ᠬᠣᠶᠠᠷ ᠎ᠢ ᠬᠦᠷᠢᠶᠡᠯᠡᠬᠦ᠌ ᠠᠵᠢᠯ ᠎ᠢ ᠯᠠᠪᠳᠠᠭᠤᠨ ᠪᠠᠲᠤᠲᠠᠶ ᠬᠢᠵᠦ᠍ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ ᠬᠥᠭ᠌ᠵᠢᠭᠦᠯᠬᠦ ᠬᠡᠷᠡᠭᠲᠡᠢ
2025-08-03 11:44:20
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠱ᠌ᠢ ᠭᠤᠸᠠᠩ ᠬᠤᠢ  ᠴᠢ᠊ ᠪᠠᠲᠤ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠪᠣᠯᠭᠣᠭᠠᠨ ᠲᠣᠬᠣᠨᠢᠭᠤᠯᠪᠠ


《8·1》 ᠤ᠋ ᠴᠡᠷᠢᠭ ᠪᠠᠢᠭᠤᠯᠤᠭ᠍ᠳᠠᠭ᠍ᠰᠠᠨ ᠪᠠᠶᠠᠷ᠎ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠵᠢᠨ ᠱᠦᠵᠢ ᠱ᠌ᠢ ᠭᠤᠸᠠᠩ ᠬᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠲᠤᠰ ᠲᠤᠰ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠪᠣᠯᠭᠣᠭᠠᠨ ᠲᠣᠬᠣᠨᠢᠭᠤᠯᠪᠠ᠃

ᠱ᠌ᠢ ᠭᠤᠸᠠᠩ ᠬᠤᠢ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠪᠠᠢᠭᠤᠯᠭ᠎ᠠ᠎ᠳᠤ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶ᠋ᠢᠨ ᠥᠷᠭᠡᠨ ᠣᠯᠠᠨ ᠳᠠᠷᠤᠭ᠎ᠠ ᠪᠠᠢᠯᠳᠤᠭ᠍ᠴᠢᠳ᠎ᠲᠤ ᠪᠠᠶᠠᠷ᠎ᠤᠨ ᠡᠳᠦᠷ᠎ᠦᠨ ᠵᠥᠩᠨᠡᠯ ᠪᠠ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠺᠣᠮᠠᠨᠳ᠋ᠯᠠᠭ᠍ᠴᠢ ᠴᠧᠨ ᠯᠦ᠍ ᠱᠧᠩ ᠣᠷᠣᠯᠴᠠᠪᠠ᠃

ᠱ᠌ᠢ ᠭᠤᠸᠠᠩ ᠬᠤᠢ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ ᠪᠣᠯ ᠢᠷᠠᠭᠤ ᠠᠯᠳᠠᠷᠲᠤ ᠤᠯᠠᠮᠵᠢᠯᠠᠯ ᠪᠠ ᠭᠡᠷᠡᠯ ᠰᠠᠴᠤᠷᠠᠩᠭᠤᠢ ᠲᠡᠦᠬᠡ᠎ᠲᠡᠶ ᠪᠠᠭᠠᠲᠤᠷᠯᠢᠭ ᠴᠡᠷᠢᠭ ᠠᠩᠬᠢ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠠᠷᠠᠳ ᠤᠯᠠᠨ᠎ᠤ ᠨᠠᠢᠳᠠᠪᠤᠷᠢᠲᠠᠢ ᠱᠢᠳᠤᠷᠭᠤ ᠬᠠᠮᠠᠭᠠᠯᠠᠭ᠍ᠴᠢ ᠮᠥᠨ᠃ ᠱᠢᠨ᠎ᠡ ᠴᠠᠭ ᠦᠶ᠎ᠡ᠎ᠳᠦ ᠣᠷᠣᠭ᠍ᠰᠠᠨ᠎ᠡᠴᠡ ᠨᠠᠭᠠᠰᠢ᠂ ᠰᠢ ᠵᠢᠨ ᠫᠢᠩ ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠲᠣᠭ᠍ᠲᠠᠭᠤᠨ᠎ᠢ ᠬᠠᠮᠠᠭᠠᠯᠠᠨ ᠭᠡᠨᠡᠳᠲᠡ᠎ᠶ᠋ᠢᠨ ᠬᠡᠷᠡᠭ᠎ᠢ ᠱᠢᠶ᠋ᠳᠪᠦᠷᠢᠯᠡᠬᠦ᠌᠂ ᠠᠶᠤᠯ ᠡᠴᠡ ᠵᠠᠢᠯᠠᠭᠤᠯᠵᠤ ᠭᠠᠮᠱᠢᠭ᠎ᠡᠴᠡ ᠠᠪᠤᠷᠬᠠᠸ᠋ ᠵᠡᠷᠭᠡ ᠪᠠᠴᠢᠮ ᠬᠦᠴᠢᠷ ᠲᠦᠪᠡᠭᠳᠡᠢ ᠠᠶᠤᠯᠲᠠᠶ ᠬᠦᠨᠳᠦ ᠡᠭᠦᠷᠭᠡ᠎ᠶ᠋ᠢ ᠬᠦᠢᠴᠡᠳᠬᠡᠬᠦ ᠵᠠᠷᠯᠢᠭ᠎ᠢ ᠰᠤᠨᠤᠰᠤᠮᠠᠬᠴᠠ  ᠬᠥᠳᠡᠯᠦᠯᠴᠡᠵᠦ᠍᠂ ᠡᠮᠦᠨ᠎ᠡ᠎ᠨᠢ ᠭᠠᠪᠱᠢᠭᠠᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ᠃ ᠴᠡᠷᠢᠭ ᠠᠩᠭᠢ ᠨᠢ ᠵᠠᠰᠠᠭ᠎ᠢᠶᠠᠨ ᠬᠦᠷᠢᠶᠡᠯᠡᠨ ᠠᠷᠠᠳ᠎ᠢᠶᠠᠨ ᠬᠠᠢᠷᠠᠯᠠᠬᠤ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠠᠲᠤ ᠪᠠᠬᠢ ᠲᠤᠯᠭᠠᠭᠤᠷᠢ ᠬᠦᠴᠦᠨ ᠪᠣᠯᠬᠤ᠎ᠶ᠋ᠢ ᠬᠦᠰᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠴᠡᠷᠢᠭ᠎ᠢᠶᠡᠨ ᠬᠦᠷᠢᠶᠡᠯᠡᠨ ᠬᠠᠷᠠᠭᠠᠯᠵᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠶ᠋ᠢᠨ ᠬᠦᠴᠢᠷ ᠵᠣᠪᠠᠭᠤᠷᠢ᠎ᠶ᠋ᠢ ᠦᠨᠡᠨ ᠰᠡᠳᠭᠢᠯ᠎ᠡᠴᠡ᠎ᠪᠡᠨ ᠱᠢᠢᠳᠪᠦᠷᠢᠯᠡᠨ ᠥᠭ᠌ᠴᠦ᠂ ᠴᠡᠷᠢᠭ ᠠᠩᠬᠢ᠎ᠲᠠᠶ ᠬᠠᠮᠲᠤ᠎ᠪᠠᠷ ᠱᠢᠨ᠎ᠡ ᠴᠠᠭ ᠦᠶ᠎ᠡ᠎ᠶ᠋ᠢᠨ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ ᠭᠡᠪᠡ᠃

ᠴᠢ᠊ ᠪᠠᠲᠤ ᠤᠯᠠᠭᠠᠨᠬᠠᠳᠠ᠎ᠳᠤ ᠰᠠᠭᠤᠭ᠎ᠠ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠪᠣᠯᠭᠣᠭᠠᠨ ᠲᠣᠬᠣᠨᠢᠭᠤᠯᠵᠤ᠂ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠎ᠲᠤ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠱᠢᠭᠦᠯᠪᠡ᠃ ᠴᠢ᠊ ᠪᠠᠲᠤ ᠵᠡᠪᠰᠡᠭ᠌ᠲᠦ ᠴᠠᠭ᠍ᠳᠠᠭ᠎ᠠ᠎ᠶ᠋ᠢᠨ ᠤᠯᠠᠭᠠᠨᠬᠠᠳᠠ᠎ᠶ᠋ᠢᠨ ᠰᠠᠯᠪᠤᠷᠢ ᠠᠩᠭᠢ ᠪᠣᠯᠤᠨ ᠨᠢᠭᠡᠨ ᠴᠡᠷᠢᠭ ᠠᠩᠭᠢ᠎ᠶ᠋ᠢᠨ ᠲᠡᠦᠬᠡ᠎ᠶ᠋ᠢᠨ ᠣᠷᠳᠣᠨ᠎ᠢ ᠲᠣᠭᠣᠷᠢᠨ ᠦᠵᠡᠵᠦ᠍᠂ ᠳᠠᠷᠤᠭ᠎ᠠ ᠪᠠᠢᠯᠳᠤᠭ᠍ᠴᠢᠳ᠎ᠤᠨ ᠦᠶᠡᠷ᠎ᠲᠡᠶ ᠲᠡᠮᠡᠴᠡᠨ ᠠᠶᠤᠯ᠎ᠡᠴᠡ ᠠᠪᠤᠷᠬᠠᠸ᠋ ᠳᠤᠮᠳᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠭᠰᠠᠨ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠪᠣᠯᠤᠨ ᠬᠤᠪᠢ ᠨᠡᠮᠡᠷᠢ ᠦᠵᠡᠭᠦᠯᠬᠦ᠌ ᠬᠠᠷᠢᠭᠤᠴᠠᠯᠭ᠎ᠠ ᠡᠭᠦᠷᠭᠡᠯᠡᠯ᠎ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠭ᠍ᠰᠠᠨ ᠪᠥᠭᠡᠳ ᠣᠯᠠᠨ᠎ᠢᠶᠠᠷ᠎ᠢᠶᠠᠨ ᠦᠷᠭᠦᠯᠵᠢᠯᠡᠨ ᠢᠷᠠᠭᠤ ᠠᠯᠳᠠᠷᠲᠤ ᠤᠯᠠᠮᠵᠢᠯᠠᠯ᠎ᠢᠶᠠᠨ ᠵᠠᠯᠭᠠᠮᠵᠢᠯᠠᠵᠤ᠂ ᠱᠢᠯᠢᠳᠡᠭ ᠰᠤᠷᠲᠠᠯ᠎ᠢᠶᠠᠨ ᠪᠠᠳᠠᠷᠠᠭᠤᠯᠵᠤ᠂ ᠴᠠᠭᠠᠷᠠᠭ᠍ᠰᠠᠨ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠪᠠᠨ ᠲᠠᠰᠤᠷᠠᠯᠲᠠ ᠥᠬᠡᠶ ᠴᠢᠩᠭᠠᠳᠭᠠᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号