|
|
|
|
|
1 ᠰᠠᠷ᠎ᠠ᠎ᠶ᠋ᠢᠨ 28 ᠤ ᠡᠳᠦᠷ
|
|
|
|
|
ᠡᠬᠢᠯᠡᠬᠦ᠌ ᠴᠠᠭ᠄
2018-01-28 13:59:02
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠦ? ᠦᠨᠦᠳᠦᠷ ᠪᠤᠯ 1 ᠰᠠᠷ᠎ᠠ᠎ᠶ᠋ᠢᠨ 28 ᠤ ᠡᠳᠦᠷ᠂ ᠪᠢᠯᠢᠭ᠎ᠤᠨ ᠤᠯᠠᠷᠢᠯ᠎ᠤᠨ ᠤᠯᠠᠭᠠᠭ᠍ᠴᠢᠨ ᠲᠠᠬᠢᠶ᠎ᠠ ᠵᠢᠯ᠎ᠤᠨ 12 ᠰᠠᠷ᠎ᠠ᠎ᠶ᠋ᠢᠨ 12᠂ ᠭᠠᠷᠠᠭ᠎ᠤᠨ ᠡᠳᠦᠷ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠪᠡᠷᠲᠡᠭᠡᠨ ᠵᠠᠰᠠᠬᠤ ᠤᠷᠤᠨ᠎ᠤ ᠬᠤᠶᠠᠷ ᠬᠤᠷᠠᠯ》 ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠤ᠎ᠪᠠᠨ ᠠᠩᠬᠠᠷᠤᠯ᠎ᠢᠶᠠᠨ ᠬᠠᠨᠳᠤᠭᠤᠯᠤᠨ᠎ᠠ ᠤᠤ! ᠶᠠᠭᠤᠨ᠎ᠤ ᠡᠮᠥᠨ᠎ᠡ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ • ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠭᠡᠨ᠎ᠤ ᠠᠯᠪᠠᠨ ᠬᠡᠷ 26 ᠤ ᠡᠳᠤᠷ 《ᠳᠤᠮᠳᠠᠳᠤ ᠤᠯᠤᠰ᠎ᠤᠨ ᠤᠮᠠᠷᠠᠳᠤ ᠳᠦᠢᠯ᠎ᠤᠨ ᠳᠦᠷᠦ᠎ᠶ᠋ᠢᠨ ᠪᠤᠳᠤᠯᠭ᠎ᠠ》 ᠭᠡᠬᠦ᠌ ᠴᠠᠭᠠᠨ ᠭᠠᠳᠠᠷᠳᠤ ᠪᠢᠴᠢᠭ᠎ᠢ ᠨᠡᠢᠳᠡᠯᠡᠵᠠᠢ᠂ ᠡᠨᠡ ᠪᠤᠯ ᠳᠤᠮᠳᠠᠳᠤ ᠤᠯᠤᠰ ᠠᠩᠬ᠎ᠠ ᠤᠳᠠᠭ᠎ᠠ ᠤᠮᠠᠷᠠᠳᠤ ᠳᠦᠢᠯ᠎ᠤᠨ ᠳᠦᠷᠦ᠎ᠶ᠋ᠢᠨ ᠪᠤᠳᠤᠯᠭ᠎ᠠ᠎ᠶ᠋ᠢᠨ ᠳᠤᠬᠠᠢ ᠴᠠᠭᠠᠨ ᠭᠠᠳᠠᠷᠳᠤ ᠪᠢᠴᠢᠭ ᠨᠡᠢᠳᠡᠯᠡᠵᠥ᠍ ᠪᠠᠢᠭ᠎ᠠ ᠶᠠᠪᠤᠳᠠᠯ ᠪᠤᠯᠤᠨ᠎ᠡ᠃ • 2017 ᠤᠨ᠎ᠳᠤ ᠪᠦᠬᠦ᠌ ᠤᠯᠤᠰ᠎ᠤᠨ ᠡᠩ᠎ᠤᠨ ᠤᠯᠠᠨ ᠨᠡᠢᠳᠠ᠎ᠶ᠋ᠢᠨ ᠲᠦᠰᠤᠪ᠎ᠤᠨ ᠤᠷᠤᠯᠭ᠎ᠠ ᠨᠡᠢᠳᠠ 172567 ᠳ᠋ᠦᠩᠱᠢᠭᠤᠷ ᠲᠦᠬᠦᠷᠢᠭ᠎ᠲᠤ ᠬᠦᠷᠴᠤ᠌᠂ ᠠᠳᠠᠯᠢ ᠬᠤᠭᠤᠴᠠᠭᠠᠨ᠎ᠤ᠎ᠬᠢ᠎ᠠᠴᠠ 7.4% ᠢᠶᠠᠷ ᠨᠡᠮᠡᠭ᠌ᠳᠡᠵᠠᠢ᠂ ᠡᠨᠡ ᠪᠤᠯ 2012 ᠤᠨ᠎ᠠᠴᠠ ᠨᠠᠰᠢ ᠮᠠᠨ᠎ᠤ ᠤᠯᠤᠰ᠎ᠤᠨ ᠡᠳ᠋᠎ᠤᠨ ᠵᠠᠰᠠᠬ᠎ᠤᠨ ᠤᠷᠤᠯᠭ᠎ᠠ᠎ᠶ᠋ᠢᠨ ᠨᠡᠮᠡᠭ᠌ᠳᠡᠯ᠎ᠤᠨ ᠬᠤᠷᠳᠤᠴᠠ ᠠᠩᠬ᠎ᠠ ᠲᠡᠭᠡᠭ᠌ᠰᠢᠯᠠᠵᠤ ᠪᠠᠢᠭ᠎ᠠ ᠶᠠᠪᠤᠳᠠᠯ ᠪᠤᠯᠤᠨ᠎ᠠ᠃ ᠤᠳᠤ ᠲᠠ ᠪᠦᠬᠦᠨ᠎ᠳᠤ 《ᠬᠤᠶᠠᠷ ᠬᠤᠷᠠᠯ》 ᠤᠨ ᠮᠡᠳᠡᠭᠡ᠎ᠶ᠋ᠢ ᠳᠠᠮᠵᠢᠭᠤᠯᠤᠶ᠎ᠠ • 1 ᠰᠠᠷ᠎ᠠ᠎ᠶ᠋ᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠭᠤᠷᠪᠠᠳᠤᠭᠠᠷ ᠣᠳᠠᠭ᠎ᠠ᠎ᠶ᠋ᠢᠨ ᠪᠦᠭᠦᠳᠡ ᠬᠤᠷᠠᠯ ᠬᠢᠵᠤ᠂ ᠯᠢ ᠵᠶ᠋ᠢ ᠾᠧᠩ ᠪᠦ᠋ ᠱᠢᠶᠤᠤ ᠯᠢᠨ ᠨᠠᠷ ᠬᠤᠷᠠᠯ᠎ᠳᠤ ᠤᠷᠤᠯᠴᠠᠪᠠ᠃ • 1 ᠰᠠᠷ᠎ᠠ᠎ᠶ᠋ᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ ᠳᠤᠭᠤᠢ᠍ᠢᠯᠠᠩ ᠬᠤᠪᠢᠶᠠᠵᠤ ᠱᠢᠬᠦᠭᠦ᠌ ᠬᠤᠷᠢᠶ᠎ᠠ᠂ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠬᠢᠨᠠᠨ ᠵᠦᠪᠯᠡᠪᠡ᠃ • 1 ᠰᠠᠷ᠎ᠠ᠎ᠶ᠋ᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠩᠬᠠᠳᠤᠭᠠᠷ ᠬᠤᠷᠠᠯ ᠲᠡᠷᠢᠭᠦᠯᠡᠭ᠌ᠴᠢᠳ᠎ᠤᠨ ᠪᠦᠯᠬᠦᠮ᠎ᠤᠨ ᠬᠤᠶᠠᠳᠤᠭᠠᠷ ᠤᠳᠠᠭ᠎ᠠ᠎ᠶ᠋ᠢᠨ ᠬᠤᠷᠠᠯ ᠬᠢᠪᠡ᠃ • 1 ᠰᠠᠷ᠎ᠠ᠎ᠶ᠋ᠢᠨ 27 ᠤ ᠡᠳᠦᠷ᠂ ᠯᠢ ᠵᠶ᠋ᠢ ᠾᠧᠩ ᠬᠦᠯᠦᠨ ᠪᠤᠢᠷ ᠬᠤᠳᠠ᠎ᠶ᠋ᠢᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ᠎ᠳᠠᠭᠠᠨ᠂ ᠨᠤᠭᠤᠭᠠᠨ ᠦᠩᠭᠡ᠎ᠶ᠋ᠢ ᠬᠦᠯᠦᠨ ᠪᠤᠢᠷ᠎ᠤᠨ ᠬᠦᠭ᠌ᠵᠢᠯᠲᠡ᠎ᠶ᠋ᠢᠨ ᠡᠭᠦᠷᠢᠳᠡ᠎ᠶ᠋ᠢᠨ ᠳᠠᠪᠠᠭᠤᠯᠢᠭ ᠪᠤᠯᠭᠠᠬᠤ ᠬᠡᠷᠡᠭ᠌ᠲᠡᠢ ᠭᠡᠮᠡᠨ ᠴᠢᠬᠤᠯᠠᠴᠢᠯᠠᠵᠠᠢ᠃ • 1 ᠰᠠᠷ᠎ᠠ᠎ᠶ᠋ᠢᠨ 27 ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢ᠎ᠶ᠋ᠢᠨ ᠪᠦᠯᠬᠦᠮ ᠬᠤᠶᠠᠳᠤᠭᠠᠷ ᠤᠳᠠᠭ᠎ᠠ᠎ᠶ᠋ᠢᠨ ᠬᠤᠷᠠᠯ ᠬᠢᠪᠡ᠃ • ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ ᠲᠦᠯᠦᠭᠡᠯᠡᠭ᠌ᠴᠢᠳ ᠭᠡᠱᠢᠭᠦᠳ᠎ᠤᠨ ᠰᠠᠨᠠᠯ ᠵᠦᠪᠯᠡᠯᠭᠡ ᠪᠠ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠤ ᠬᠠᠷᠢᠭᠤᠯᠲᠠ ᠦᠭ᠌ᠭᠦᠭ᠌ᠰᠡᠨ ᠨᠤᠷᠮ᠎ᠠ 100% ᠲᠤ ᠬᠦᠷᠪᠡ᠃ ᠪᠦᠬᠦ᠌ ᠤᠷᠤᠨ᠎ᠤ ᠱᠢᠭᠦᠬᠦ᠌ ᠬᠤᠷᠢᠶ᠎ᠠ 5 ᠵᠢᠯ᠎ᠳᠤ ᠡᠯ᠎ᠠ ᠵᠦᠢᠯ᠎ᠤᠨ ᠬᠡᠷᠡᠭ᠎ᠢ 2374656 ᠱᠢᠭᠦᠨ ᠲᠠᠭᠤᠰᠭᠠᠪᠠ᠃ ᠪᠦᠬᠦ᠌ ᠤᠷᠤᠨ᠎ᠤ ᠪᠠᠢᠴᠠᠭᠠᠬᠤ ᠪᠠᠢᠭᠤᠯᠤᠯᠭ᠎ᠠ 5 ᠵᠢᠯ᠎ᠳᠤ ᠡᠷᠡᠬᠦᠦ᠎ᠶ᠋ᠢᠨ ᠬᠡᠷᠡᠭ᠎ᠤᠨ ᠶᠠᠯ᠎ᠠ᠎ᠶ᠋ᠢᠨ ᠰᠡᠵᠢᠭ᠌ᠳᠡᠠ 67283 ᠬᠦᠮᠦᠨ᠎ᠢ ᠪᠠᠷᠢᠪᠴᠢᠯᠠᠬᠤ᠎ᠶ᠋ᠢ ᠵᠦᠪᠱᠢᠶᠡᠷᠡᠪᠠ᠃ ᠲᠡᠭᠡᠪᠡᠯ ᠬᠤᠷᠠᠯ᠎ᠳᠤ ᠤᠷᠤᠯᠴᠠᠵᠤ ᠪᠠᠢᠭ᠎ᠠ ᠲᠦᠯᠥᠬᠡᠯᠡᠭ᠌ᠴᠢᠳ ᠬᠡᠱᠢᠬᠦᠳ ᠶᠠᠮᠠᠷ ᠶᠠᠮᠠᠷ ᠰᠠᠨᠠᠯ ᠰᠠᠨᠠᠭᠤᠯᠭ᠎ᠠ᠂ ᠰᠠᠨᠠᠯ ᠲᠤᠷᠠᠳᠤᠯᠭ᠎ᠠ ᠲᠡᠪᠱᠢᠬᠦᠯᠥᠭ᠌ᠰᠡᠨ ᠪᠤᠯ? • ᠡᠷᠳᠡᠨᠢᠬᠦᠦ ᠲᠦᠯᠥᠬᠡᠯᠡᠭ᠌ᠴᠢ᠄ 《ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ》 ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠦᠨᠡᠨᠭᠦ᠌ ᠨᠡᠢᠳᠡᠪᠦᠷᠢᠵᠢᠭᠤᠯᠵᠤ᠂ ᠤᠯᠠᠨ ᠬᠡᠯᠪᠡᠷᠢ᠎ᠶ᠋ᠢᠨ ᠬᠡᠪᠴᠢᠶᠡᠵᠢᠭ᠌ᠰᠡᠨ ᠡᠵᠡᠩᠨᠡᠯᠳᠡ᠎ᠶ᠋ᠢ ᠬᠦᠭ᠌ᠵᠢᠭᠦᠯᠦᠨ ᠨᠢᠭᠡ ᠪᠦᠯᠦᠭ ᠤᠨᠴᠠᠯᠢᠬ᠍ᠳᠦ ᠪᠠᠭ᠎ᠠ ᠪᠠᠯᠭᠠᠰᠦ ᠪᠠ ᠦᠵᠡᠰᠭᠦᠯᠡᠩᠳᠦ ᠰᠠᠢᠬᠠᠨ ᠭᠠᠴᠠᠭ᠎ᠠ ᠲᠤᠰᠭᠤᠨ᠎ᠢ ᠲᠦᠷᠭᠡᠳᠭᠡᠨ ᠪᠠᠢᠭᠤᠯᠵᠦ᠍᠂ ᠮᠠᠯᠴᠢᠨ ᠲᠠᠷᠢᠶᠠᠴᠢᠨ᠎ᠳᠤ ᠠᠱᠢᠭ ᠬᠦᠷᠳᠡᠭᠡᠭᠦ᠌ ᠡᠯ᠎ᠠ ᠵᠦᠢᠯ᠎ᠤᠨ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠡᠢᠳᠡᠪᠦᠷᠢᠵᠢᠭᠤᠯᠤᠨᠠ᠃ • ᠾᠧ ᡁᠢ ᠸᠧᠢ ᠲᠦᠯᠦᠭᠡᠯᠡᠭ᠌ᠴᠢ᠄ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠬᠦ᠌᠎ᠳᠤ ᠮᠠᠯᠵᠢᠬᠤ ᠲᠠᠷᠢᠶᠠᠯᠠᠬᠤ ᠤᠷᠤᠨ᠎ᠤ ᠦᠭᠡᠷᠡᠴᠢᠯᠠᠯᠳᠠ᠎ᠶ᠋ᠢ ᠬᠦᠨᠵᠡᠭᠡᠢᠷᠡᠭᠦᠯᠭᠦ᠌ ᠲᠡᠭᠡᠷ᠎ᠠ ᠬᠦᠴᠦ᠍ ᠲᠠᠯᠪᠢᠵᠤ᠂ ᠮᠠᠯ ᠠᠵᠦ᠍ ᠠᠬᠤᠢ ᠲᠠᠷᠢᠶᠠᠯᠠᠩ᠎ᠤᠨ ᠬᠡᠯᠪᠡᠷᠢ᠎ᠶ᠋ᠢ ᠬᠤᠪᠢᠷᠠᠭᠤᠯᠵᠦ᠍ ᠲᠡᠰ ᠲᠡᠪᠱᠢᠭᠦᠯᠭᠦᠶ᠋ᠢ ᠲᠦᠷᠭᠡᠳᠭᠡᠬᠦ᠌ ᠬᠡᠷᠡᠭ᠌ᠳᠡᠢ ᠪᠠᠢᠨ᠎ᠠ᠃ • ᠨᠡᠪᠴᠢᠮᠠ ᠬᠡᠱᠢᠭᠦᠨ᠄ 《ᠵᠤᠭᠠᠴᠠᠯ +》 ᠪᠠᠢᠯᠳᠤᠬᠤ ᠪᠤᠳᠤᠯᠭ᠎ᠠ᠎ᠪᠠᠷ ᠭᠠᠷᠳᠠᠴᠠ ᠪᠤᠯᠭᠠᠨ᠂ ᠡᠯ᠎ᠠ ᠠᠢᠮᠠᠭ ᠬᠤᠳᠠ ᠬᠢᠭᠡᠳ ᠵᠤᠭᠠᠴᠠᠯ᠎ᠤᠨ ᠠᠵᠤ ᠠᠬᠤᠢ᠍ᠢᠯᠠᠯ ᠬᠠᠮᠳᠤᠷᠠᠨ ᠠᠵᠢᠯᠯᠠᠵᠤ᠂ ᠤᠷᠤᠨ ᠪᠦᠰᠡ ᠠᠯᠤᠰᠯᠠᠭ᠍ᠰᠠᠨ ᠵᠤᠭᠠᠴᠠᠯ᠎ᠤᠨ ᠪᠦᠳᠦᠭᠡᠭ᠌ᠳᠡᠭᠦᠨ᠎ᠢ ᠬᠠᠮᠳᠤᠪᠡᠷ ᠨᠡᠭᠡᠭᠡᠨ ᠠᠱᠢᠭ᠍ᠯᠠᠬᠤ᠎ᠨᠢ ᠳᠠᠯ᠎ᠠ ᠨᠤᠳᠤᠭ᠎ᠤᠨ ᠪᠦᠬᠦ᠌ ᠤᠷᠤᠨ ᠪᠦᠰᠡ᠎ᠶ᠋ᠢᠨ ᠵᠤᠭᠠᠴᠠᠯ᠎ᠤᠨ ᠦᠢᠯᠡᠰ᠎ᠢ ᠬᠦᠭ᠌ᠵᠢᠭᠦᠯᠬᠦ᠌᠎ᠳᠤ ᠠᠱᠢᠭ᠍ᠳᠠᠢ ᠪᠠᠢᠨ᠎ᠠ᠃ • ᠤᠯᠠᠭᠠᠨᠪᠠᠭᠠᠳᠤᠷ ᠬᠡᠱᠢᠬᠦᠨ᠄ 《ᠦᠪᠦᠷ ᠮᠤᠩᠭᠤᠯ᠎ᠤᠨ ᠦᠪᠡᠷᠳᠡᠭᠡᠨ ᠵᠠᠰᠭᠠᠤ ᠤᠷᠤᠨ᠎ᠤ ᠦᠨᠳᠦᠰᠦᠳᠡᠨ᠎ᠤ ᠰᠤᠷᠭᠠᠨ ᠬᠦᠮᠦᠵᠢᠯ᠎ᠤᠨ ᠳᠦᠷᠢᠮ》 ᠢ ᠬᠡᠷᠡᠭ᠌ᠵᠢᠬᠦᠯᠬᠦ᠌ ᠳᠤᠬᠠᠢ ᠨᠠᠷᠢᠨ ᠲᠦᠷᠢᠮ ᠲᠤᠭ᠍ᠳᠠᠭᠠᠵᠤ᠂ ᠬᠢᠨᠠᠯᠳᠠ ᠳᠠᠯᠪᠢᠬᠤ ᠳᠤᠭ᠍ᠳᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠦᠨᠳᠤᠰᠤᠳᠠᠨ᠎ᠤ ᠰᠤᠷᠭᠠᠨ ᠬᠦᠮᠦᠵᠢᠯ᠎ᠢ ᠤᠷᠢᠳᠠᠪᠡᠷ ᠬᠦᠭ᠌ᠵᠢᠬᠦᠯᠵᠤ᠂ ᠭᠡᠤᠭᠡᠳ᠎ᠲᠤ ᠡᠷᠭᠡ ᠲᠡᠭ᠌ᠰᠢ ᠴᠢᠨᠠᠷᠯᠢᠭ ᠰᠤᠷᠭᠠᠨ ᠬᠦᠮᠦᠵᠢᠯ᠎ᠢ ᠬᠦᠷᠳᠡᠬᠡᠪᠡᠯ ᠵᠤᠬᠢᠨ᠎ᠠ᠃ ᠵᠠᠯᠭᠠᠭᠠᠳ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ • ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭ᠍ᠴᠢ᠂ ᠬᠦᠯᠦᠨ ᠪᠤᠢᠷ ᠬᠤᠲᠠ᠎ᠶ᠋ᠢᠨ ᠱᠢᠨ᠎ᠡ ᠪᠠᠷᠭᠤ ᠵᠡᠭᠦᠨ ᠬᠤᠱᠢᠭᠤᠨ᠎ᠤ ᠤᠶᠤᠳᠠᠯᠴᠢᠨ ᠰᠧ ᠊ ᠤᠷᠠᠨᠴᠢᠮᠡᠭ ᠱᠠᠪᠢ ᠨᠠᠷ ᠦᠷ᠎ᠡ ᠬᠡᠦᠬᠡᠳ᠎ᠤᠳ᠎ᠲᠠᠢ᠎ᠪᠠᠨ ᠬᠠᠮᠲᠤ ᠳᠡᠯᠡᠬᠡᠢ᠎ᠶ᠋ᠢᠨ ᠭᠢᠨᠢᠰ᠎ᠤᠨ ᠲᠡᠮᠳᠡᠭ᠌ᠯᠡᠯ᠎ᠢ ᠡᠭᠦᠳᠬᠦ᠌᠎ᠪᠠᠷ ᠤᠷᠠᠯᠠᠭ᠍ᠰᠠᠨ ᠬᠠᠮᠤᠭ᠎ᠤᠨ ᠲᠤᠮᠤ ᠮᠤᠩᠭᠤᠯ ᠳᠡᠪᠡᠯ᠎ᠢᠶᠠᠨ 1 ᠰᠠᠷ᠎ᠠ᠎ᠶ᠋ᠢᠨ 25 ᠤ ᠡᠳᠦᠷ ᠤᠶᠤᠵᠤ ᠳᠠᠭᠤᠰᠭᠠᠯᠠ᠃ • 2018 ᠤᠨ᠎ᠤ ᠤᠯᠠᠨ ᠤᠯᠤᠰ᠎ᠤᠨ ᠪᠠᠭᠠᠴᠤᠳ ᠬᠡᠦᠬᠡᠳ᠎ᠤᠨ ᠪᠤᠺᠰ᠎ᠤᠨ ᠮᠠᠩᠯᠠᠢ ᠱᠢᠯᠭᠠᠷᠠᠭᠤᠯᠬᠤ ᠤᠷᠤᠯᠳᠤᠭᠠᠨ 1 ᠰᠠᠷ᠎ᠠ᠎ᠶ᠋ᠢᠨ 29 ᠠᠴᠠ 2 ᠰᠠᠷ᠎ᠠ᠎ᠶ᠋ᠢᠨ 1 ᠪᠤᠯᠲᠠᠯ᠎ᠠ ᠬᠦᠬᠡᠬᠤᠲᠠ᠎ᠳᠤ ᠶᠠᠪᠤᠭ᠍ᠳᠠᠬᠤ᠎ᠪᠠᠷ ᠪᠤᠢ᠃ ᠡᠨᠡ ᠵᠢᠯ᠎ᠤᠨ ᠤᠷᠤᠯᠳᠤᠭᠠᠨ᠎ᠳᠤ ᠳᠤᠮᠳᠠᠳᠤ᠂ ᠮᠤᠩᠭᠤᠯ ᠤᠷᠤᠰ ᠵᠡᠷᠭᠡ 12 ᠲᠦᠯᠦᠭᠡᠯᠡᠭ᠌ᠴᠢ᠎ᠶ᠋ᠢᠨ ᠠᠩᠭᠢ᠎ᠶ᠋ᠢᠨ 200 ᠭᠠᠷᠤᠢ ᠲᠠᠮᠢᠷᠴᠢᠨ ᠤᠷᠤᠯᠴᠠᠬᠤ ᠪᠤᠯᠤᠨ᠎ᠠ᠃ • ᠮᠤᠩᠭᠤᠯ ᠤᠯᠤᠰ᠎ᠤᠨ ᠵᠠᠰᠠᠭ᠎ᠤᠨ ᠤᠷᠳᠤᠨ 25 ᠤ ᠡᠳᠦᠷ ᠵᠤᠷᠱᠢᠯ ᠶᠤᠰᠤᠭᠠᠷ ᠬᠢᠭ᠌ᠰᠡᠨ ᠬᠤᠷᠠᠯ ᠳᠡᠭᠡᠷ᠎ᠡ ᠲᠤᠭ᠍ᠲᠠᠭᠠᠯ ᠭᠠᠷᠭᠠᠵᠤ᠂ ᠤᠨᠤᠭᠠᠴᠢᠨ ᠬᠡᠦᠬᠡᠳ᠎ᠤᠨ ᠠᠮᠤᠷ ᠲᠦᠪᠱᠢᠨ᠎ᠢ ᠬᠠᠮᠠᠭᠠᠯᠠᠬᠤ᠎ᠶ᠋ᠢᠨ ᠲᠦᠯᠦᠭᠡ ᠮᠤᠩᠭᠤᠯ ᠤᠯᠤᠰ᠎ᠤᠨ ᠬᠡᠪᠴᠢᠶᠡᠨ᠎ᠳᠤ ᠡᠪᠦᠯ ᠮᠤᠷᠢ ᠤᠷᠤᠯᠳᠤᠭᠤᠯᠬᠤ᠎ᠶ᠋ᠢ ᠴᠠᠭᠠᠵᠠᠯᠠᠬᠤ᠎ᠪᠠᠷ ᠲᠤᠭ᠍ᠲᠠᠭᠠᠵᠠᠢ᠃ • ᠦᠪᠦᠷ ᠮᠤᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠮᠤᠩᠭᠤᠯ ᠤᠳᠤᠨ ᠲᠧᠯᠸᠢᠰ᠎ᠤᠨ 2018 ᠳᠤᠮᠳᠠᠳᠤ ᠮᠤᠩᠭᠤᠯ᠎ᠤᠨ 《ᠢᠨᠢᠶᠡᠳᠤ᠎ᠲᠠᠢ ᠦᠳᠡᠰᠢ》 ᠴᠠᠭᠠᠨ ᠰᠠᠷ᠎ᠠ᠎ᠶ᠋ᠢᠨ ᠬᠤᠱᠤᠩ ᠤᠷᠠᠯᠢᠭ᠎ᠤᠨ ᠲᠤᠭ᠍ᠯᠠᠯᠲᠠ᠎ᠶ᠋ᠢᠨ ᠦᠳᠡᠱᠢᠯᠡᠭᠡ᠎ᠶ᠋ᠢ 1 ᠰᠠᠷ᠎ᠠ᠎ᠶ᠋ᠢᠨ 27 ᠤ ᠡᠳᠦᠷ ᠪᠢᠴᠢᠯᠭᠡ ᠬᠢᠭ᠌ᠰᠡᠨ ᠶᠤᠮ᠃ ᠡᠨᠡ ᠵᠢᠯ᠎ᠤᠨ 《ᠢᠨᠢᠶᠡᠳᠤ᠎ᠲᠠᠢ ᠦᠳᠡᠰᠢ》 ᠴᠠᠭᠠᠨ ᠰᠠᠷ᠎ᠠ᠎ᠶ᠋ᠢᠨ ᠦᠳᠡᠱᠢᠯᠡᠭᠡ᠎ᠳᠤ ᠮᠠᠨ᠎ᠤ ᠤᠷᠤᠨ ᠪᠤᠯᠤᠨ ᠮᠤᠩᠭᠤᠯ ᠤᠯᠤᠰ᠎ᠤᠨ 120 ᠭᠠᠷᠤᠢ ᠵᠦᠴᠦᠭᠡᠴᠢᠨ ᠤᠷᠤᠯᠴᠠᠭ᠍ᠰᠠᠨ ᠪᠠᠢᠨ᠎ᠠ᠃ • ᠠᠩᠬᠠᠳᠤᠭᠠᠷ ᠬᠤᠭᠤᠴᠠᠭᠠᠨ᠎ᠤ ᠤᠷᠳᠤᠰ᠎ᠤᠨ ᠮᠦᠰᠦ ᠴᠠᠰᠤᠨ᠎ᠤ ᠨᠠᠭᠠᠳᠤᠮ ᠵᠢᠴᠢ ᠦᠪᠦᠷ ᠮᠤᠩᠭᠤᠯ᠎ᠤᠨ ᠵᠢᠷᠭᠤᠳᠤᠭᠠᠷ ᠬᠤᠭᠤᠴᠠᠭᠠᠨ᠎ᠤ ᠵᠠᠭᠤᠨ ᠲᠦᠮᠡᠨ ᠵᠠᠯᠠᠭᠤᠴᠤᠳ ᠪᠠᠭᠠᠴᠤᠳ᠎ᠤᠨ ᠮᠦᠰᠦ ᠴᠠᠰᠤᠨ᠎ᠤ ᠨᠠᠭᠠᠳᠤᠮ᠎ᠤᠨ ᠤᠷᠳᠤᠰ᠎ᠲᠠᠬᠢ ᠦᠷᠲᠡᠭᠡ᠎ᠶ᠋ᠢᠨ ᠡᠬᠢᠯᠡᠯᠲᠡ᠎ᠶ᠋ᠢᠨ ᠶᠤᠰᠤᠯᠠᠯ 1 ᠰᠠᠷ᠎ᠠ᠎ᠶ᠋ᠢᠨ 27 ᠤ ᠡᠳᠦᠷ ᠤᠷᠳᠤᠰ ᠬᠤᠲᠠ᠎ᠶ᠋ᠢᠨ ᠵᠢᠤ ᠴᠧᠩ ᠬᠦᠩ ᠵᠢᠭᠤᠯᠴᠢᠯᠠᠯ᠎ᠤᠨ ᠤᠷᠳᠤᠨ᠎ᠳᠤ ᠪᠤᠯᠤᠯ᠎ᠠ᠃ • 1 ᠰᠠᠷ᠎ᠠ᠎ᠶ᠋ᠢᠨ 27 ᠤ ᠡᠳᠦᠷ᠂ ᠠᠷᠤ ᠬᠤᠷᠴᠢᠨ ᠬᠤᠱᠢᠭᠤᠨ᠎ᠤ 《ᠡᠯᠪᠡᠭ ᠬᠤᠨᠳᠠᠭᠠᠲᠤ》 ᠳᠦᠷᠪᠡᠨ ᠤᠲᠠᠰᠤᠲᠤ ᠬᠤᠭᠤᠷ᠎ᠤᠨ ᠭᠤᠴᠤᠯᠠᠯ ᠬᠦᠭ᠌ᠵᠢᠮ ᠵᠢᠴᠢ ᠬᠤᠯᠪᠤᠭ᠎ᠠ ᠤᠷᠠᠯᠢᠭ᠎ᠤᠨ ᠮᠦᠷᠦ᠋ᠢᠴᠡᠭᠡᠨ ᠶᠠᠪᠤᠭ᠍ᠳᠠᠪᠠ᠃ ᠥᠨᠥᠳᠦᠷ᠎ᠤᠨ ᠨᠡᠪᠲᠡᠷᠡᠭᠦᠯᠭᠡ ᠮᠠᠨᠢ ᠡᠭᠦᠪᠡᠷ ᠥᠨᠳᠤᠷᠯᠡᠵᠤ ᠪᠠᠢᠨ᠎ᠠ᠃ ᠲᠠ ᠪᠦᠬᠦᠨ᠎ᠤ᠎ᠪᠠᠨ ᠬᠥᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠮᠠᠷᠭᠠᠰᠢ᠎ᠶ᠋ᠢᠨ ᠳ᠋ᠤᠭᠠᠷ᠎ᠲᠤ᠎ᠪᠠᠨ ᠲᠠᠭᠢᠨ ᠵᠤᠯᠭᠠᠶ᠎ᠠ! ᠪᠠᠶᠠᠷᠲᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ ᠮᠡᠷᠭᠡᠵᠢᠯ᠄ ᠰᠦᠮᠪᠦᠷ ᠬᠢᠨᠠᠭ᠍ᠴᠢ᠄ ᠴᠡᠴᠡᠭ ᠶᠡᠷᠦᠩᠬᠡᠢ ᠬᠢᠨᠠᠭ᠍ᠴᠢ᠄ ᠤᠷᠲᠤᠨᠠᠰᠤᠲᠤ
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|