢᠭ᠎ᠠ ᠥᠪᠥᠷ ᠮᠣᠩᠭᠣᠯ ᠤ᠋ᠨ ᠱᠢᠨ᠎ᠡ ᠡᠨᠧᠷᠭᠢ ᠵᠢᠨ ᠠᠵᠤ ᠦᠶ᠋ᠯᠡᠰ ᠤ᠋ᠨ ᠬᠥᠭ᠌ᠵᠢᠯᠲᠡ ᠵᠢᠨ ᠬᠠᠨᠳᠤᠰᠢ ᠵᠢ ᠬᠠᠷᠠᠬᠤᠢ
ᠳᠡᠯᠭᠡᠷ ᠵᠣᠨ ᠤ᠋ ᠤᠯᠠᠷᠢᠯ ᠳ᠋ᠦ ᠶᠤᠸᠠᠨ ᠵᠢᠩ ᠮᠸᠩ ᠱᠢᠨ ᠪᠦᠯᠦᠭ᠌ᠯᠡᠯ ᠤ᠋ᠨ ᠬᠥᠬᠡᠬᠣᠲᠠ ᠵᠢᠨ ᠰᠠᠭᠠᠯᠢᠴᠢᠨ ᠱᠢᠨ᠎ᠡ ᠡᠨᠧᠷᠭᠢ ᠵᠢᠨ ᠲᠣᠨᠣᠭᠯᠠᠯ ᠦᠶ᠋ᠯᠡᠳᠬᠦ᠌ ᠰᠠᠭᠤᠷᠢᠨ ᠳ᠋ᠦ ᠬᠦᠷᠬᠦᠯᠡᠷ ᠵᠠᠬᠢᠶᠠᠯᠠᠭ᠎ᠠ ᠵᠢᠨ ᠬᠠᠭᠤᠳᠠᠰᠤᠪᠠᠨ ᠠᠮᠵᠢᠨ ᠦᠶ᠋ᠯᠡᠳᠪᠦᠷᠢᠯᠡᠵᠦ᠍ ᠪᠠᠢᠭ᠎ᠠ ᠬᠦᠭᠵᠢᠶᠡᠨᠳᠦ ᠪᠠᠢᠳᠠᠯ ᠬᠠᠷᠠᠭᠠᠨ᠎ᠠ ᠳᠤᠳᠤᠷᠠᠵᠦ᠂ ᠤᠯᠠᠨ ᠰᠠᠤᠷᠢ ᠶᠡᠬᠡ ᠰᠠᠶ᠎ᠠ ᠸᠠᠲ ᠤ᠋ᠨ ᠤᠶᠤᠨᠴᠢ ᠰᠠᠯᠬᠢᠨ ᠬᠦᠴᠦᠨ ᠤ᠋ ᠮᠠᠱᠢᠨ ᠣᠳᠣᠬᠢᠴᠢᠯᠠᠭ᠍ᠰᠠᠨ ᠦᠶ᠋ᠯᠡᠳᠪᠦᠷᠢᠯᠡᠯ ᠤ᠋ᠨ ᠱᠤᠭᠤᠮ ᠡᠴᠡ ᠦᠢᠯᠡᠳᠪᠦᠷᠢᠯᠡᠭᠳᠡᠨᠡ᠃
《ᠰᠠᠭᠤᠷᠢᠨ ᠡᠨᠡ ᠵᠢᠯ ᠠᠱᠢᠭ᠍ᠯᠠᠯᠲᠠ ᠳ᠋ᠦ ᠣᠷᠣᠭ᠍ᠰᠠᠨ ᠡᠴᠡ ᠨᠠᠭᠠᠰᠢ ᠨᠢᠭᠡᠨᠲᠡ 1 ᠳ᠋ᠦᠩᠱᠢᠭᠤᠷ ᠲᠥᠭᠥᠷᠢᠭ ᠤ᠋ᠨ ᠦᠶ᠋ᠯᠡᠳᠬᠦᠨ ᠤ᠋ ᠥᠷᠲᠡᠭ ᠢ᠋ ᠳᠠᠪᠠᠭ᠍ᠰᠠᠨ ᠬᠢᠷᠢ ᠪᠦᠲᠦᠮᠵᠢ ᠵᠢᠨ ᠬᠠᠭᠤᠳᠠᠰᠤ ᠲᠤᠱᠢᠶᠠᠪᠠ 》 ᠭᠡᠵᠦ ᠲᠣᠰ ᠰᠠᠭᠤᠷᠢᠨ ᠤ᠋ ᠬᠠᠷᠢᠭᠤᠴᠠᠯᠭᠠᠲᠠᠨ ᠢᠦᠶ ᠱᠢᠶᠤᠤ ᠹᠸᠩ ᠬᠡᠯᠡᠨ᠎ᠡ᠃ ᠲᠡᠷᠡ ᠪᠠᠰᠠ᠂ 《ᠪᠢᠳᠡ ᠶᠠᠭ ᠬᠥᠬᠡᠬᠣᠲᠠ ᠳ᠋ᠦ ᠡᠨᠧᠷᠭᠢ ᠨᠥᠭᠡᠴᠡᠯᠡᠬᠦ᠌ ᠬᠤᠷᠠᠮᠠᠯ ᠦᠶ᠋ᠯᠡᠳᠪᠦᠷᠢᠯᠡᠯ ᠤ᠋ᠨ ᠱᠤᠭᠤᠮ ᠢ᠋ ᠵᠡᠷᠭᠡᠪᠡᠷ ᠪᠥᠲᠥᠭᠡᠨ ᠪᠠᠢᠭᠤᠯᠵᠤ᠂ 〈ᠰᠠᠯᠬᠢᠨ ᠬᠦᠴᠦᠨ ᠤ᠋ ᠮᠠᠱᠢᠨ + ᠡᠨᠧᠷᠭᠢ ᠨᠥᠭᠡᠴᠡᠯᠡᠬᠦ〉 ᠬᠤᠤᠰ ᠬᠦᠷᠳᠦᠲᠦ ᠬᠥᠳᠡᠯᠭᠡᠭᠦᠷ ᠤ᠋ᠨ ᠵᠠᠭ᠍ᠪᠤᠷ ᠢ᠋ ᠪᠣᠶ ᠪᠣᠯᠭᠠᠵᠤ᠂ ᠬᠡᠯᠬᠢᠶᠡᠲᠦ ᠪᠦᠯᠦᠭᠵᠢᠯ ᠮᠠᠶᠢᠭ ᠤ᠋ᠨ ᠬᠥᠭ᠌ᠵᠢᠯᠲᠡ ᠪᠡᠷ ᠱᠢᠨ᠎ᠡ ᠡᠨᠧᠷᠭᠢ ᠵᠢᠨ ᠠᠵᠤ ᠦᠶ᠋ᠯᠡᠰ ᠤ᠋ᠨ ᠲᠠᠰ ᠳᠡᠪᠱᠢᠬᠦ᠌ᠳᠦ ᠬᠦᠴᠦᠲᠡᠶ ᠬᠥᠳᠡᠯᠭᠡᠭᠦᠷ ᠬᠠᠩᠭᠠᠵᠤ᠂ ᠵᠢᠱ᠌ᠢᠯᠲᠡ ᠪᠡᠷ ᠪᠥᠬᠥ᠌ ᠵᠢᠯ ᠤ᠋ᠨ ᠦᠶ᠋ᠯᠡᠳᠬᠦᠨ ᠤ᠋ ᠥᠷᠲᠡᠭ 60 ᠳ᠋ᠦᠩᠱᠢᠭᠤᠷ ᠲᠥᠭᠥᠷᠢᠭ ᠲᠣ᠌ ᠬᠥᠷᠬᠥ᠌ ᠪᠣᠯᠤᠨ᠎ᠠ 》 ᠭᠡᠵᠦ ᠲᠠᠨᠢᠯᠴᠠᠭᠤᠯᠤᠨ᠎ᠠ᠃
ᠮᠠᠨ ᠤ᠋ ᠤᠷᠤᠨ ᠤ᠋ ᠰᠠᠯᠬᠢᠨ ᠬᠦᠴᠦᠨ ᠭᠡᠷᠡᠯᠴᠢ ᠴᠡᠨᠡᠭ ᠤ᠋ᠨ ᠡᠬᠢ ᠪᠠᠶᠠᠯᠢᠭ ᠡᠯᠪᠡᠭ᠂ ᠰᠠᠯᠬᠢᠨᠤ ᠡᠨᠧᠷᠭᠢ ᠵᠢᠨ ᠡᠬᠢ ᠪᠠᠶᠠᠯᠢᠭ ᠤ᠋ᠨ ᠮᠡᠷᠭᠡᠵᠢᠯ ᠤ᠋ᠨ ᠨᠡᠭᠡᠭᠡᠨ ᠠᠱᠢᠭ᠍ᠯᠠᠵᠤ ᠪᠣᠯᠬᠤᠢᠴᠠ ᠬᠡᠮᠵᠢᠶ᠎ᠡ 14.6 ᠳ᠋ᠦᠩᠱᠢᠭᠤᠷ ᠺᠢᠯᠦᠸᠠᠲ ᠲᠣ᠌ ᠬᠦᠷᠴᠦ᠍᠂ ᠪᠠᠷᠤᠭ ᠪᠦᠬᠦ᠌ ᠤᠯᠤᠰ ᠤ᠋ᠨ 57% ᠵᠢ ᠡᠵᠡᠯᠡᠪᠡ; ᠨᠡᠷᠡᠨ ᠤ᠋ ᠡᠨᠧᠷᠭᠢ ᠵᠢᠨ ᠡᠬᠢ ᠪᠠᠶᠠᠯᠢᠭ ᠤ᠋ᠨ ᠮᠡᠷᠭᠡᠵᠢᠯ ᠤ᠋ᠨ ᠨᠡᠭᠡᠭᠡᠨ ᠠᠱᠢᠭ᠍ᠯᠠᠵᠤ ᠪᠣᠯᠬᠤᠢᠴᠠ ᠬᠡᠮᠵᠢᠢ᠎ᠡ 94 ᠳ᠋ᠦᠩᠱᠢᠭᠤᠷ ᠺᠢᠯᠦᠸᠠᠲ ᠲᠣ᠌ ᠬᠦᠷᠴᠦ᠍᠂ ᠪᠠᠷᠤᠭ ᠪᠦᠬᠦ᠌ ᠤᠯᠤᠰ ᠤ᠋ᠨ 21% ᠵᠢ ᠡᠵᠡᠯᠡᠵᠠᠢ᠃ 《ᠰᠠᠯᠬᠢᠨ ᠬᠦᠴᠦᠨ ᠭᠡᠷᠡᠯᠴᠢ ᠴᠡᠨᠡᠭ ᠤ᠋ᠨ ᠡᠬᠢ ᠪᠠᠶᠠᠯᠢᠭ ᠬᠢᠵᠠᠭᠠᠯᠠᠰᠢ ᠦᠭᠡᠢ》 ᠨᠢ ᠮᠠᠨ ᠤ᠋ ᠤᠷᠤᠨ ᠤ᠋ ᠱᠢᠨ᠎ᠡ ᠡᠨᠧᠷᠭᠢ ᠵᠢᠨ ᠬᠥᠭ᠌ᠵᠢᠯᠳᠡᠳᠦ ᠥᠷᠭᠡᠨ ᠠᠭᠤᠳᠠᠮ ᠣᠷᠣᠨ ᠵᠠᠢ ᠵᠢ ᠨᠡᠭᠡᠭᠡᠵᠦ᠍ ᠥᠭ᠌ᠴᠡᠢ᠃
ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠪᠣᠯᠤᠭ᠍ᠰᠠᠨ ᠤ᠋ ᠬᠤᠪᠢ ᠳ᠋ᠦ ᠮᠠᠨ ᠤ᠋ ᠤᠷᠤᠨ ᠣᠢᠷ᠎ᠠ ᠵᠢᠨ ᠵᠢᠯᠳᠦ 《ᠭᠠᠵᠠᠷ ᠳᠡᠭᠡᠷ᠎ᠡ ᠪᠡᠨ ᠰᠠᠯᠬᠢᠨ ᠬᠦᠴᠦᠨ ᠭᠡᠷᠡᠯ ᠤ᠋ᠨ ᠡᠨ᠋ᠸᠷᠬᠢᠲᠡᠶ᠂ ᠭᠠᠵᠠᠷ ᠳᠤᠤᠷ᠎ᠠ ᠪᠡᠨ ᠨᠡᠭᠦᠷᠡᠰᠦᠲᠡᠶ᠂ ᠭᠠᠷᠲᠠᠭᠠᠨ ᠴᠠᠬᠢᠯᠭᠠᠨ ᠲᠤᠤᠷᠲᠠᠶ》 ᠪᠠᠢᠬᠤ ᠳᠠᠪᠠᠭᠤᠯᠢᠭ ᠢ᠋ ᠭᠦᠶ᠋ᠴᠡᠳ ᠠᠱᠢᠭ᠍ᠯᠠᠨ᠂ 《ᠬᠤᠤᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ ᠵᠢ ᠲᠣᠭ᠍ᠲᠠᠭᠠᠵᠤ᠂ ᠱᠢᠨ᠎ᠡ ᠡᠨᠧᠷᠭᠢ ᠵᠢ ᠨᠡᠭᠡᠭᠡᠨ ᠠᠱᠢᠭ᠍ᠯᠠᠬᠤ ᠪᠠ ᠱᠢᠨ᠎ᠡ ᠡᠨᠧᠷᠭᠢ ᠵᠢᠨ ᠲᠣᠨᠣᠭᠯᠠᠯ ᠦᠶ᠋ᠯᠡᠳᠬᠦ᠌ ᠠᠵᠤ ᠦᠶ᠋ᠯᠡᠰ ᠤ᠋ᠨ ᠬᠥᠭ᠌ᠵᠢᠯᠲᠡ ᠵᠢ ᠬᠠᠮᠵᠢᠯᠴᠠᠨ ᠠᠬᠢᠭᠤᠯᠵᠤ᠂ ᠱᠢᠨ᠎ᠡ ᠡᠨᠧᠷᠭᠢ ᠵᠢᠨ ᠬᠥᠭ᠌ᠵᠢᠯᠲᠡ ᠰᠦᠷ ᠳᠠᠯᠠᠢᠴᠠᠳᠠᠢ ᠶᠠᠪᠤᠭᠳᠠᠪᠠ᠃
ᠣᠷᠳᠣᠰ ᠬᠣᠲᠠ ᠵᠢᠨ ᠳᠠᠯᠠᠳ ᠬᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠬᠡᠷᠡᠭᠯᠡᠭᠡᠨ ᠤ᠋ ᠳᠠᠭᠠᠭᠤᠯᠤᠭᠴᠢ ᠰᠠᠭᠤᠷᠢᠨ ᠢ᠋ 2017 ᠣᠨ ᠡᠴᠡ ᠡᠬᠢᠯᠡᠨ ᠪᠠᠢᠭᠤᠯᠤᠭ᠍ᠰᠠᠨ ᠡᠴᠡ ᠣᠲᠣ ᠪᠣᠯᠲᠠᠯ᠎ᠠ ᠵᠢᠯᠳᠦ 20 ᠳ᠋ᠦᠩᠱᠢᠭᠤᠷ ᠺᠢᠯᠦᠸᠠᠲ ᠴᠠᠭ ᠤ᠋ᠨ ᠪᠣᠬᠢᠷᠲᠤᠯ ᠥᠬᠡᠶ ᠴᠠᠬᠢᠯᠭᠠᠨ ᠭᠠᠷᠭᠠᠵᠤ᠂ 68 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠨ᠂ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠳᠠ ᠵᠢ 165 ᠲᠦᠮᠡᠨ ᠲᠣᠨ ᠪᠠᠭᠠᠰᠭᠠᠪᠠ᠃ ᠳᠤᠮᠳᠠᠳᠦ ᠤᠯᠤᠰ ᠤ᠋ᠨ ᠭᠤᠸᠠᠩ ᠡᡁᠸ ᠪᠦᠯᠦᠭᠯᠡᠯ ᠤ᠋ᠨ ᠬᠢᠩᠭᠠᠨ ᠠᠢᠮᠠᠭ ᠤ᠋ᠨ 300 ᠲᠦᠮᠡᠨ ᠺᠢᠯᠦᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠤ᠋ ᠲᠥᠷᠥᠯ ᠵᠦᠶ᠋ᠯ ᠨᠢ 2023 ᠣᠨ ᠳ᠋ᠦ ᠪᠥᠬᠥ᠌ ᠪᠠᠭ᠍ᠲᠠᠭᠠᠮᠵᠢ ᠪᠡᠷ ᠲᠤᠤᠷ ᠲᠣ᠌ ᠨᠡᠢᠯᠡᠬᠦᠯᠦᠨ ᠠᠱᠢᠭ᠍ᠯᠠᠯᠲᠠ ᠳ᠋ᠦ ᠣᠷᠣᠭᠤᠯᠬᠤ ᠵᠢ ᠪᠡᠶᠡᠯᠡᠬᠦᠯᠵᠦ᠂ ᠵᠢᠯ ᠪᠦᠷᠢ ᠵᠢᠨ ᠴᠠᠬᠢᠯᠭᠠᠨ ᠭᠠᠷᠭᠠᠬᠤ ᠬᠡᠮᠵᠢᠶ᠎ᠡ ᠨᠢ 100 ᠳ᠋ᠦᠩᠱᠢᠭᠤᠷ ᠺᠢᠯᠦᠸᠠᠲ ᠴᠠᠭ ᠢ᠋ ᠳᠠᠪᠠᠬᠤ ᠪᠣᠯᠤᠨ᠎ᠠ ᠁
2024 ᠣᠨ ᠳ᠋ᠦ ᠮᠠᠨ ᠤ᠋ ᠤᠷᠤᠨ ᠤ᠋ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 1.35 ᠳ᠋ᠦᠩᠱᠢᠭᠤᠷ ᠺᠢᠯᠦᠸᠠᠲ ᠢ᠋ ᠳᠠᠪᠠᠵᠤ᠂ ᠪᠥᠬᠥ᠌ ᠵᠢᠯ ᠤ᠋ᠨ ᠦᠶ᠋ᠯᠡᠳᠪᠦᠷᠢᠯᠡᠭ᠌ᠰᠡᠨ ᠪᠤᠬᠢᠷᠳᠦᠯ ᠦᠭᠡᠢ ᠴᠠᠬᠢᠯᠭᠠᠨ 2000 ᠳ᠋ᠦᠩᠱᠢᠭᠤᠷ ᠺᠢᠯᠤᠸᠠᠲ ᠴᠠᠭ ᠢ᠋ ᠳᠠᠪᠠᠵᠤ᠂ ᠪᠥᠬᠥ᠌ ᠤᠯᠤᠰ ᠲᠣ᠌ ᠬᠠᠮᠤᠭ ᠤ᠋ᠨ ᠲᠡᠷᠢᠭᠦᠨᠳᠦ ᠮᠤᠵᠢ ᠠᠯᠤᠰᠯᠠᠭ᠍ᠰᠠᠨ ᠣᠨᠴᠠ ᠥᠨᠳᠥᠷ ᠬᠦᠴᠦᠳᠡᠯᠲᠦ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠵᠢ ᠥᠷᠨᠢᠭᠦᠯᠵᠦ᠍᠂ 5 ᠮᠤᠵᠢ ᠣᠷᠣᠨᠲᠠᠶ ᠪᠤᠬᠢᠷᠳᠦᠯ ᠦᠭᠡᠢ ᠴᠠᠬᠢᠯᠭᠠᠨ ᠢ᠋ ᠭᠠᠳᠠᠭ᠍ᠰᠢ ᠬᠦᠷᠭᠡᠬᠦ᠌ ᠠᠷᠠᠯᠵᠢᠶᠠᠨ ᠤ᠋ ᠬᠠᠮᠲᠤᠷᠠᠯᠴᠠᠭ᠎ᠠ ᠪᠠᠢᠭᠤᠯᠤᠨ᠂ ᠠᠷᠠᠯᠵᠢᠶᠠᠨ ᠤ᠋ ᠬᠡᠪᠴᠢᠶ᠎ᠡ 762 ᠳ᠋ᠦᠩᠱᠢᠭᠤᠷ ᠺᠢᠯᠤᠸᠠᠲ ᠴᠠᠭ ᠲᠣ᠌ ᠬᠦᠷᠴᠦ᠍᠂ ᠪᠥᠬᠥ᠌ ᠤᠯᠤᠰ ᠲᠣ᠌ ᠲᠡᠷᠢᠭᠦᠯᠡᠪᠡ᠃ ᠮᠠᠨ ᠤ᠋ ᠤᠷᠤᠨ ᠤ᠋ ᠪᠣᠬᠢᠷᠲᠤᠯ ᠦᠭᠡᠢ ᠡᠨᠧᠷᠭᠢ ᠵᠢ ᠬᠡᠷᠡᠭ᠌ᠯᠡᠵᠦ᠍ ᠪᠠᠢᠭ᠎ᠠ ᠮᠣᠵᠢ ᠤᠷᠤᠨ ᠡᠳᠦᠷ ᠢᠷᠡᠬᠦᠢᠠ ᠤᠯᠠᠳᠠᠵᠦ ᠪᠠᠢᠨ᠎ᠠ᠃
ᠮᠠᠨ ᠤ᠋ ᠤᠷᠤᠨ ᠤ᠋ ᠱᠢᠨ᠎ᠡ ᠡᠨᠧᠷᠭᠢ ᠵᠢᠨ ᠨᠢᠰᠭᠦ ᠮᠡᠲᠦ ᠲᠦᠷᠭᠡᠨ ᠬᠥᠭ᠌ᠵᠢᠵᠦ᠍ ᠪᠠᠢᠭ᠎ᠠ ᠪᠠᠢᠳᠠᠯ ᠨᠢ ᠤᠯᠠᠨ ᠡᠴᠡ ᠬᠡᠲᠦᠢᠳᠦᠭ᠌ᠰᠡᠨ ᠡᠬᠢ ᠪᠠᠶᠠᠯᠢᠭ ᠤ᠋ᠨ ᠳᠠᠪᠠᠭᠤᠯᠢᠭ ᠡᠴᠡ ᠢᠷᠡᠯᠲᠡᠲᠡᠶ᠂ ᠨᠡᠩ ᠴᠤ᠌ ᠮᠠᠨ ᠤ᠋ ᠤᠷᠤᠨ ᠤ᠋ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ ᠵᠢ ᠲᠣᠭ᠍ᠲᠠᠭᠠᠵᠤ᠂ ᠱᠢᠨ᠎ᠡ ᠡᠨᠧᠷᠭᠢ ᠪᠡᠷ ᠱᠢᠨ᠎ᠡ ᠠᠵᠤ ᠦᠢᠯᠡᠳᠪᠦᠷᠢ ᠵᠢ ᠳᠠᠢ᠌ᠴᠢᠯᠠᠨ ᠱᠢᠨ᠎ᠡ ᠡᠨᠧᠷᠭᠢ ᠵᠢᠨ ᠬᠦᠷᠢᠶᠡᠨᠳᠦ 《ᠠᠵᠤ ᠦᠢᠯᠡᠳᠪᠦᠷᠢ ᠵᠢᠨ ᠥᠪᠥᠷ ᠮᠣᠩᠭᠣᠯ ᠢ᠋ ᠳᠠᠬᠢᠨ ᠪᠠᠢᠭᠤᠯᠬᠤ》 ᠠᠤᠭ᠎ᠠ ᠰᠠᠨᠠᠭ᠎ᠠ ᠡᠷᠡᠯᠬᠡᠭ ᠵᠣᠷᠢᠭ ᠡᠴᠡ ᠢᠷᠡᠯᠲᠡᠲᠡᠶ ᠶᠤᠮ᠃
2024 ᠣᠨ ᠳ᠋ᠦ ᠮᠠᠨ ᠤ᠋ ᠤᠷᠤᠨ ᠱᠢᠨ᠎ᠡ ᠡᠨᠧᠷᠭᠢ ᠵᠢᠨ ᠬᠦᠷᠢᠶᠡᠨ ᠤ᠋ ᠥᠭᠡᠷᠡᠴᠢᠯᠡᠯᠲᠡ ᠵᠢ ᠬᠦᠴᠦᠯᠡᠨ ᠭᠦᠨᠵᠡᠭᠡᠢᠷᠡᠭᠦᠯᠵᠦ᠍᠂ ᠥᠭᠡᠷᠡᠴᠢᠯᠡᠯᠲᠡ ᠵᠢᠨ ᠠᠷᠭ᠎ᠠ ᠪᠡᠷ ᠱᠢᠨ᠎ᠡ ᠡᠨᠧᠷᠭᠢ ᠵᠢᠨ ᠪᠦᠲᠦᠭᠡᠨ ᠪᠠᠢᠭᠤᠯᠤᠯᠲᠠ ᠵᠢᠨ ᠡᠯᠧᠮᠧᠨ᠋ᠲ ᠤ᠋ᠨ ᠬᠢᠵᠠᠭᠠᠷᠯᠠᠯ ᠴᠢᠩᠭᠠᠷᠠᠬᠤ᠂ ᠱᠢᠨ᠎ᠡ ᠡᠨᠧᠷᠭᠢ ᠵᠢ ᠨᠡᠭᠡᠭᠡᠨ ᠬᠥᠭ᠌ᠵᠢᠭᠦᠯᠬᠦ᠌ ᠪᠠ ᠱᠢᠩᠭᠡᠭᠡᠨ ᠠᠪᠬᠤ ᠨᠢ ᠵᠣᠬᠢᠴᠠᠩᠭᠤᠢ ᠪᠤᠰᠤ ᠪᠠᠢᠬᠤ᠂ ᠴᠠᠬᠢᠯᠭᠠᠨ ᠲᠣᠣᠷ ᠤ᠋ᠨ ᠲᠤᠯᠭᠠᠭᠤᠷᠢᠯᠠᠨ ᠲᠤᠬᠢᠷᠠᠭᠤᠯᠬᠤ ᠴᠢᠳᠠᠪᠤᠷᠢ ᠬᠢᠵᠠᠭᠠᠷᠲᠠᠶ ᠪᠠᠢᠬᠤ ᠵᠡᠷᠭᠡ ᠬᠥᠭ᠌ᠵᠢᠯᠲᠡ ᠵᠢᠨ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠵᠢ ᠪᠠᠷᠢᠮᠲᠠᠯᠠᠪᠠ —
ᠱᠢᠨ᠎ᠡ ᠡᠨᠧᠷᠭᠢ ᠵᠢ ᠨᠡᠭᠡᠭᠡᠨ ᠬᠥᠭ᠌ᠵᠢᠭᠦᠯᠬᠦ᠌ ᠱᠢᠨ᠎ᠡ ᠲᠣᠭ᠍ᠲᠠᠴᠠ ᠵᠢ ᠪᠠᠢᠭᠤᠯᠵᠤ᠂ ᠱᠢᠨ᠎ᠡ ᠡᠨᠧᠷᠭᠢ ᠪᠠ ᠴᠠᠬᠢᠯᠭᠠᠨ ᠲᠣᠣᠷ ᠤ᠋ᠨ ᠢᠨᠵᠧᠨᠧᠷᠢᠩ ᠢ᠋ ᠬᠢᠨᠠᠨ ᠵᠥᠪᠱᠢᠶᠡᠷᠡᠬᠦ᠌ ᠪᠠᠢᠭᠤᠯᠤᠯᠲᠠ ᠵᠢ ᠲᠦᠷᠭᠡᠳᠭᠡᠬᠦ᠌ 13 ᠵᠦᠢᠯ ᠤ᠋ᠨ ᠠᠷᠭ᠎ᠠ ᠬᠡᠮᠵᠢᠶ᠎ᠡ ᠵᠢ ᠲᠣᠭ᠍ᠲᠠᠭᠠᠨ ᠨᠡᠢᠲᠡᠯᠡᠵᠦ᠍᠂ ᠱᠢᠨ᠎ᠡ ᠡᠨᠧᠷᠭᠢ ᠵᠢᠨ ᠵᠦᠢᠯᠡᠰ ᠤ᠋ᠨ ᠡᠮᠦᠨᠡᠬᠢ ᠬᠤᠭᠤᠴᠠᠭᠠᠨ ᠤ᠋ ᠭᠠᠷ ᠭᠦᠢᠴᠡᠳᠭᠡᠯ ᠬᠦᠢᠴᠡᠳᠬᠡᠬᠦ ᠴᠠᠭ ᠢ᠋ ᠥᠩᠭᠡᠷᠡᠭ᠌ᠰᠡᠨ ᠳ᠋ᠦ ᠬᠠᠭᠠᠰ ᠵᠢᠯ ᠭᠠᠷᠤᠢ ᠪᠠᠢᠭ᠍ᠰᠠᠨ ᠡᠴᠡ 3 ᠰᠠᠷ᠎ᠠ ᠭᠠᠷᠤᠢ ᠪᠣᠯᠭᠠᠨ ᠪᠠᠭᠠᠰᠭᠠᠪᠠ᠃ ᠡᠯᠡᠰᠦᠷᠭᠡᠭᠵᠢᠯ ᠢ᠋ ᠰᠡᠷᠭᠡᠢᠯᠡᠵᠤ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠪᠦᠬᠦ᠌ ᠬᠦᠴᠦᠨ ᠵᠢᠡᠷ ᠨᠠᠢᠳᠠᠪᠤᠷᠢᠵᠢᠭᠤᠯᠵᠤ᠂ 2024 ᠣᠨ ᠳ᠋ᠦ ᠨᠢᠭᠡ ᠴᠣᠭ᠍ᠴᠠᠵᠢᠭᠤᠯᠬᠤ ᠢᠨᠵᠧᠨᠧᠷᠢᠩ ᠤ᠋ᠨ ᠱᠢᠨ᠎ᠡ ᠡᠨᠧᠷᠭᠢ ᠵᠢᠨ ᠲᠥᠷᠥᠯ ᠵᠦᠢᠯ ᠢ᠋ 2727 ᠲᠦᠮᠡᠨ ᠺᠢᠯᠦᠸᠠᠲ ᠬᠡᠷᠡᠭ᠌ᠵᠢᠭᠦᠯᠵᠦ᠍᠂ 238 ᠲᠦᠮᠡᠨ ᠮᠦ᠍ ᠡᠯᠡᠰᠦ ᠵᠢ ᠵᠠᠰᠠᠪᠠ᠃ ᠪᠤᠬᠢᠷᠳᠦᠯ ᠦᠭᠡᠢ ᠴᠠᠬᠢᠯᠭᠠᠨ ᠢ᠋ ᠤᠢ᠍ᠢᠷᠠ ᠬᠠᠪᠢ ᠳ᠋ᠤᠨᠢ ᠱᠢᠩᠭᠡᠭᠡᠬᠦ᠌ ᠲᠣᠭ᠍ᠲᠠᠴᠠ ᠵᠢ ᠲᠡᠭᠦᠯᠳᠡᠷᠵᠢᠭᠦᠯᠵᠦ᠍᠂ 6 ᠲᠦᠷᠦᠯ ᠤ᠋ᠨ ᠵᠠᠬ᠎ᠠ ᠳᠡᠯᠭᠡᠭᠦᠷᠴᠢᠯᠡᠭᠰᠡᠨ ᠱᠢᠨ᠎ᠡ ᠡᠨᠧᠷᠭᠢ ᠵᠢ ᠱᠢᠩᠭᠡᠭᠡᠬᠦ᠌ ᠲᠦᠷᠦ᠍ ᠵᠢᠨ ᠪᠤᠳᠤᠯᠭ᠎ᠠ ᠵᠢ ᠱᠢᠯᠢᠳᠡᠭ᠌ᠵᠢᠭᠦᠯᠦᠨ᠂ ᠱᠢᠨ᠎ᠡ ᠡᠨᠧᠷᠭᠢ ᠵᠢ ᠱᠢᠩᠭᠡᠭᠡᠬᠦ ᠴᠢᠳᠠᠪᠤᠷᠢ ᠵᠢ ᠢᠯᠡᠳᠲᠡ ᠴᠢᠩᠭᠠᠷᠠᠭᠤᠯᠵᠦ᠂ ᠰᠠᠯᠬᠢᠨ ᠬᠦᠴᠦᠨ ᠭᠡᠷᠡᠯᠴᠢ ᠴᠡᠨᠡᠭ ᠤ᠋ᠨ ᠠᠱᠢᠭ᠍ᠯᠠᠯᠳᠠ ᠵᠢᠨ ᠨᠤᠷᠮ᠎ᠠ ᠵᠢ 93% ᠡᠴᠡ ᠳᠡᠭᠡᠭ᠌ᠰᠢ ᠪᠠᠢᠯᠭᠠᠬᠤ ᠵᠢ ᠪᠠᠲᠤᠯᠠᠪᠠ ᠁
ᠱᠢᠨ᠎ᠡ ᠡᠨᠧᠷᠭᠢ ᠵᠢᠨ ᠬᠦᠷᠢᠶᠡᠨ ᠤ᠋ ᠥᠭᠡᠷᠡᠴᠢᠯᠡᠯᠲᠡ ᠭᠦᠨᠵᠡᠭᠡᠢᠷᠡᠨ ᠠᠬᠢᠬᠤ ᠵᠢ ᠳᠠᠭᠠᠯᠳᠤᠨ ᠱᠢᠨ᠎ᠡ ᠡᠨᠧᠷᠭᠢ ᠲᠠᠪᠠᠯᠳᠠᠳᠤ ᠬᠥᠭ᠌ᠵᠢᠯᠲᠡ ᠪᠡᠨ ᠤᠭ᠍ᠲᠤᠨ ᠠᠪᠴᠢᠷᠠᠪᠠ᠃ 2024 ᠣᠨ ᠳ᠋ᠦ ᠮᠠᠨ ᠤ᠋ ᠤᠷᠤᠨ ᠤ᠋ ᠱᠢᠨ᠎ᠡ ᠪᠡᠷ ᠨᠡᠮᠡᠭ᠌ᠳᠡᠭ᠌ᠰᠡᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 4100 ᠲᠦᠮᠡᠨ ᠺᠢᠯᠦᠸᠠᠲ ᠢ᠋ ᠳᠠᠪᠠᠵᠤ᠂ ᠣᠨ ᠤ᠋ ᠱᠢᠨ᠎ᠡ ᠪᠡᠷ ᠨᠡᠮᠡᠭ᠌ᠳᠡᠭ᠌ᠰᠡᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠵᠢᠨ ᠲᠡᠮᠳᠡᠭ᠌ᠯᠡᠯ ᠢ᠋ ᠳᠠᠬᠢᠨᠲᠠ ᠱᠢᠨᠡᠳᠭᠡᠵᠦ᠍᠂ ᠬᠣᠶᠠᠷ ᠵᠢᠯ ᠳᠠᠷᠠᠭᠠᠯᠠᠨ ᠪᠥᠬᠥ᠌ ᠤᠯᠤᠰ ᠲᠣ᠌ ᠲᠡᠷᠢᠭᠦᠯᠡᠪᠡ ᠃
ᠡᠨᠡ ᠵᠢᠯᠡᠴᠡ ᠮᠠᠨ ᠤ᠋ ᠤᠷᠤᠨ ᠱᠢᠨ᠎ᠡ ᠡᠨᠧᠷᠭᠢ ᠵᠢ ᠬᠦᠭᠵᠢᠬᠦᠯᠬᠦ ᠡᠷᠴᠢᠮ ᠵᠢᠡᠨ ᠤᠯᠠᠮ ᠴᠢᠩᠭᠠᠷᠠᠭᠤᠯᠵᠦ᠂ ᠱᠢᠨ᠎ᠡ ᠡᠨᠧᠷᠭᠢ ᠵᠢᠨ ᠠᠵᠤ ᠦᠶ᠋ᠯᠡᠰ ᠤ᠋ᠨ ᠪᠥᠬᠥ᠌ ᠤᠯᠤᠰ ᠲᠣ᠌ ᠲᠡᠷᠢᠭᠦᠯᠡᠬᠦ᠌ ᠪᠠᠢᠷᠢ ᠰᠠᠭᠤᠷᠢ ᠵᠢ ᠦᠷᠭᠦᠯᠵᠢᠯᠡᠨ ᠰᠠᠢᠲᠤᠷ ᠪᠡᠬᠢᠵᠢᠭᠦᠯᠪᠡ᠃ 5 ᠰᠠᠷ᠎ᠠ ᠵᠢᠨ ᠰᠡᠭᠦᠯᠴᠢ ᠪᠣᠯᠲᠠᠯ᠎ᠠ ᠪᠥᠬᠥ᠌ ᠣᠷᠣᠨ ᠤ᠋ ᠱᠢᠨ᠎ᠡ ᠡᠨᠧᠷᠭᠢ ᠵᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 14309 ᠲᠦᠮᠡᠨ ᠺᠢᠯᠦᠸᠠᠲ ᠲᠣ᠌ ᠬᠦᠷᠴᠦ᠍᠂ ᠪᠥᠬᠥ᠌ ᠣᠷᠣᠨ ᠤ᠋ ᠴᠠᠬᠢᠯᠭᠠᠨ ᠬᠦᠴᠦᠨ ᠤ᠋ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠵᠢᠨ 52% ᠢ᠋ ᠡᠵᠡᠯᠡᠵᠦ᠍᠂ ᠪᠥᠬᠥ᠌ ᠤᠯᠤᠰ ᠤ᠋ᠨ ᠠᠩᠬᠠᠳᠠᠭ᠍ᠴᠢ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 1.4 ᠳ᠋ᠦᠩᠱᠢᠭᠤᠷ ᠺᠢᠯᠦᠸᠠᠲ ᠢ᠋ ᠳᠠᠪᠠᠭ᠍ᠰᠠᠨ ᠮᠤᠵᠢ ᠣᠷᠣᠨ ᠪᠣᠯᠵᠠᠶ᠃ ᠲᠥᠰᠦᠭᠡᠯᠡᠭᠰᠡᠨ ᠵᠢᠡᠷ ᠣᠳᠣᠬᠠᠨ ᠳ᠋ᠦ ᠮᠠᠨ ᠤ᠋ ᠤᠷᠤᠨ ᠤ᠋ ᠨᠢᠭᠡᠨᠲᠡ ᠲᠤᠤᠷ ᠲᠣ᠌ ᠨᠡᠢᠯᠡᠭᠦᠯᠦᠭ᠌ᠰᠡᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠨᠢ ᠵᠢᠯ ᠪᠦᠷᠢ ᠪᠠᠷᠤᠭ 3000 ᠳ᠋ᠦᠩᠱᠢᠭᠤᠷ ᠺᠢᠯᠦᠸᠠᠲ ᠴᠠᠭ ᠤ᠋ᠨ ᠪᠣᠬᠢᠷᠲᠤᠯ ᠥᠬᠡᠶ ᠴᠠᠬᠢᠯᠭᠠᠨ ᠦᠢᠯᠡᠳᠪᠤᠷᠢᠯᠡᠵᠦ᠂ ᠡᠨᠡ ᠨᠢ ᠪᠠᠷᠢᠮᠵᠢᠶᠠᠲᠤ ᠨᠡᠭᠦᠷᠡᠰᠦ ᠵᠢ 9300 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠵᠢ ᠪᠠᠷᠤᠭ 2.47 ᠳ᠋ᠦᠩᠱᠢᠭᠤᠷ ᠲᠣᠨ ᠪᠠᠭᠠᠰᠭᠠᠭᠰᠠᠨ ᠲᠠᠢ ᠲᠡᠩᠴᠡᠵᠦ᠂ ᠡᠨᠧᠷᠭᠢ ᠵᠢᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠵᠢ ᠠᠬᠢᠭᠤᠯᠬᠤ ᠳ᠋ᠦ ᠴᠢᠬᠤᠯᠠ ᠠᠴᠢ ᠬᠣᠯᠪᠣᠭ᠍ᠳᠠᠯᠲᠠᠶ ᠶᠤᠮ᠃
ᠡᠨᠡ ᠵᠢᠯ ᠮᠠᠨ ᠤ᠋ ᠤᠷᠤᠨ ᠪᠠᠢᠷᠢᠯᠠᠭᠤᠯᠤᠯᠲᠠ ᠶᠣᠰᠣᠭᠠᠷ ᠱᠢᠨ᠎ᠡ ᠡᠨᠧᠷᠭᠢ ᠵᠢᠨ ᠠᠵᠤ ᠦᠶ᠋ᠯᠡᠰ ᠤ᠋ᠨ ᠪᠥᠬᠥ᠌ ᠤᠯᠤᠰ ᠲᠣ᠌ ᠲᠡᠷᠢᠭᠦᠯᠡᠬᠦ ᠪᠠᠢᠷᠢ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠍᠂ 《ᠡᠯᠡᠰᠦ ᠭᠤᠪᠢ ᠴᠦᠯ》 ᠤ᠋ᠨ ᠲᠣᠮᠣ ᠰᠠᠭᠤᠷᠢᠨ᠂ ᠡᠯᠡᠰᠦᠷᠭᠡᠭᠵᠢᠯ ᠢ᠋ ᠰᠡᠷᠭᠡᠢᠯᠡᠵᠤ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠵᠡᠷᠭᠡ ᠱᠢᠨ᠎ᠡ ᠡᠨᠧᠷᠭᠢ ᠵᠢᠨ ᠭᠤᠤᠯᠳᠠᠯᠭᠠᠲᠠᠶ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠵᠤ᠂ ᠵᠢᠯ ᠤ᠋ᠨ ᠳᠣᠲᠣᠷ᠎ᠠ ᠱᠢᠨ᠎ᠡ ᠡᠨᠧᠷᠭᠢ ᠵᠢᠨ ᠲᠤᠤᠷ ᠲᠣ᠌ ᠨᠡᠢᠯᠡᠭᠦᠯᠬᠦ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠵᠢ 4000 ᠲᠦᠮᠡᠨ ᠺᠢᠯᠦᠸᠠᠲ ᠰᠢᠨ᠎ᠡ ᠪᠡᠷ ᠨᠡᠮᠡᠭᠳᠡᠬᠦᠯᠬᠦ ᠪᠡᠷ ᠴᠢᠷᠮᠠᠢᠵᠦ᠂ ᠱᠢᠨ᠎ᠡ ᠡᠨᠧᠷᠭᠢ ᠵᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ ᠵᠢ 1.7 ᠳ᠋ᠦᠩᠱᠢᠭᠤᠷ ᠺᠢᠯᠦᠸᠠᠲ ᠡᠴᠡ ᠳᠠᠪᠠᠭᠤᠯᠤᠨ᠎ᠠ ᠃
ᠬᠠᠷᠠᠯᠲᠠᠪᠠᠨ ᠲᠣᠭ᠍ᠲᠠᠭᠠᠵᠤ᠂ ᠦᠨᠡᠨ ᠪᠣᠳᠠᠲᠠᠶ ᠠᠵᠢᠯᠯᠠᠨ᠎ᠠ᠃ ᠱᠢᠨ᠎ᠡ ᠠᠶᠠᠨ ᠤ᠋ ᠬᠡᠩᠭᠡᠷᠭᠡ ᠵᠢᠨ ᠲᠠᠭᠤᠨ ᠵᠢᠡᠷ ᠥᠪᠥᠷ ᠮᠣᠩᠭᠣᠯ ᠯᠠᠪᠲᠠᠢ ᠨᠡᠩ ᠣᠮᠣᠭ ᠲᠡᠭᠦᠯᠳᠡᠷ ᠣᠪᠣᠷ ᠪᠠᠢᠳᠠᠯ᠂ ᠨᠡᠩ ᠯᠠᠪᠳᠠᠭᠤᠨ ᠠᠯᠬᠤᠭ᠎ᠠ ᠪᠡᠷ ᠡᠷᠡᠮᠡᠬᠡᠢᠯᠡᠨ ᠤᠷᠤᠭ᠍ᠰᠢᠯᠠᠵᠤ᠂ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠴᠢᠨᠠᠷ ᠰᠠᠢᠲᠠᠢ ᠬᠥᠭ᠌ᠵᠢᠯᠲᠡ ᠵᠢᠨ ᠱᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭ᠌ᠯᠡᠨᠡ !