10 ᠰᠠᠷ᠎ᠠ ᠵᠢᠨ 18 ᠎ᠤ ᠡᠳᠤᠷ
ᠡᠬᠢᠯᠡᠬᠦ᠌ ᠴᠠᠭ᠄
2025-10-18 12:21:16
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄




 ᠨᠡᠢᠭᠡᠮ 

                       

✦ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 16᠎ᠤ ᠡᠳᠦᠷ ᠮᠡᠳᠡᠭᠳᠡᠯ ᠳᠠᠷᠤᠮᠠᠯᠯᠠᠨ ᠲᠠᠷᠬᠠᠭᠠᠵᠤ᠂ 2025 ᠣᠨ᠎ᠤ ᠡᠴᠦᠰ᠎ᠡᠴᠡ ᠡᠮᠦᠨ᠎ᠡ ᠪᠥᠬᠥ ᠤᠯᠤᠰ᠎ᠤᠨ ᠪᠣᠶ ᠪᠦᠬᠦᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠳᠤ ᠴᠥᠮ ᠲᠤᠬᠠᠢ᠎ᠶᠢᠨ ᠴᠠᠭ ᠲᠤᠨᠢ ᠲᠡᠰᠦᠯᠦᠨ ᠪᠤᠳᠤᠬᠤ ᠴᠢᠬᠤᠯᠠᠲᠠᠢ ᠪᠠᠢᠵᠤ᠂ 2026 ᠣᠨ᠎ᠤ ᠡᠴᠦᠰ᠎ᠡᠴᠡ ᠡᠮᠦᠨ᠎ᠡ ᠲᠤᠬᠠᠢ᠎ᠶᠢᠨ ᠴᠠᠭ ᠲᠤᠨᠢ ᠲᠡᠰᠦᠯᠦᠨ ᠪᠤᠳᠤᠬᠤ ᠪᠡᠯᠡ ᠮᠥᠩᠭᠥ ᠨᠢ ᠲᠣᠬᠠᠢ᠎ᠵᠢᠨ ᠭᠠᠵᠠᠷ᠎ᠤᠨ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠶᠢᠨ ᠰᠠᠷ᠎ᠠ᠎ᠶᠢᠨ ᠲᠡᠰᠦᠯᠦᠨ ᠪᠤᠳᠤᠬᠤ ᠪᠡᠯᠡ ᠮᠥᠩᠭᠥ᠎ᠶᠢᠨ 80%᠎ᠡᠴᠡ ᠳᠡᠭᠡᠭᠰᠢᠬᠢ᠎ᠶᠢ ᠡᠵᠡᠯᠡᠬᠦ᠎ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃


1.jpg


✦ᠤᠯᠤᠰ᠎ᠤᠨ ᠨᠡᠭᠦᠳᠡᠯ ᠠᠷᠠᠳ ᠎ᠤᠨ ᠬᠠᠮᠢᠶᠠᠷᠤᠯᠲᠠ ᠎ᠶᠢᠨ ᠲᠣᠪᠴᠢᠶ᠎ᠠ ᠵᠢᠨ 16 ᠎ᠤ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠭᠤᠷᠪᠠᠳᠤᠭᠠᠷ ᠤᠯᠠᠷᠢᠯ᠎ᠳᠤ ᠪᠥᠬᠥ ᠤᠯᠤᠰ᠎ᠤᠨ ᠪᠣᠭᠣᠮᠲᠠ᠎ᠪᠠᠷ ᠣᠷᠣᠵᠤ ᠭᠠᠷᠤᠭᠰᠠᠨ ᠬᠥᠮᠥᠨ᠎ᠦ ᠲᠣᠭ᠎ᠠ ᠨᠡᠶ᠋ᠢᠲᠡ 1.78 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠤᠯᠤᠰ᠎ᠤᠨ ᠬᠢᠯᠢ᠎ᠪᠡᠷ ᠣᠷᠣᠵᠤ ᠭᠠᠷᠤᠭᠰᠠᠨ ᠬᠥᠮᠥᠨ᠎ᠦ ᠲᠣᠭ᠎ᠠ ᠨᠡᠶ᠋ᠢᠲᠡ 5.1 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 14.3%᠎ᠪᠠᠷ ᠨᠡᠮᠡᠭᠳᠡᠪᠡ᠃

✦10 ᠰᠠᠷ᠎ᠠ᠎ᠵᠢᠨ 16᠎ᠤ ᠡᠳᠦᠷ᠂ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠲᠢᠶᠠᠨᠵᠢᠨ᠎ᠤ ᠣᠯᠠᠨ ᠤᠯᠤᠰ᠎ᠤᠨ ᠡᠭᠴᠡ ᠨᠢᠰᠬᠡᠯ᠎ᠦᠨ ᠦᠵᠡᠰᠬᠦᠯᠡᠩ ᠲᠢᠶᠠᠨᠵᠢᠨ᠎ᠤ ᠪᠢᠨ ᠬᠠᠢ ᠰᠢᠨ᠎ᠡ ᠲᠣᠭᠣᠷᠢᠭ᠋᠎ᠲᠤ ᠶᠠᠪᠤᠭᠳᠠᠪᠠ᠃ ᠡᠨᠡ ᠪᠣᠯ ᠮᠠᠨ᠎ᠤ ᠤᠯᠤᠰ᠎ᠤᠨ ᠴᠣᠷ᠎ᠤᠨ ᠭᠠᠭᠴᠠ ᠡᠭᠴᠡ ᠨᠢᠰᠬᠡᠯ᠎ᠢᠶᠡᠷ ᠭᠣᠣᠯ ᠪᠣᠯᠭᠠᠭᠰᠠᠨ ᠤᠯᠤᠰ᠎ᠤᠨ ᠲᠠᠰ᠎ᠤᠨ ᠣᠯᠠᠨ ᠤᠯᠤᠰ᠎ᠤᠨ ᠴᠢᠨᠠᠷᠲᠠᠢ ᠲᠤᠰᠬᠠᠢ ᠮᠡᠷᠭᠡᠵᠢᠯ᠎ᠦᠨ ᠦᠵᠡᠰᠬᠦᠯᠡᠩ ᠪᠣᠯᠣᠨ᠎ᠠ᠃


2.png


✦ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ ᠵᠡᠷᠭᠡ 9 ᠰᠠᠯᠠᠭ᠎ᠠ ᠮᠥᠴᠢᠷ ᠠᠵᠢᠯᠯᠠᠭᠠᠨ ᠎ᠤ ᠲᠥᠰᠥᠯ ᠨᠡᠢᠲᠡᠯᠡᠵᠦ᠂ ᠰᠢᠨ᠎ᠡ ᠬᠡᠯᠪᠡᠷᠢ᠎ᠶᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠬᠣᠲᠠ ᠎ᠶᠢᠨ ᠬᠤᠳᠠᠯᠳᠤᠭᠠᠨ ᠎ᠤ ᠣᠶᠤᠨᠴᠢᠯᠠᠯᠳᠠ ᠳᠡᠢᠰᠢ ᠬᠡᠯᠪᠡᠷᠢ ᠪᠠᠨ ᠬᠤᠪᠢᠷᠠᠭᠤᠯᠬᠤ ᠵᠢ ᠳᠡᠮᠵᠢᠬᠦ᠂ ᠣᠷᠣᠨ ᠰᠠᠭᠤᠴᠠ᠎ᠶᠢᠨ ᠮᠡᠳᠡᠭᠡ ᠵᠠᠩᠭᠢ ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠵᠡᠷᠭᠡ 32 ᠵᠦᠢᠯ᠎ᠦᠨ ᠠᠷᠭ᠎ᠠ ᠬᠡᠮᠵᠢᠶ᠎ᠡ᠎ᠳᠤᠷᠠᠳᠤᠨ ᠭᠠᠷᠭᠠᠪᠠ᠃

✦ᠤᠳᠤᠬᠠᠨ᠎ᠳᠦ ᠰᠢᠯᠢ᠎ᠵᠢᠨ ᠭᠤᠤᠯ ᠠᠢᠮᠠᠭ ᠨᠠᠰᠤᠵᠢᠯ᠎ᠤᠨ ᠠᠰᠠᠷᠠᠮᠵᠢ᠎ᠵᠢᠨ ᠪᠠᠢᠭᠤᠯᠤᠮᠵᠢ 22᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠎ᠵᠢᠨ ᠨᠠᠰᠤᠵᠢᠯ᠎ᠤᠨ ᠠᠰᠠᠷᠠᠮᠵᠢ᠎ᠵᠢᠨ ᠦᠢᠯᠡᠴᠢᠯᠡᠭᠡᠨ᠎ᠤ ᠲᠥᠪ 67᠂ ᠭᠠᠴᠠᠭ᠎ᠠ ᠲᠤᠰᠬᠤᠨ᠎ᠤ ᠨᠠᠰᠤᠵᠢᠯ᠎ᠤᠨ ᠠᠰᠠᠷᠠᠮᠵᠢ᠎ᠵᠢᠨ ᠦᠢᠯᠡᠴᠢᠯᠡᠭᠡᠨ᠎ᠤ ᠥᠷᠲᠡᠭᠡ 239᠂ ᠨᠠᠰᠤᠲᠠᠢᠴᠤᠳ᠎ᠤᠨ ᠬᠤᠭᠤᠯᠠᠨ ᠲᠢᠩᠬᠢᠮ 128᠎ᠪᠠᠢᠭᠤᠯᠵᠤ᠂ 2468 ᠤᠨᠴᠠ ᠬᠦᠴᠢᠷᠳᠡᠯᠲᠡᠢ ᠨᠠᠰᠤᠲᠠᠢᠴᠤᠳ᠎ᠤᠨ ᠭᠡᠷ ᠪᠦᠯᠢ᠎ᠳᠦ ᠨᠠᠰᠤᠵᠢᠯ᠎ᠤᠨ ᠠᠰᠠᠷᠠᠮᠵᠢ᠎ᠵᠢᠨ ᠥᠭᠡᠷᠡᠴᠢᠯᠡᠯᠲᠡ᠎ᠶᠢ ᠪᠡᠶᠡᠯᠡᠭᠦᠯᠪᠡ᠃


QQ20251018-123132.png


✦ᠤᠢᠷ᠎ᠠ᠎ᠳᠦ ᠤᠯᠤᠰ ᠎ᠤᠨ  ᠮᠡᠳᠡᠯᠭᠡ᠎ᠵᠢᠨ ᠥᠮᠴᠢᠯᠡᠯ ᠤ᠋ᠨ ᠡᠷᠬᠡ᠎ᠵᠢᠨ ᠲᠤᠪᠴᠢᠶ᠎ᠠ᠎ᠵᠢᠨ ᠵᠥᠪᠰᠢᠶᠡᠷᠡᠯ᠎ᠵᠢᠡᠷ ᠰᠢᠯᠢ᠎ᠵᠢᠨ ᠭᠤᠤᠯ ᠠᠢᠮᠠᠭ ᠤ᠋ᠨ 《ᠠᠪᠠᠭ᠎ᠠ ᠬᠠᠷ᠎ᠠ ᠠᠳᠤᠭᠤ》 ᠤᠯᠤᠰ᠎ᠤᠨ ᠭᠠᠵᠠᠷ ᠵᠦᠢ᠎ᠵᠢᠨ ᠢᠯᠡᠷᠬᠡᠢᠯᠡᠯᠲᠦ ᠬᠠᠮᠠᠭᠠᠯᠠᠯᠲᠠ ᠎ᠵᠢᠨ ᠪᠥᠲᠥᠭᠡᠭᠲᠡᠭᠦᠨ ᠎ᠵᠢᠡᠷ ᠳᠠᠩᠰᠠᠯᠠᠭᠤᠯᠪᠠ᠂ ᠤᠳᠤ ᠪᠤᠯᠬᠤ᠎ᠳᠦ ᠰᠢᠯᠢ᠎ᠵᠢᠨ ᠭᠤᠤᠯ ᠠᠢᠮᠠᠭ᠎ᠤᠨ ᠭᠠᠵᠠᠷ ᠵᠦᠢ᠎ᠵᠢᠨ ᠢᠯᠡᠷᠬᠡᠢᠯᠡᠯᠲᠦ ᠬᠠᠮᠠᠭᠠᠯᠠᠯᠲᠠ᠎ᠵᠢᠨ ᠪᠥᠲᠥᠭᠡᠭᠲᠡᠭᠦᠨ ᠨᠡᠢᠲᠡ 6 ᠪᠤᠯᠪᠠ᠃

✦ᠤᠢᠷ᠎ᠠ᠎ᠳᠦ ᠠᠯᠠᠱᠠ ᠠᠭᠤᠯᠠ᠎ᠵᠢᠨ ᠤᠯᠤᠰ᠎ᠤᠨ ᠳᠡᠰ᠎ᠤᠨ ᠪᠠᠢᠭᠠᠯᠢ᠎ᠵᠢᠨ ᠬᠠᠮᠠᠭᠠᠯᠠᠯᠲᠠ᠎ᠵᠢᠨ ᠤᠷᠤᠨ᠎ᠤ 11 ᠬᠠᠮᠢᠶᠠᠷᠤᠯᠲᠠ᠎ᠵᠢᠨ ᠥᠷᠲᠡᠭᠡ᠎ᠵᠢᠨ ᠭᠠᠷ ᠤᠲᠠᠰᠤᠨ᠎ᠤ ᠲᠤᠬᠢᠶᠠᠨ᠎ᠤ ᠰᠤᠪᠤᠷᠭ᠎ᠠ᠎ᠶᠢ ᠠᠮᠵᠢᠯᠲᠠ ᠲᠠᠢ ᠪᠠᠢᠭᠤᠯᠵᠤ ᠠᠰᠢᠭᠯᠠᠯᠲᠠ᠎ᠳᠦ ᠤᠷᠤᠭᠣᠯᠪᠠ᠃


QQ20251018-123140.png

 

ᠠᠵᠤ ᠠᠬᠤᠢ  

✦16᠎ᠤ ᠡᠳᠦᠷ᠂ 《ᠳᠤᠮᠳᠠᠳᠤ ᠤᠯᠤᠰ᠎ᠤᠨ ᠴᠠᠰᠤ ᠮᠥᠰᠥᠨ᠎ᠤ ᠠᠵᠤ ᠦᠢᠯᠡᠰ᠎ᠦᠨ ᠬᠥᠭᠵᠢᠯᠲᠡ᠎ᠶᠢᠨ ᠰᠤᠳᠤᠯᠭᠠᠨ᠎ᠤ ᠮᠡᠳᠡᠭᠦᠯᠦᠯᠲᠡ ( 2025 )》 ᠶ᠋ᠢ ᠨᠡᠢᠲᠡᠯᠡᠪᠡ᠃ ᠮᠡᠳᠡᠭᠦᠯᠦᠯᠲᠡ᠎ᠶᠢ ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠴᠠᠰᠤ ᠮᠥᠰᠥᠨ᠎ᠤ ᠠᠵᠤ ᠦᠢᠯᠡᠰ᠎ᠦᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠦᠨ ᠶᠡᠬᠡ ᠪᠣᠭᠣᠮᠲᠠ᠎ᠶᠢ ᠳᠠᠪᠠᠵᠤ᠂ 10053 ᠳ᠋ᠦᠩᠰᠢᠭᠤᠷ ᠲᠥᠭᠥᠷᠢᠭ᠎ᠲᠦ ᠬᠦᠷᠬᠦ ᠪᠣᠯᠣᠨ᠎ᠠ᠃

✦ᠰᠢᠯᠢ ᠎ᠵᠢᠨ ᠭᠤᠤᠯ ᠠᠢᠮᠠᠭ ᠎ᠤᠨ ᠠᠪᠠᠭ᠎ᠠ ᠬᠤᠰᠢᠭᠤᠨ ᠎ᠤ ᠬᠤᠩᠭᠤᠷᠭᠤᠤᠯ ᠪᠠᠯᠭᠠᠰᠤᠨ᠎ᠤ ᠪᠠᠶᠠᠨᠬᠤᠩᠭᠤᠷ ᠭᠠᠴᠠᠭᠠᠨ᠎ᠤ ᠮᠠᠯᠴᠢᠨ ᠮᠠᠩᠯᠠᠢᠪᠠᠶᠠᠷ ᠡᠨᠡ ᠨᠠᠮᠤᠷ ᠬᠦᠢᠳᠡᠨᠰᠢᠯᠢ ᠎ᠵᠢᠨ 1000 ᠮᠦ᠍ ᠬᠠᠳᠤᠯᠠᠩ᠎ᠡᠴᠡ᠎ᠪᠡᠨ 500 ᠵᠢᠩ᠎ᠤᠨ ᠪᠤᠭᠤᠯᠲᠠ᠎ᠪᠡᠷ 480 ᠪᠤᠭᠤᠯᠲᠠ ᠡᠪᠡᠰᠦ ᠬᠠᠳᠤᠵᠤ ᠬᠤᠷᠢᠶᠠᠨ᠂ 350 ᠪᠤᠭᠤᠯᠲᠠ᠎ᠶᠢ ᠨᠢ ᠲᠤᠬᠠᠢ᠎ᠵᠢᠨ ᠲᠠᠯᠠᠪᠠᠢ᠎ᠳᠦ ᠪᠤᠷᠤᠯᠠᠭᠤᠯᠵᠤ᠂ ᠥᠪᠡᠷ᠎ᠵᠢᠡᠨ 130 ᠪᠤᠭᠤᠯᠲᠠ᠎ᠶᠢ ᠨᠢ ᠨᠥᠭᠡᠴᠡᠯᠡᠵᠦ᠂ 21 ᠲᠥᠮᠡᠨ ᠲᠥᠭᠥᠷᠢᠭ᠎ᠤᠨ ᠮᠠᠯᠵᠢᠯ᠎ᠤᠨ ᠪᠤᠰᠤ ᠤᠷᠤᠯᠭ᠎ᠠ ᠡᠭᠦᠳᠴᠡᠢ᠃


QQ20251018-123148.png


✦ᠲᠦᠷᠦᠭᠦᠬᠡᠨ ᠤᠷᠳᠤᠰ ᠬᠤᠲᠠ᠎ᠵᠢᠨ ᠬᠠᠩᠭᠢᠨ ᠬᠤᠰᠢᠭᠤᠨ᠎ᠤ ᠰᠢᠨᠡᠪᠠᠯᠭᠠᠰᠤ᠎ᠵᠢᠨ 21 ᠭᠠᠴᠠᠭ᠎ᠠ ᠲᠤᠰᠬᠤᠨ 599.975 ᠲᠥᠮᠡᠨ ᠲᠥᠭᠥᠷᠢᠭ᠎ᠤᠨ ᠬᠠᠮᠲᠤ᠎ᠵᠢᠨ ᠠᠵᠤ ᠠᠬᠤᠢ᠎ᠵᠢᠨ ᠠᠰᠢᠭ ᠤᠷᠤᠯᠭ᠎ᠠ᠎ᠪᠡᠨ ᠬᠤᠪᠢᠶᠠᠷᠢᠯᠠᠵᠤ᠂ ᠲᠤᠰ ᠪᠠᠯᠭᠠᠰᠤ᠎ᠵᠢᠨ ᠮᠠᠯ ᠠᠵᠤ ᠠᠬᠤᠢ ᠪᠤᠯᠤᠨ ᠭᠡᠷᠡᠯᠴᠢ ᠴᠡᠨᠡᠭ᠎ᠵᠢᠡᠷ ᠴᠠᠬᠢᠯᠭᠠᠨ ᠭᠠᠷᠭᠠᠬᠤ ᠲᠥᠷᠥᠯ ᠵᠦᠢᠯ᠂ ᠪᠠᠶᠠᠨᠪᠤᠯᠠᠭ ᠭᠠᠴᠠᠭᠠᠨ᠎ᠤ ᠤᠨᠴᠠᠯᠢᠭᠲᠤ ᠲᠠᠷᠢᠵᠤ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ᠎ᠤᠨ ᠠᠰᠢᠭ ᠤᠷᠤᠯᠭ᠎ᠠ᠎ᠵᠢᠨ ᠵᠢᠱ᠌ᠢᠶ᠎ᠡ ᠦᠵᠡᠭᠦᠯᠦᠨ ᠳᠠᠢᠴᠢᠯᠠᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃


QQ20251018-123156.png


ᠲᠠᠮᠢᠷ 


✦10 ᠰᠠᠷ᠎ᠠ᠎ᠶᠢᠨ 16᠎ᠤ ᠡᠳᠦᠷ᠂ ᠪᠥᠬᠥ ᠤᠯᠤᠰ᠎ᠤᠨ ᠲᠠᠮᠢᠷ᠎ᠤᠨ ᠴᠤᠭᠯᠠᠭᠠᠨ᠎ᠤ ᠫᠤᠤᠳᠠᠯᠭ᠎ᠠ᠎ᠶᠢᠨ ᠲᠥᠷᠥᠯ ᠵᠦᠢᠯ᠎ᠤᠨ ᠤᠷᠤᠯᠳᠤᠭᠠᠨ ᠦᠷᠭᠦᠯᠵᠢᠯᠡᠨ ᠶᠠᠪᠤᠭᠳᠠᠪᠠ᠃ ᠡᠮᠡᠭᠲᠡᠢ᠎ᠶᠢᠨ 50 ᠮᠧᠲᠷ᠎ᠦᠨ ᠶᠠᠪᠠᠭᠠᠨ ᠫᠤᠤ᠎ᠶᠢᠨ ᠭᠤᠷᠪᠠᠨ ᠬᠡᠯᠪᠡᠷᠢ᠎ᠶᠢᠨ ᠰᠢᠢᠳᠪᠦᠷᠢᠲᠦ ᠤᠷᠤᠯᠳᠤᠭᠠᠨ᠎ᠳᠤ᠂ 18 ᠨᠠᠰᠤᠲᠠᠢ ᠬᠠᠩᠵᠧᠦ᠎ᠶᠢᠨ ᠲᠠᠮᠢᠷᠴᠢᠨ ᠸᠠᠩ ᠽᠢ ᠹᠧᠢ 462.9 ᠴᠠᠭᠠᠷᠢᠭ᠋᠎ᠤᠨ ᠬᠢᠷᠢ ᠪᠦᠲᠦᠮᠵᠢ᠎ᠪᠡᠷ ᠠᠯᠲᠠᠨ ᠮᠧᠳᠠᠯ ᠬᠦᠷᠲᠡᠪᠡ᠃


QQ20251018-123203.png



✦10 ᠰᠠᠷ᠎ᠠ ᠎ᠵᠢᠨ 16᠎ᠤ ᠡᠳᠦᠷ᠂ ᠤᠯᠠᠭᠠᠨᠬᠠᠳᠠ ᠬᠤᠲᠠ᠎ᠵᠢᠨ ᠠᠷᠤ ᠬᠤᠷᠴᠢᠨ ᠬᠤᠰᠢᠭᠤᠨ᠎ᠤ 2025 ᠤᠨ᠎ᠤ ᠭᠡᠭᠡᠷᠡᠯᠡᠨ ᠠᠶᠠᠯᠠᠬᠤ ᠤᠷᠤᠯᠳᠤᠭᠠᠨ ᠠᠷᠤ ᠬᠤᠷᠴᠢᠨ ᠬᠤᠰᠢᠭᠤᠨ᠎ᠤ ᠴᠢᠪᠠᠭ᠎ᠠ ᠪᠠᠯᠭᠠᠰᠤᠨ᠎ᠤ ᠰᠤᠶᠤᠯ᠎ᠤᠨ ᠠᠭᠤᠳᠠᠮ ᠳᠠᠯᠠᠪᠠᠢ᠎ᠳᠦ ᠶᠠᠪᠤᠭᠳᠠᠵᠤ᠂ ᠪᠦᠬᠦ ᠤᠯᠤᠰ᠎ᠤᠨ ᠤᠯᠠᠨ ᠮᠤᠵᠢ ᠬᠤᠲᠠ᠎ᠵᠢᠨ U2 ᠳᠤᠭᠤᠢᠯᠠᠩ᠎ᠤᠨ 180 ᠲᠡᠷᠭᠡ᠂ UTV ᠳᠤᠭᠤᠢᠯᠠᠩ᠎ᠤᠨ 60 ᠲᠡᠷᠭᠡ᠂ ᠨᠡᠢᠲᠡ 480 ᠤᠷᠤᠯᠴᠠᠭᠴᠢ ᠤᠷᠤᠯᠴᠠᠵᠠᠢ᠃


ᠲᠡᠯᠡᠬᠡᠢ  


✦ᠲᠥᠪ ᠲᠸᠯᠸᠢᠰ ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 16᠎ᠤ ᠡᠳᠦᠷ᠂ ᠹᠷᠠᠨᠼᠢ᠎ᠶᠢᠨ ᠢᠷᠭᠡᠨ᠎ᠦ ᠵᠥᠪᠯᠡᠯᠭᠡᠨ ᠵᠠᠰᠠᠭ᠎ᠤᠨ ᠣᠷᠳᠣᠨ ᠎ᠳᠤ ᠴᠢᠭᠯᠡᠭᠦᠯᠦᠭᠰᠡᠨ ᠥᠯᠥ ᠢᠲᠡᠭᠡᠬᠦ ᠬᠣᠶᠠᠷ ᠵᠦᠢᠯ᠎ᠦᠨ ᠰᠠᠨᠠᠭᠠᠴᠢᠯᠠᠭ᠎ᠠ᠎ᠳᠤ ᠪᠢᠯᠧᠲ ᠥᠭᠴᠦ᠂ ᠰᠠᠨᠠᠭᠠᠴᠢᠯᠠᠭ᠎ᠠ ᠨᠢ ᠡᠴᠦᠰ᠎ᠲᠡᠬᠡᠨ ᠪᠠᠲᠤᠯᠠᠭᠳᠠᠭᠰᠠᠨ ᠦᠭᠡᠢ᠃


QQ20251018-123221.png


✦ᠲᠥᠪ ᠲᠸᠯᠸᠢᠰ ᠎ᠤᠨ ᠮᠡᠳᠡᠭᠡ ᠎ᠶᠢ ᠦᠨᠳᠦᠰᠦᠯᠡᠪᠡᠯ᠂ ᠭᠧᠷᠮᠠᠨ ᠎ᠤ ᠤᠯᠤᠰ ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ ᠎ᠤ ᠰᠠᠢᠳ 15᠎ᠤ ᠡᠳᠦᠷ ᠢᠯᠡᠷᠬᠡᠢᠯᠡᠬᠦ᠎ᠳᠡᠭᠡᠨ᠂ ᠭᠧᠷᠮᠠᠨ᠎ᠠᠴᠠ ᠦᠺᠷᠠᠢᠨ᠎ᠳᠤ 20 ᠳ᠋ᠦᠩᠰᠢᠭᠤᠷ ᠡᠸᠦ᠋ᠷᠤ᠋ ᠵᠣᠭᠣᠰ ( ᠪᠠᠷᠤᠭ 23.3 ᠳ᠋ᠦᠩᠰᠢᠭᠤᠷ ᠳ᠋ᠣᠯᠯᠠᠷ )᠎ᠤᠨ ᠴᠡᠷᠢᠭ ᠎ᠦᠨ ᠶᠠᠪᠤᠳᠠᠯ᠎ᠤᠨ ᠲᠤᠰᠠᠯᠠᠮᠵᠢ ᠬᠠᠩᠭᠠᠬᠤ᠎ᠪᠡᠷ ᠪᠠᠢᠨ᠎ᠠ᠂ ᠡᠭᠦᠨ᠎ᠳᠦ ᠠᠭᠠᠷ᠎ᠤᠨ ᠰᠡᠷᠭᠡᠢᠯᠡᠯᠲᠡ᠎ᠶᠢᠨ ᠰᠢᠰᠲᠧᠮ᠂ ᠣᠨᠣᠪᠴᠢᠲᠠᠶ ᠵᠠᠯᠠᠵᠤ ᠵᠢᠯᠤᠭᠣᠳᠬᠤ ᠵᠡᠪᠰᠡᠭ ᠪᠠ ᠳᠠᠷᠢ ᠰᠤᠮᠤ ᠪᠠᠭᠲᠠᠨ᠎ᠠ ᠭᠡᠵᠡᠢ᠃

✦23 ᠤᠯᠤᠰ ᠎ᠤᠨ 87 ᠪᠠᠢᠭᠤᠯᠤᠮᠵᠢ᠎ᠵᠢᠨ ᠰᠢᠨᠵᠢᠯᠡᠬᠦ ᠤᠬᠠᠭᠠᠨᠲᠠᠨ  ᠤ᠋ ᠬᠠᠮᠲᠤ ᠎ᠪᠠᠷ ᠲᠤᠭᠤᠷᠪᠢᠵᠤ ᠨᠡᠢᠲᠡᠯᠡᠭᠰᠡᠨ《ᠪᠥᠬᠥ ᠪᠥᠮᠪᠥᠷᠴᠡᠭ᠎ᠦᠨ ᠵᠠᠭᠠᠭ᠎ᠤᠨ ᠴᠡᠭ᠎ᠦᠨ ᠮᠡᠳᠡᠭᠦᠯᠦᠯᠲᠡ》᠎ᠶᠢ ᠦᠨᠳᠦᠰᠦᠯᠡᠪᠡᠯ᠂ ᠳᠡᠯᠡᠬᠡᠢ᠎ᠵᠢᠨ ᠪᠥᠮᠪᠥᠷᠴᠡᠭ ᠠᠩᠬᠠᠳᠠᠭ᠍ᠴᠢ ᠠᠭᠤᠷ ᠠᠮᠢᠰᠬᠤᠯ ᠎ᠤᠨ ᠵᠠᠭᠠᠭ᠎ᠤᠨ ᠴᠡᠭ᠎ᠲᠦ ᠬᠦᠷᠴᠡᠢ᠃ ᠮᠡᠳᠡᠭᠦᠯᠦᠯᠲᠡ᠎ᠳᠦ ᠪᠥᠬᠥ ᠪᠥᠮᠪᠥᠷᠴᠡᠭ᠎ᠦᠨ ᠳᠤᠯᠠᠭᠠᠷᠠᠬᠤ᠎ᠶᠢ ᠳᠠᠭᠠᠯᠳᠤᠨ 1.5 ᠭᠷᠡᠳᠦ᠋ᠰ᠎ᠤᠨ ᠬᠢᠵᠠᠭᠠᠷ ᠬᠡᠮᠵᠢᠭᠳᠡᠯ᠎ᠢ ᠳᠠᠪᠠᠵᠤ᠂ ᠳᠡᠯᠡᠬᠡᠢ᠎ᠵᠢᠨ ᠪᠥᠮᠪᠥᠷᠴᠡᠭ ᠶᠠᠭ ᠮᠠᠰᠢ ᠲᠦᠷᠭᠡᠨ᠎ᠢᠶᠡᠷ ᠠᠯᠢ ᠣᠯᠠᠨ ᠭᠠᠢ ᠭᠠᠮᠰᠢᠭ᠋᠎ᠤᠨ ᠴᠢᠨᠠᠷᠲᠠᠢ ᠬᠢᠵᠠᠭᠠᠷ ᠴᠡᠭ᠎ᠲᠦ ᠣᠶ᠋ᠢᠷᠠᠳᠤᠵᠥ ᠪᠠᠢᠨ᠎ᠠ ᠭᠡᠵᠡᠢ᠃

 

ᠦᠢᠯᠡᠴᠢᠯᠡᠭᠡ 

✦ᠬᠥᠬᠡᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 742 ᠴᠢᠳᠠᠪᠤᠷᠢᠲᠠᠨ᠎ᠤᠷᠢᠨ ᠡᠯᠰᠡᠬᠦ᠎ᠪᠡᠷ ᠪᠣᠶ᠃ 

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠳᠣᠣᠷ᠎ᠠ ᠬᠠᠭᠠᠰ ᠵᠢᠯ᠎ᠦᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠪᠡᠰᠦᠪᠡᠨ ᠰᠤᠷᠬᠤ ᠰᠢᠯᠭᠠᠯᠲᠠ 10 ᠰᠠᠷ᠎ᠠ᠎ᠶᠢᠨ 25᠎ᠤ ᠡᠳᠦᠷ᠎ᠡᠴᠡ 26 ᠎ᠤ ᠡᠳᠦᠷ ᠪᠣᠯᠲᠠᠯ᠎ᠠ ᠶᠠᠪᠤᠭᠳᠠᠵᠤ᠂ 10 ᠰᠠᠷ᠎ᠠ᠎ᠶᠢᠨ 20 ᠎ᠤ ᠡᠳᠦᠷ᠎ᠡᠴᠡ ᠡᠬᠢᠯᠡᠨ ᠰᠢᠯᠭᠠᠭᠤᠯᠬᠤ ᠦᠨᠡᠮᠯᠡᠯ᠎ᠢ ᠳᠠᠷᠤᠮᠠᠯᠯᠠᠵᠤ ᠪᠤᠯᠤᠨ᠎ᠠ᠃

ᠲᠠᠨ ᠎ᠤ ᠲᠤᠰᠡ ᠳ᠋ᠤ  


✦ᠲᠠᠮᠠᠬᠢᠨ᠎ᠤ ᠰᠢᠨᠤᠯ ᠨᠢ ᠬᠦᠮᠦᠨ᠎ᠤ ᠪᠡᠶ᠎ᠡ᠎ᠵᠢᠨ ᠰᠢᠩᠭᠡᠨ᠎ᠤ ᠬᠦᠴᠢᠯ ᠱᠥᠯᠲᠥᠯᠢᠭ᠎ᠤᠨ ᠬᠡᠮᠵᠢᠶ᠎ᠡ ᠯᠤᠭᠡ ᠬᠤᠯᠪᠤᠭ᠎ᠠ ᠲᠠᠢ ᠪᠠᠢᠳᠠᠭ ᠭᠡᠵᠦ ᠰᠤᠳᠤᠯᠤᠭᠴᠢᠳ ᠢᠯᠡᠷᠡᠭᠦᠯᠵᠡᠢ᠃ ᠲᠠᠮᠠᠬᠢ ᠲᠠᠲᠠᠭᠴᠢᠳ᠎ᠤᠨ ᠠᠮᠠᠨ ᠬᠥᠨᠳᠡᠢ᠎ᠳᠦ ᠬᠦᠴᠢᠯᠯᠢᠭ ᠴᠢᠨᠠᠷᠲᠠᠢ ᠰᠢᠩᠭᠡᠨ᠎ᠤ ᠱᠦᠭᠦᠷᠡᠰᠦ ᠬᠡᠲᠦᠷᠬᠡᠢ ᠠᠷᠪᠢᠨ ᠲᠤᠯᠠ ᠲᠠᠮᠠᠬᠢᠨ᠎ᠳᠦ ᠰᠢᠨᠤᠯ ᠲᠠᠢ ᠪᠤᠯᠳᠠᠭ᠃ ᠬᠠᠷᠢᠨ ᠲᠠᠮᠠᠬᠢ ᠲᠠᠲᠠᠭᠰᠠᠨ᠎ᠤ ᠳᠠᠷᠠᠭᠠᠬᠢ ᠨᠢᠺᠦᠲ᠋ᠢᠨ ᠨᠢ ᠱᠥᠯᠲᠥᠯᠢᠭ ᠴᠢᠨᠠᠷᠲᠠᠢ ᠪᠤᠯᠬᠤᠷ ᠲᠠᠮᠠᠬᠢᠨ᠎ᠤ ᠰᠢᠨᠤᠯ ᠨᠢ ᠳᠠᠷᠤᠭᠳᠠᠳᠠᠭ᠂ ᠡᠢᠮᠦ᠎ᠡᠴᠡ ᠱᠥᠯᠲᠥᠯᠢᠭ ᠢᠳᠡᠭᠡᠨ᠎ᠢ ᠢᠯᠡᠭᠦᠦ ᠢᠳᠡᠪᠡᠯ ᠲᠠᠮᠠᠬᠢ ᠵᠤᠭᠰᠤᠬᠤ᠎ᠳᠦ ᠠᠰᠢᠭᠲᠠᠢ ᠪᠠᠢᠳᠠᠭ᠃

ᠱᠥᠯᠲᠥᠯᠢᠭ ᠴᠢᠨᠠᠷᠲᠠᠢ ᠢᠳᠡᠭᠡᠨ ᠭᠡᠳᠡᠭ ᠨᠢ ᠺᠠᠯᠢ᠂ ᠨᠠᠲᠷᠢ᠂ ᠺᠠᠯᠼ᠂ ᠮᠠᠭᠨᠢ ᠵᠡᠷᠭᠡ ᠡᠯᠸᠮᠸᠨ᠋ᠲ ᠠᠭᠤᠯᠤᠭᠰᠠᠨ ᠢᠳᠡᠭᠡᠨ᠎ᠢ ᠵᠢᠭᠠᠨ᠎ᠠ᠂ ᠵᠢᠱ᠌ᠢᠶᠡᠯᠡᠪᠡᠯ ᠭᠤᠸᠠ ᠵᠢᠮᠢᠰ᠂ ᠢᠳᠡᠰᠢᠨ ᠨᠤᠭᠤᠭ᠎ᠠ᠂ ᠪᠤᠷᠴᠠᠭ᠎ᠤᠨ ᠵᠦᠢᠯ᠂ ᠢᠳᠡᠰᠢᠨ ᠮᠥᠭᠥ᠂ ᠳᠠᠯᠠᠢ᠎ᠵᠢᠨ ᠵᠠᠮᠠᠭ᠎ᠤᠨ ᠲᠥᠷᠥᠯ᠎ᠤᠨ ᠢᠳᠡᠭᠡᠨ ᠪᠤᠯᠤᠨ᠎ᠠ᠃ ᠬᠦᠴᠢᠯᠯᠢᠭ ᠴᠢᠨᠠᠷᠲᠠᠢ ᠢᠳᠡᠭᠡᠨ ᠭᠡᠳᠡᠭ ᠨᠢ ᠹᠤᠰᠹᠤᠷ᠂ ᠬᠥᠬᠥᠷ᠂ ᠡᠾᠯᠤᠷ ᠵᠡᠷᠭᠡ ᠡᠯᠸᠮᠸᠨ᠋ᠲ ᠠᠭᠤᠯᠤᠭᠰᠠᠨ ᠢᠳᠡᠭᠡᠨ᠎ᠢ ᠵᠢᠭᠠᠨ᠎ᠠ᠂ ᠵᠢᠱ᠌ᠢᠶᠡᠯᠡᠪᠡᠯ᠄ ᠰᠢᠬᠢᠷ᠎ᠤᠨ ᠵᠦᠢᠯ᠂ ᠠᠮᠤ ᠲᠠᠷᠢᠶ᠎ᠠ᠂ ᠮᠢᠬᠠᠨ᠎ᠤ ᠵᠦᠢᠯ᠂ ᠥᠨᠳᠡᠭᠡᠨ ᠰᠢᠷ᠎ᠠ᠂ ᠫᠢᠸᠤ᠋ ᠵᠡᠷᠭᠡ ᠨᠢ ᠪᠦᠷ ᠲᠠᠮᠠᠬᠢ ᠵᠤᠭᠰᠤᠬᠤ᠎ᠳᠦ ᠠᠰᠢᠭ ᠦᠭᠡᠢ ᠪᠠᠢᠳᠠᠭ᠃

ᠵᠠᠯᠭᠠᠭᠠᠳ《ᠨᠤᠲᠤᠭ᠎ᠤᠨ ᠴᠡᠩᠬᠡᠷ ᠪᠦᠷᠢᠳᠦ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号