|
|
|
|
|
1 ᠰᠠᠷ᠎ᠠ᠎ᠶ᠋ᠢᠨ 27 ᠤ ᠡᠳᠦᠷ
|
|
|
|
|
ᠡᠬᠢᠯᠡᠬᠦ᠌ ᠴᠠᠭ᠄
2018-01-27 16:49:33
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠦ? ᠦᠨᠦᠳᠦᠷ ᠪᠤᠯ 1 ᠰᠠᠷ᠎ᠠ᠎ᠶ᠋ᠢᠨ 27 ᠤ ᠡᠳᠦᠷ᠂ ᠪᠢᠯᠢᠭ᠎ᠤᠨ ᠤᠯᠠᠷᠢᠯ᠎ᠤᠨ ᠣᠯᠠᠭᠠᠬ᠍ᠴᠢᠨ ᠲᠠᠬᠢᠶ᠎ᠠ ᠵᠢᠯ᠎ᠤᠨ 12 ᠰᠠᠷ᠎ᠠ᠎ᠶ᠋ᠢᠨ 11᠂ ᠭᠠᠷᠠᠭ᠎ᠤᠨ ᠵᠢᠷᠭᠤᠭᠠᠨ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠪᠡᠷᠲᠡᠭᠡᠨ ᠵᠠᠰᠠᠬᠤ ᠤᠷᠤᠨ᠎ᠤ ᠬᠤᠶᠠᠷ ᠬᠤᠷᠠᠯ》 ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠤ᠎ᠪᠠᠨ ᠠᠩᠬᠠᠷᠤᠯ᠎ᠢᠶᠠᠨ ᠬᠠᠨᠳᠤᠭᠤᠯᠤᠨ᠎ᠠ ᠤᠤ! ᠶᠠᠭᠤᠨ᠎ᠤ ᠡᠮᠥᠨ᠎ᠡ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ 1 ᠰᠠᠷ᠎ᠠ᠎ᠶ᠋ᠢᠨ 25 ᠤ ᠡᠳᠦᠷ᠂ ᠯᠢ ᠺᠧ ᠴᠢᠶᠠᠩ ᠪᠦᠬᠦ᠌ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠ ᠴᠤᠬᠤᠯᠠᠪᠦᠷᠢ ᠦᠭ᠌ᠴᠦ᠂ ᠠᠷᠠᠳ ᠲᠥᠮᠡᠨ᠎ᠢᠶᠠᠷ ᠭᠤᠣᠯ ᠪᠤᠯᠭᠠᠬᠤ᠎ᠶ᠋ᠢ ᠪᠠᠷᠢᠮᠲᠠᠯᠠᠵᠥ᠍ ᠠᠮᠤᠷ ᠲᠥᠪᠱᠢᠨ ᠬᠦᠭ᠌ᠵᠢᠯᠲᠡ᠎ᠶ᠋ᠢᠨ ᠤᠢᠯᠠᠭᠠᠬ᠍ᠳᠠᠬᠤᠨᠢ ᠪᠠᠲᠦ ᠪᠤᠢ ᠪᠤᠯᠭᠠᠨ ᠠᠶᠤᠯᠭᠦᠢ ᠦᠢᠯᠡᠳᠪᠦᠷᠢᠯᠡᠯ᠎ᠤᠨ ᠬᠦᠷᠢᠶᠡᠨ᠎ᠳᠠᠬᠢ ᠦᠭᠡᠷᠡᠴᠢᠯᠡᠯᠲᠡ ᠬᠦᠭ᠌ᠵᠢᠯᠲᠡ᠎ᠶ᠋ᠢ ᠨᠢᠭᠡᠳᠦᠯᠲᠡᠢ ᠲᠦᠯᠥᠪᠵᠢᠭᠦᠯᠥᠨ ᠠᠬᠢᠭᠤᠯᠬᠤ ᠬᠡᠷᠡᠭ᠌ᠲᠡᠢ ᠭᠡᠵᠥ᠍ ᠴᠢᠬᠤᠯᠠᠴᠢᠯᠠᠪᠠ᠃ ᠤᠳᠤ ᠲᠠ ᠪᠦᠬᠦᠨ᠎ᠳᠤ 《ᠬᠤᠶᠠᠷ ᠬᠤᠷᠠᠯ》 ᠤᠨ ᠮᠡᠳᠡᠭᠡ᠎ᠶ᠋ᠢ ᠳᠠᠮᠵᠢᠭᠤᠯᠤᠶ᠎ᠠ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ 1 ᠰᠠᠷ᠎ᠠ᠎ᠶ᠋ᠢᠨ 26 ᠤ ᠦᠳᠡ᠎ᠶ᠋ᠢᠨ ᠡᠮᠥᠨ᠎ᠡ ᠬᠤᠶᠠᠳᠤᠭᠠᠷ ᠪᠦᠭᠦᠲᠡ ᠬᠤᠷᠠᠯ ᠬᠤᠷᠠᠯᠳᠤᠭᠤᠯᠵᠥ᠍᠂ ᠦᠲᠡ᠎ᠶ᠋ᠢᠨ ᠬᠤᠢᠨ᠎ᠠ ᠲᠦᠯᠦᠭᠡᠯᠡᠭ᠌ᠴᠢᠳ᠎ᠤᠨ ᠪᠦᠯᠬᠦᠮ᠎ᠤᠨ ᠪᠦᠭᠦᠲᠡ (ᠲᠤᠭᠤᠢ᠍ᠢᠯᠠᠩ᠎ᠤᠨ) ᠬᠤᠷᠠᠯ ᠬᠤᠷᠠᠯᠳᠤᠭᠤᠯᠪᠠ᠃ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ 1 ᠰᠠᠷ᠎ᠠ᠎ᠶ᠋ᠢᠨ 27 ᠤ ᠦᠳᠡ᠎ᠶ᠋ᠢᠨ ᠡᠮᠥᠨ᠎ᠡ ᠭᠤᠷᠪᠠᠳᠤᠭᠠᠷ ᠪᠦᠭᠦᠲᠡ ᠬᠤᠷᠠᠯ ᠬᠤᠷᠠᠯᠳᠤᠭᠤᠯᠵᠤ᠂ ᠦᠲᠡ᠎ᠶ᠋ᠢᠨ ᠬᠤᠢᠨ᠎ᠠ ᠲᠦᠯᠦᠭᠡᠯᠡᠭ᠌ᠴᠢᠳ᠎ᠤᠨ ᠪᠦᠯᠬᠦᠮ᠎ᠤᠨ ᠪᠦᠭᠦᠲᠡ ᠬᠤᠷᠠᠯ ᠬᠤᠷᠠᠯᠳᠤᠭᠤᠯᠤᠨ᠂ ᠱᠢᠬᠦᠭᠦ᠌ ᠬᠤᠷᠢᠶ᠎ᠠ᠂ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠬᠢᠨᠠᠨ ᠵᠦᠪᠯᠡᠨ᠎ᠠ᠃ ᠦᠪᠡᠷᠲᠡᠭᠡᠨ ᠵᠠᠰᠠᠬᠤ ᠤᠷᠤᠨ᠎ᠤ ᠤᠯᠤᠰ ᠲᠥᠷᠥ᠎ᠤᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ 1 ᠰᠠᠷ᠎ᠠ᠎ᠶ᠋ᠢᠨ 26 ᠤ ᠦᠳᠡ᠎ᠶ᠋ᠢᠨ ᠡᠮᠦᠨᠡᠬᠢ 9 ᠴᠠᠭ᠎ᠲᠤ ᠳᠤᠭᠤᠢᠯᠠᠩ ᠬᠤᠪᠢᠶᠠᠨ ᠶᠠᠷᠢᠯᠴᠠᠵᠥ᠍᠂ ᠦᠳᠡ᠎ᠶ᠋ᠢᠨ ᠬᠤᠢᠨᠠᠬᠢ 3 ᠴᠠᠭ᠎ᠲᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠥ᠍ ᠬᠡᠱᠢᠭᠦᠳ ᠶᠠᠷᠢᠶ᠎ᠠ ᠳᠠᠯᠪᠢᠪᠠ᠃ ᠲᠡᠭᠡᠪᠡᠯ ᠬᠤᠷᠠᠯ᠎ᠳᠤ ᠤᠷᠤᠯᠴᠠᠵᠤ ᠪᠠᠢᠭ᠎ᠠ ᠲᠦᠯᠥᠬᠡᠯᠡᠭ᠌ᠴᠢᠳ ᠬᠡᠱᠢᠬᠦᠳ ᠶᠠᠮᠠᠷ ᠶᠠᠮᠠᠷ ᠰᠠᠨᠠᠯ ᠰᠠᠨᠠᠭᠤᠯᠭ᠎ᠠ᠂ ᠰᠠᠨᠠᠯ ᠲᠤᠷᠠᠳᠤᠯᠭ᠎ᠠ ᠲᠡᠪᠱᠢᠬᠦᠯᠥᠭ᠌ᠰᠡᠨ ᠪᠤᠯ? ᠦᠨᠢᠷᠴᠡᠴᠡᠭ ᠲᠦᠯᠥᠬᠡᠯᠡᠭ᠌ᠴᠢ᠄ ᠤᠷᠤᠨ ᠨᠤᠳᠤᠭ᠎ᠤᠨ ᠱᠢᠯᠢᠳᠡᠭ ᠡᠬᠦᠯᠳᠡᠷ᠎ᠤᠨ ᠰᠠᠭᠤᠷᠢ ᠡᠬᠡ ᠮᠠᠯ᠎ᠢ ᠨᠦᠬᠦᠪᠦᠷᠢ᠎ᠶ᠋ᠢᠨ ᠬᠦᠷᠢᠶ᠎ᠡ ᠬᠡᠪᠴᠢᠶᠡᠨ᠎ᠳᠤ ᠤᠷᠤᠭᠤᠯᠵᠤ᠂ ᠮᠠᠯᠴᠢᠳ᠎ᠤᠨ ᠴᠤᠯ ᠡᠬᠦᠯᠳᠡᠷ᠎ᠤᠨ ᠰᠠᠭᠤᠷᠢ ᠡᠬᠡ ᠮᠠᠯ᠎ᠢ ᠰᠤᠩᠭᠤᠨ ᠮᠠᠯᠵᠢᠬᠤ ᠢᠳᠡᠪᠬᠢᠵᠢᠯ᠎ᠢ ᠲᠠᠢᠴᠢᠯᠠᠬᠤ᠎ᠨᠢ ᠮᠠᠯ ᠠᠵᠤ ᠠᠬᠤᠢ᠎ᠶ᠋ᠢᠨ ᠨᠡᠷᠡᠳᠦ ᠲᠦᠷᠦᠯ ᠲᠡᠮᠳᠡᠭ᠎ᠢ ᠡᠬᠦᠳᠬᠦ᠌᠎ᠳᠤ ᠠᠱᠢᠭ᠍ᠳᠠᠢ᠃ ᠤᠳᠭᠠᠨᠪᠠᠭᠠᠳᠤᠷ ᠬᠡᠱᠢᠬᠦᠨ᠄ ᠮᠠᠯᠴᠢᠳ᠎ᠤᠨ ᠤᠷᠤᠯᠭ᠎ᠠ᠎ᠶ᠋ᠢ ᠨᠡᠮᠡᠭ᠌ᠳᠡᠬᠦᠯᠬᠦ᠌᠎ᠳᠤ ᠪᠠᠢᠭᠠᠯᠢᠯᠢᠭ ᠮᠠᠯ᠎ᠤᠨ ᠠᠱᠢᠭ ᠱᠢᠮ᠎ᠡ᠎ᠪᠠᠨ ᠦᠨᠡᠳᠤ ᠬᠦᠷᠬᠡᠬᠦ᠌ ᠪᠤᠯ ᠬᠠᠮᠤᠭ᠎ᠤᠨ ᠴᠢᠬᠤᠯᠠ᠂ ᠡᠷᠬᠡᠪᠰᠢ ᠲᠤᠯᠤᠭᠠᠢᠯᠠᠭ᠍ᠴᠢ ᠠᠵᠤ ᠠᠬᠤᠢ᠍ᠢᠯᠠᠯ᠂ ᠬᠤᠷᠱᠢᠶ᠎ᠠ ᠮᠡᠳᠦ᠎ᠶ᠋ᠢᠨ ᠬᠡᠪᠴᠢᠶᠡᠵᠢᠭ᠌ᠰᠡᠨ ᠬᠡᠯᠪᠡᠷᠢ᠎ᠪᠠᠷ ᠡᠵᠨᠩᠨᠡᠵᠥ᠍ ᠲᠦᠷᠦᠯ ᠲᠡᠮᠳᠡᠭ ᠡᠬᠦᠳᠬᠦ᠌ ᠬᠡᠷᠡᠭ᠌ᠳᠡᠢ ᠪᠠᠢᠨ᠎ᠠ᠃ ᠲᠤᠭ ᠬᠡᠱᠢᠬᠦᠨ᠄ ᠮᠠᠯᠴᠢᠳ᠎ᠤᠨ ᠬᠡᠦᠬᠡᠳ᠎ᠢᠶᠠᠨ ᠰᠤᠷᠭᠠᠭᠤᠯᠢ᠎ᠳᠤ ᠰᠠᠭᠤᠯᠭᠠᠬᠤ ᠬᠡᠵᠥ᠍ ᠬᠤᠳᠠ ᠤᠷᠤᠵᠤ ᠠᠵᠤ ᠠᠬᠤᠢ᠎ᠶ᠋ᠢᠨ ᠲᠠᠷᠤᠭᠠᠰᠤ᠎ᠨᠢ ᠬᠦᠨᠳᠦᠷᠡᠵᠥ᠍ ᠪᠠᠢᠭ᠎ᠠ ᠪᠠᠢᠳᠠᠯ᠎ᠳᠤ ᠴᠢᠭ᠌ᠯᠡᠬᠦᠯᠥᠨ ᠰᠤᠷᠭᠠᠨ ᠬᠦᠮᠥᠵᠢᠯ᠎ᠤᠨ ᠲᠡᠩᠴᠡᠬᠦᠷᠢᠳᠡᠢ ᠬᠦᠭ᠌ᠵᠢᠯᠳᠡ᠎ᠶ᠋ᠢ ᠦᠨᠡᠨᠬᠦ᠌ ᠬᠦᠨᠳᠦᠳᠭᠡᠵᠥ᠍᠂ ᠬᠦᠴᠦᠨ ᠪᠦᠬᠦᠢ ᠠᠷᠭ᠎ᠠ ᠬᠡᠮᠵᠢᠶ᠎ᠠ ᠠᠪᠬᠤ ᠴᠢᠬᠤᠯᠠᠳᠠᠢ ᠪᠠᠢᠨ᠎ᠠ᠃ ᠨᠠᠷᠠᠨᠬᠤᠸᠠᠷ ᠬᠡᠱᠢᠬᠦᠨ᠄ ᠵᠠᠰᠠᠭ᠎ᠤᠨ ᠤᠷᠳᠤᠨ᠎ᠤ ᠲᠡᠮᠵᠢᠯᠬᠡ᠎ᠪᠠᠷ ᠮᠤᠩᠭᠤᠯ ᠬᠤᠪᠴᠠᠰᠤ ᠵᠠᠰᠠᠯ᠎ᠤᠨ ᠬᠡᠪ ᠵᠠᠭ᠍ᠪᠤᠷ᠎ᠲᠤ ᠳ᠋ᠠᠢᠲ᠋ᠠ ᠬᠦᠮᠥᠷᠬᠡ ᠪᠠᠢᠭᠤᠯᠵᠤ ᠲᠦᠷᠢᠮᠵᠢᠬᠦᠯᠥᠨ ᠬᠦᠭ᠌ᠵᠢᠬᠦᠯᠬᠦ᠌ ᠪᠦᠬᠡᠳ ᠨᠦᠬᠦᠴᠡᠯ ᠪᠤᠯᠤᠮᠵᠢ ᠪᠦᠬᠦᠢ ᠭᠠᠵᠠᠷ ᠤᠷᠤᠨ᠎ᠳᠤ ᠤᠯᠠᠮᠵᠢᠯᠠᠯᠳᠤ ᠬᠤᠪᠴᠠᠰᠤ ᠵᠠᠰᠠᠯ᠎ᠤᠨ ᠪᠠᠯᠭᠠᠰᠤ ᠪᠠᠢᠭᠤᠯᠤᠨ ᠬᠡᠪᠴᠢᠶᠡᠵᠢᠬᠦᠯᠥᠨ ᠬᠦᠭ᠌ᠵᠢᠬᠦᠯᠪᠡᠯ ᠵᠤᠬᠢᠨ᠎ᠠ᠃ ᠮᠠᠢᠯᠠᠰᠤ ᠬᠡᠱᠢᠬᠦᠨ᠄ ᠰᠤᠶᠤᠯ᠎ᠤᠨ ᠠᠵᠤ ᠦᠢᠯᠡᠰ᠎ᠤᠨ ᠬᠠᠩᠭᠠᠯᠭ᠎ᠠ᠎ᠶ᠋ᠢᠨ ᠴᠢᠨᠠᠷᠳᠠᠢ ᠦᠬᠡᠷᠡᠴᠢᠯᠡᠯᠳᠡ᠎ᠶ᠋ᠢ ᠲᠦᠷᠬᠡᠳᠭᠡᠵᠥ᠍᠂ ᠦᠨᠳᠦᠰᠦᠳᠡᠨ᠎ᠤ ᠺᠢᠨᠣ᠋᠎ᠶ᠋ᠢᠨ ᠵᠠᠬ᠎ᠠ ᠲᠡᠯᠬᠡᠬᠦᠷ᠎ᠢ ᠪᠤᠢᠵᠢᠭᠤᠯᠤᠨ ᠦᠨᠳᠦᠰᠦᠳᠡᠨ᠎ᠤ ᠺᠢᠨᠣ᠋᠎ᠶ᠋ᠢᠨ ᠱᠢᠨ᠎ᠡ᠎ᠶ᠋ᠢ ᠡᠬᠦᠳᠬᠦ᠌᠎ᠶ᠋ᠢ ᠤᠷᠮᠠᠱᠢᠭᠤᠯᠬᠤ ᠲᠦᠷᠦ᠎ᠶ᠋ᠢᠨ ᠪᠤᠳᠤᠯᠭ᠎ᠠ᠎ᠶ᠋ᠢ ᠲᠡᠬᠦᠯᠳᠡᠷᠵᠢᠬᠦᠯᠬᠦ᠌ ᠬᠡᠷᠡᠭ᠌ᠳᠡᠢ᠃ ᠵᠠᠯᠭᠠᠭᠠᠳ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ 1 ᠰᠠᠷ᠎ᠠ᠎ᠶ᠋ᠢᠨ 25 ᠤ ᠡᠳᠦᠷ᠂ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠪᠣᠬᠢᠷᠳᠦᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠵᠡᠰᠭᠦᠯᠡᠩ ᠪᠡᠭᠡᠵᠢᠩ ᠬᠤᠲᠠ᠎ᠳᠤ ᠨᠡᠭᠡᠭᠡᠯᠲᠡ ᠬᠢᠵᠥ᠍᠂ ᠨᠠᠢᠲᠡ 219 ᠠᠵᠥ᠍ ᠠᠬᠤᠢᠯᠠᠯ ᠤᠷᠤᠯᠴᠠᠵᠠᠢ᠃ ᠦᠪᠦᠷ ᠮᠤᠩᠭᠤᠯ᠎ᠤᠨ ᠪᠠᠷᠠᠭᠤᠨ ᠬᠡᠰᠡᠭ᠎ᠤᠨ ᠠᠩᠬᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠠᠷᠠᠯᠵᠢᠶ᠎ᠠ ᠬᠤᠳᠠᠯᠳᠤᠭᠠᠨ᠎ᠤ ᠳᠡᠯᠭᠡᠨ ᠪᠤᠷᠤᠯᠠᠭᠤᠯᠭ᠎ᠠ᠎ᠶ᠋ᠢᠨ ᠬᠤᠷᠠᠯ ᠤᠢ᠍ᠢᠷ᠎ᠠ᠎ᠳᠤ ᠪᠠᠶᠠᠨᠨᠠᠭᠤᠷ ᠬᠤᠳᠠ᠎ᠳᠤ ᠡᠬᠢᠯᠡᠪᠡ᠃ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠠᠴᠠ ᠠᠷᠤ ᠬᠤᠷᠴᠢᠨ ᠬᠤᠱᠢᠭᠤ ᠵᠡᠷᠭᠡ 48 ᠨᠢᠭᠡᠴᠡ᠎ᠶ᠋ᠢ ᠪᠦᠬᠦ᠌ ᠤᠯᠤᠰ᠎ᠤᠨ ᠬᠦᠳᠡᠭᠡ ᠲᠤᠰᠭᠤᠨ᠎ᠤ ᠨᠡᠢᠭᠡᠮ ᠲᠤᠭᠤᠷᠢᠭ᠎ᠢ ᠵᠠᠰᠠᠬᠤ ᠲᠤᠷᠱᠢᠯᠲᠠ᠎ᠶ᠋ᠢᠨ ᠤᠷᠤᠨ ᠪᠤᠯᠭᠠᠪᠠ᠃ ᠰᠤᠳᠤᠯᠬᠤ ᠪᠠᠭ᠎ᠢᠶᠠᠨ ᠲᠠᠭᠠᠭᠤᠯᠤᠨ ᠮᠠᠨ᠎ᠤ ᠤᠯᠤᠰ᠎ᠤᠨ ᠠᠩᠬᠠᠳᠠᠭ᠍ᠴᠢ ᠪᠡᠶ᠎ᠡ᠎ᠶ᠋ᠢᠨ ᠡᠰ᠎ᠤᠨ ᠺᠧᠯᠦ᠋ᠨ ᠰᠠᠮᠵᠠ᠎ᠶ᠋ᠢ ᠠᠮᠵᠢᠯᠲᠠ᠎ᠲᠠᠢ ᠪᠤᠢᠵᠢᠭᠤᠯᠵᠤ ᠭᠠᠷᠭᠠᠭ᠍ᠰᠠᠨ ᠰᠦᠨ ᠴᠢᠶᠠᠩ ᠪᠤᠯ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠡᠳᠡᠷᠡᠯ᠎ᠤᠨ ᠱᠢᠨᠵᠢᠯᠡᠬᠦ᠌ ᠤᠬᠠᠭᠠᠨ᠎ᠤ ᠰᠤᠳᠤᠯᠬᠤ ᠭᠠᠵᠠᠷ᠎ᠤᠨ ᠲᠠᠷᠤᠭ᠎ᠠ ᠪᠦᠬᠡᠳ ᠮᠥᠨ ᠴᠤ᠌ ᠮᠠᠨ᠎ᠤ ᠤᠷᠤᠨ᠎ᠠᠴᠠ ᠭᠠᠷᠤᠭ᠍ᠰᠠᠨ ᠠᠯᠳᠠᠷᠳᠤ ᠠᠮᠢᠳᠤ ᠪᠤᠳᠠᠰ᠎ᠤᠨ ᠤᠬᠠᠭᠠᠨᠲᠠᠨ ᠪᠤᠯᠤᠨ᠎ᠠ᠃ 1 ᠰᠠᠷ᠎ᠠ᠎ᠶ᠋ᠢᠨ 26 ᠤ ᠡᠳᠦᠷ᠂ ᠰᠦᠨᠢᠳ ᠵᠡᠭᠦᠨ ᠬᠤᠱᠢᠭᠤᠨ᠎ᠤ ᠠᠯᠳᠠᠷᠲᠦ ᠪᠦᠬᠡ᠂ ᠰᠦᠨᠢᠳ ᠵᠡᠭᠦᠨ ᠬᠤᠱᠢᠭᠤᠨ᠎ᠤ ᠪᠦᠬᠡ᠎ᠶ᠋ᠢᠨ ᠰᠤᠷᠭᠠᠬ᠍ᠴᠢ ᠤᠳᠣᠰᠤᠲᠦ ᠮᠤᠩᠭᠤᠯ ᠤᠯᠣᠰ᠎ᠤᠨ ᠤᠯᠢᠮᠫᠢᠺ᠎ᠤᠨ ᠬᠤᠷᠢᠶᠠᠨ᠎ᠤ 《ᠠᠯᠲᠠᠨ ᠤᠳᠣᠨ》 ᠱᠠᠩᠨᠠᠯ ᠬᠦᠷᠲᠡᠭ᠌ᠰᠡᠨ ᠪᠠᠢᠨ᠎ᠠ᠃ ᠦᠪᠦᠷ ᠮᠤᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠮᠤᠩᠭᠤᠯ ᠷᠠᠳᠢᠣ᠋᠎ᠶ᠋ᠢᠨ 《ᠤᠶᠠᠩᠭ᠎ᠠ᠎ᠶ᠋ᠢᠨ ᠺᠯᠦ᠋ᠪ》 ᠱᠢᠭᠤᠳ ᠨᠡᠪᠲᠡᠷᠡᠭᠦᠯᠭᠡ᠎ᠶ᠋ᠢᠨ 2017 ᠤᠨ᠎ᠤ 《ᠵᠤᠬᠢᠶᠠᠯ᠎ᠤᠨ ᠳᠠᠭᠤᠤ᠎ᠶ᠋ᠢᠨ ᠵᠢᠭ᠍ᠰᠠᠭᠠᠯ》 ᠤᠨ ᠱᠠᠩᠨᠠᠯ ᠤᠯᠭᠤᠬᠤ ᠦᠳᠡᠱᠢᠯᠡᠭᠡ 1 ᠰᠠᠷ᠎ᠠ᠎ᠶ᠋ᠢᠨ 28 ᠤ ᠦᠳᠡ᠎ᠶ᠋ᠢᠨ ᠬᠤᠢᠨ᠎ᠠ ᠬᠦᠬᠡᠬᠤᠲᠠ᠎ᠳᠤ ᠶᠠᠪᠤᠭ᠍ᠳᠠᠬᠤ᠎ᠪᠠᠷ ᠪᠤᠢ᠃ ᠤᠢ᠍ᠢᠷ᠎ᠠ᠎ᠳᠤ ᠳᠤᠯᠤᠳᠤᠭᠠᠷ ᠬᠤᠭᠤᠴᠠᠭᠠᠨ᠎ᠤ 《ᠦᠵᠦᠮᠦᠴᠢᠨ ᠬᠤᠨᠳᠠᠭᠠᠲᠤ》 ᠡᠪᠦᠯ᠎ᠤᠨ ᠤᠯᠠᠷᠢᠯ᠎ᠤᠨ ᠤᠯᠠᠮᠵᠢᠯᠠᠯᠲᠤ ᠬᠤᠪᠴᠠᠰᠤ ᠵᠠᠰᠠᠯ᠎ᠤᠨ ᠤᠷᠤᠯᠳᠤᠭᠠᠨ᠎ᠤ ᠱᠠᠩᠨᠠᠯ ᠤᠯᠭᠤᠬᠤ ᠦᠳᠡᠱᠢᠯᠡᠭᠡ ᠶᠠᠪᠤᠭ᠍ᠳᠠᠵᠤ᠂ ᠮᠤᠩᠭᠤᠯ ᠬᠤᠪᠴᠠᠰᠤ ᠵᠠᠰᠠᠯ᠎ᠤᠨ ᠭᠤᠶᠤ ᠰᠠᠢᠬᠠᠨ᠎ᠢ ᠭᠠᠢᠬᠠᠭᠤᠯᠤᠯ᠎ᠠ᠃ ᠦᠪᠦᠷ ᠮᠤᠩᠭᠤᠯ᠎ᠤᠨ ᠴᠠᠭ ᠠᠭᠤᠷ᠎ᠤᠨ ᠲᠤᠪᠴᠢᠶᠠᠨ᠎ᠠᠴᠠ ᠤᠢ᠍ᠢᠯᠠᠭᠠᠭ᠍ᠰᠠᠨ᠎ᠢᠶᠠᠷ᠂ ᠴᠠᠭᠠᠨ ᠰᠠᠷ᠎ᠠ᠎ᠶ᠋ᠢᠨ ᠵᠦᠭᠡᠭᠡᠪᠦᠷᠢ᠎ᠶ᠋ᠢᠨ ᠬᠤᠭᠤᠴᠠᠭᠠᠨ᠎ᠳᠤ (2 ᠰᠠᠷ᠎ᠠ᠎ᠶ᠋ᠢᠨ 1 ᠤ ᠡᠳᠦᠷ᠎ᠠᠴᠠ 3 ᠰᠠᠷ᠎ᠠ᠎ᠶ᠋ᠢᠨ 12 ᠤᠨ ᠡᠳᠦᠷ ᠪᠤᠯᠲᠠᠯ᠎ᠠ) ᠮᠠᠨ᠎ᠤ ᠤᠷᠤᠨ᠎ᠳᠤ 3 ᠤᠳᠠᠭ᠎ᠠ ᠴᠠᠰᠤ ᠤᠷᠤᠵᠤ᠂ 4 ᠤᠳᠠᠭᠠᠨ᠎ᠤ ᠬᠦᠢᠲᠡᠨ ᠠᠭᠤᠷ ᠠᠮᠢᠰᠭᠤᠯ᠎ᠳᠤ ᠨᠦᠯᠦᠭᠡᠯᠡᠭ᠌ᠳᠡᠬᠦ᠌ ᠪᠤᠯᠤᠨ᠎ᠠ᠃ ᠥᠨᠥᠳᠦᠷ᠎ᠤᠨ ᠨᠡᠪᠲᠡᠷᠡᠭᠦᠯᠭᠡ ᠮᠠᠨᠢ ᠡᠭᠦᠪᠡᠷ ᠥᠨᠳᠤᠷᠯᠡᠵᠤ ᠪᠠᠢᠨ᠎ᠠ᠃ ᠲᠠ ᠪᠦᠬᠦᠨ᠎ᠤ᠎ᠪᠠᠨ ᠬᠥᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠮᠠᠷᠭᠠᠰᠢ᠎ᠶ᠋ᠢᠨ ᠳ᠋ᠤᠭᠠᠷ᠎ᠲᠤ᠎ᠪᠠᠨ ᠲᠠᠭᠢᠨ ᠵᠤᠯᠭᠠᠶ᠎ᠠ! ᠪᠠᠶᠠᠷᠲᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ ᠮᠡᠷᠭᠡᠵᠢᠯ᠄ ᠠᠯᠤᠰ ᠬᠢᠨᠠᠭ᠍ᠴᠢ᠄ ᠴᠡᠴᠡᠭ ᠶᠡᠷᠦᠩᠬᠡᠢ ᠬᠢᠨᠠᠭ᠍ᠴᠢ᠄ ᠤᠷᠲᠤᠨᠠᠰᠤᠲᠤ |
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|