



ᠨᠡᠢᠭᠡᠮ
✦ ᠮᠠᠨ᠎ᠤ ᠤᠯᠤᠰ ᠲᠦ᠍ ᠣᠯᠠᠨ ᠤᠯᠤᠰ᠎ᠤᠨ ᠬᠣᠯᠪᠣᠭᠠᠲᠤ᠌ ᠪᠠᠢᠭᠤᠯᠭ᠎ᠠ ᠵᠢᠨ ᠵᠢᠭᠤᠯᠴᠢᠯᠠᠯ᠎ᠤᠨ ᠵᠣᠬᠢᠶᠠᠨ ᠪᠠᠢᠭᠤᠯᠤᠯᠲᠠ᠎ᠵᠢᠨ 《ᠬᠠᠮᠤᠭ᠎ᠤᠨ ᠰᠠᠢᠨ ᠵᠢᠭᠤᠯᠴᠢᠯᠠᠯ᠎ᠤᠨ ᠬᠥᠳᠡᠭᠡ ᠲᠣᠰᠬᠣᠨ》 ᠰᠢᠨ᠎ᠡ᠎ᠪᠡᠷ 4 ᠨᠡᠮᠡᠭᠳᠡᠪᠡ᠃

✦ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠡᠴᠡ ᠡᠨᠧᠷᠭᠢ᠎ᠶ᠋ᠢᠨ ᠬᠦᠷᠢᠶᠡᠨ᠎ᠦ ᠤᠰᠤᠲᠥᠷᠥᠭᠴᠢ ᠡᠨᠧᠷᠭᠢ᠎ᠶ᠋ᠢᠨ ᠲᠤᠷᠰᠢᠯᠲᠠ᠎ᠶ᠋ᠢᠨ ᠴᠡᠭ ( ᠨᠢᠭᠡᠳᠦᠭᠡᠷ ᠪᠦᠯᠦᠭ )᠎ᠤᠨ ᠨᠡᠷᠡᠰ᠎ᠢ ᠵᠢᠩᠬᠢᠨᠢ᠎ᠪᠡᠷ ᠨᠡᠢᠲᠡᠯᠡᠪᠡ᠃ ᠡᠭᠦᠨ᠎ᠳᠦ ᠪᠤᠭᠤᠲᠤ᠌ ᠬᠣᠲᠠ᠎ᠶ᠋ᠢᠨ ᠡᠨᠧᠷᠭᠢ᠎ᠶ᠋ᠢᠨ ᠬᠦᠷᠢᠶᠡᠨ᠎ᠦ ᠤᠰᠤᠲᠥᠷᠥᠭᠴᠢ ᠡᠨᠧᠷᠭᠢ ᠵᠢᠨ ᠣᠷᠣᠨ ᠪᠦᠰᠡ᠎ᠶ᠋ᠢᠨ ᠲᠤᠷᠰᠢᠯᠲᠠ᠎ᠶ᠋ᠢᠨ ᠴᠡᠭ ᠨᠢ 9 ᠣᠷᠣᠨ ᠪᠦᠰᠡ᠎ᠶ᠋ᠢᠨ ᠲᠤᠷᠰᠢᠯᠲᠠ᠎ᠶ᠋ᠢᠨ ᠴᠡᠭ᠎ᠦᠨ ᠨᠢᠭᠡ᠎ᠪᠡᠷ ᠰᠣᠩᠭᠣᠭᠳᠠᠵᠤ᠂ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤ᠎ᠠᠴᠠ ᠪᠤᠭᠤᠲᠤ᠎ᠶ᠋ᠢᠨ ᠬᠣᠲᠠ ᠵᠢᠨ ᠲᠣᠭᠣᠷᠢᠭ᠋ ᠬᠦᠷᠬᠦ᠌ ᠤᠰᠤᠲᠥᠷᠥᠭᠴᠢ ᠬᠡᠢ᠎ᠶ᠋ᠢ ᠳᠠᠮᠵᠢᠭᠤᠯᠬᠤ ᠬᠣᠭᠣᠯᠠᠢ᠎ᠶ᠋ᠢᠨ ᠲᠦᠷᠦᠯ ᠵᠤᠢᠯ ᠴᠦ᠍ 41 ᠲᠤᠷᠰᠢᠯᠲᠠ᠎ᠶ᠋ᠢᠨ ᠲᠦᠷᠦᠯ ᠵᠤᠢᠯ᠎ᠳᠦ ᠰᠣᠩᠭᠣᠭᠳᠠᠨ ᠣᠷᠣᠪᠠ᠃
✦ ᠲᠦᠩᠯᠢᠶᠣᠣ ᠬᠣᠲᠠ ᠠᠵᠤ ᠦᠢᠯᠡᠳᠪᠦᠷᠢ᠎ᠶ᠋ᠢᠨ ᠤᠰᠤ ᠠᠷᠪᠢᠯᠠᠬᠤ᠎ᠶ᠋ᠢ 《〈ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ〉᠎ᠶ᠋ᠢᠨ ᠠᠵᠤ ᠦᠢᠯᠡᠳᠪᠦᠷᠢ᠎ᠶ᠋ᠢᠨ ᠪᠣᠬᠢᠷᠲᠤᠯ ᠦᠭᠡᠢ ᠬᠥᠭᠵᠢᠯᠲᠡ᠎ᠶ᠋ᠢᠨ ᠶᠡᠷᠦᠩᠬᠡᠢ ᠲᠥᠯᠦᠪᠵᠢᠭᠦᠯᠭᠡ》᠎ᠳᠤ ᠣᠷᠣᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ》᠎ᠠᠴᠠ ᠨᠠᠭᠠᠰᠢ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠢ ᠨᠡᠢᠲᠡ 51 ᠪᠡᠶᠡᠯᠡᠭᠦᠯᠵᠦ᠍᠂ ᠶᠡᠷᠦᠩᠬᠡᠢ ᠪᠡᠯᠡ ᠣᠷᠣᠭᠤᠯᠤᠯᠲᠠ ᠨᠢ 2.1 ᠳ᠋ᠦᠩᠰᠢᠭᠤᠷ ᠲᠥᠭᠥᠷᠢᠭ᠎ᠲᠦ᠍ ᠬᠦᠷᠴᠦ᠍᠂ 510.4 ᠲᠦᠮᠡᠨ ᠲᠣᠨ ᠤᠰᠤ ᠠᠷᠪᠢᠯᠠᠪᠠ᠃

✦ 9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠠᠶᠠᠠᠨᠠᠭᠤᠷ ᠬᠤᠲᠠ 2025 ᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ ᠰᠢᠨᠡᠳᠬᠡᠨ ᠵᠠᠰᠠᠬᠤ ᠨᠦᠬᠥᠪᠥᠷᠢ ᠮᠥᠩᠭᠥ᠎ᠶ᠋ᠢ 342.8 ᠲᠦᠮᠡᠨ ᠲᠥᠭᠥᠷᠢᠭ ᠪᠠᠭᠤᠯᠭᠠᠵᠤ᠂ ᠭᠣᠣᠯᠳᠠᠭᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ ᠰᠢᠨᠡᠳᠬᠡᠨ ᠵᠠᠰᠠᠬᠤ᠎ᠳᠤ ᠬᠡᠷᠡᠭᠯᠡᠪᠡ᠃
✦ ᠳ᠋ᠧᠩᠺᠸᠦ᠍ ᠰᠢᠶᠠᠨ᠎ᠤ ᠱᠠᠵᠢᠨᠲᠤᠬᠣᠶ ᠰᠤᠮᠤ᠎ᠶ᠋ᠢᠨ 530 ᠮᠦ᠍᠎ᠶ᠋ᠢᠨ ᠡᠯᠡᠰᠦᠷᠬᠡᠭ ᠭᠠᠵᠠᠷ᠎ᠤᠨ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ 1348 ᠺᠢᠯᠣᠭ᠌ᠷᠠᠮ᠎ᠳᠤ ᠬᠦᠷᠴᠦ᠍᠂ ᠪᠦᠬᠦ᠌ ᠤᠯᠤᠰ᠎ᠤᠨ ᠡᠯᠡᠰᠦᠷᠬᠡᠭ ᠭᠠᠵᠠᠷ᠎ᠤᠨ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢᠨ ᠰᠢᠨ᠎ᠡ ᠲᠡᠮᠳᠡᠭᠯᠡᠯ᠎ᠢ ᠡᠭᠦᠳᠪᠡ᠃
✦ ᠦᠦᠰᠢᠨ ᠬᠣᠰᠢᠭᠤ 《ᠳᠤᠮᠳᠠᠳᠤ ᠶ᠋ᠢᠨ ᠦᠨᠳᠦᠰᠦᠲᠡᠨ᠎ᠦ ᠬᠠᠮᠲᠤ᠌ ᠶ᠋ᠢᠨ ᠴᠣᠭᠴᠠ ᠶ᠋ᠢᠨ ᠤᠬᠠᠮᠰᠠᠷ ᠢ ᠪᠠᠲᠤ᠌ ᠴᠤᠬᠴᠠᠯᠠᠬᠤ》 ᠣᠷᠴᠢᠭᠤᠯᠤᠭ᠌ᠴᠢᠳᠤᠨ ᠪᠣᠯᠪᠠᠰᠤᠷᠠᠯ᠎ᠢ ᠡᠷᠬᠢᠯᠡᠨ ᠶᠠᠪᠤᠬᠳᠠᠭᠤᠯᠪᠠ᠃

✦ ᠤᠢᠷ᠎ᠠ᠎ᠳᠤ ᠲᠦᠩᠯᠢᠶᠤᠤ ᠬᠤᠲᠠ ᠵᠢᠨ ᠬᠣᠷᠴᠢᠨ ᠲᠤᠭᠤᠷᠢᠭ᠎ᠤᠨ ᠬᠢᠨ ᠪᠠᠷᠠᠭᠤᠨ ᠯᠢᠶᠣᠤᠾᠧ ᠭᠣᠣᠯ᠎ᠤᠨ ᠤᠰᠤᠨ᠎ᠳᠤ ᠠᠮᠤᠷ ᠵᠢᠭᠠᠰᠤ᠂ ᠳᠠᠬᠤ ᠵᠢᠭᠠᠰᠤ ᠵᠡᠷᠭᠡ᠎ᠶ᠋ᠢ ᠪᠠᠭᠲᠠᠭᠠᠭᠰᠠᠨ 11 ᠲᠦᠮᠡ ᠰᠢᠬᠠᠮ ᠵᠢᠷᠠᠭᠠᠬᠠᠢ ᠵᠢ ᠲᠠᠯᠪᠢᠵᠤ᠂ ᠯᠢᠶᠣᠤᠾᠧ ᠭᠣᠣᠯ᠎ᠤᠨ ᠠᠮᠢ ᠠᠬᠤᠢ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

✦ ᠤᠢᠷ᠎ᠠ᠎ᠶ᠋ᠢᠨ ᠡᠳᠦᠷ ᠣᠲᠣᠭ ᠬᠣᠰᠢᠭᠤᠨ᠎ᠤ ᠴᠢᠳᠠᠪᠤᠷᠢᠲᠠᠨ ᠡᠯᠰᠡᠬᠦ᠌ ᠠᠵᠢᠯᠯᠠᠭ᠎ᠠ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃
ᠲᠦᠷᠢᠮ ᠲᠤᠭᠲᠠᠭᠠᠯ
✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢᠨ ᠮᠡᠳᠡᠭᠡ᠎ᠶ᠋ᠢ ᠦᠨᠳᠦᠰᠦᠯᠡᠪᠡᠯ᠂ 《ᠭᠡᠷ ᠪᠦᠯᠢ᠎ᠳᠦ ᠬᠡᠷᠡᠭᠯᠡᠬᠦ᠌ ᠪᠠ ᠠᠳᠠᠯᠢᠪᠲᠤᠷ ᠬᠡᠷᠡᠭᠴᠡᠭᠡᠲᠦ᠍ ᠺᠣᠹᠧᠶ᠋ᠢᠨ ᠮᠠᠰᠢᠨ》᠎ᠤ ᠤᠯᠤᠰ᠎ᠤᠨ ᠪᠠᠷᠢᠮᠵᠢᠶ᠎ᠠ᠎ᠶ᠋ᠢ ᠣᠢᠷ᠎ᠠ᠎ᠳᠤ ᠨᠡᠢᠲᠡᠯᠡᠵᠦ᠍᠂ 2026 ᠣᠨ᠎ᠤ 5 ᠰᠠᠷ᠎ᠠ᠎ᠶ᠋ᠢᠨ 1᠎ᠦ ᠡᠳᠦᠷ᠎ᠡᠴᠡ ᠡᠬᠢᠯᠡᠨ ᠵᠢᠩᠬᠢᠨᠢ᠎ᠪᠡᠷ ᠬᠡᠷᠡᠭᠵᠢᠬᠦᠯᠬᠦ᠌ ᠪᠡᠷ ᠪᠤᠢ᠃

ᠠᠵᠤ ᠠᠬᠤᠢ
✦ ᠡᠳ᠋᠎ᠦᠨ ᠵᠠᠰᠠᠭ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠬᠦᠯᠦᠭᠰᠡᠨ᠎ᠢᠶᠠᠷ᠂ ᠲᠦᠷᠦᠭᠦᠦ ᠭᠤᠷᠪᠠᠨ ᠤᠯᠠᠷᠢᠯ᠎ᠳᠤ ᠪᠦᠬᠦ᠌ ᠤᠯᠤᠰ᠎ᠤᠨ ᠡᠳ᠋᠎ᠦᠨ ᠵᠠᠰᠠᠭ᠎ᠤᠨ ᠣᠷᠣᠯᠭ᠎ᠠ 16.39 ᠲᠦᠮᠡᠨ ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 0.5% ᠪᠡᠷ ᠨᠡᠮᠡᠭᠳᠡᠪᠡ᠃
✦ ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ ᠬᠤᠷᠴᠢᠨ ᠵᠡᠬᠦᠨ ᠭᠠᠷᠤᠨ ᠬᠤᠢᠳᠤ ᠬᠤᠰᠢᠭᠤᠨ᠎ᠤ ᠳᠤᠳᠤᠷᠭ᠎ᠠ ᠵᠢᠨ ᠪᠤᠷᠤᠯᠠᠭᠤᠯᠭ᠎ᠠ ᠵᠢᠨ ᠬᠡᠮᠵᠢᠶ᠎ᠡ 30 ᠳᠤᠨ᠎ᠳᠤ ᠬᠦᠷᠦᠭᠰᠡᠨ ᠪᠠᠢᠨ᠎ᠠ᠃
ᠲᠠᠮᠢᠷ
✦ 2025 ᠣᠨ᠎ᠤ 《ᠳᠤᠯᠠᠭᠠᠨ ᠬᠤᠲᠠ》 ᠵᠢᠨ U6 ᠬᠥᠯ ᠪᠥᠮᠪᠥᠭᠡ᠎ᠶ᠋ᠢᠨ ᠬᠣᠯᠪᠣᠭᠠᠲᠤ᠌ ᠤᠷᠤᠯᠳᠤᠭᠠᠨ ᠲᠦᠷᠦᠬᠦᠬᠡᠨ ᠬᠠᠩᠭᠢᠨ ᠬᠣᠰᠢᠭᠤᠨ᠎ᠳᠤ ᠡᠬᠢᠯᠡᠨ ᠶᠠᠪᠤᠬᠳᠠᠪᠠ᠃ ᠲᠤᠰ ᠤᠳᠠᠭᠠᠨ᠎ᠤ ᠤᠷᠤᠯᠳᠤᠭᠠᠨ᠎ᠳᠤ ᠤᠷᠳᠤᠰ ᠬᠤᠳᠠ ᠵᠢᠨ 9 ᠬᠣᠰᠢᠭᠤ ᠲᠣᠭᠣᠷᠢᠭ᠍ᠤᠨ 13 ᠪᠥᠮᠪᠥᠭᠡᠨ ᠠᠩᠭᠢ ᠤᠷᠤᠯᠴᠠᠵᠤ᠂ ᠨᠡᠢᠳᠡ 5 ᠡᠭᠡᠯᠵᠢ ᠶ᠋ᠢᠨ 41 ᠲᠠᠯᠠᠪᠠᠢ ᠤᠷᠤᠯᠳᠤᠭᠠᠨ ᠶᠠᠪᠤᠬᠳᠠᠨ᠎ᠠ᠃

ᠳᠡᠯᠡᠬᠡᠢ
✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠦᠺᠷᠠᠢᠨ ᠶᠡᠬᠡ ᠬᠡᠪᠴᠢᠶ᠎ᠡ ᠪᠡᠷ ᠴᠠᠬᠢᠯᠭᠠᠨ᠎ᠢ ᠪᠠᠴᠢᠮ ᠵᠤᠬᠰᠤᠭᠠᠬᠰᠠᠨ ᠪᠠ ᠠᠵᠤ ᠦᠢᠯᠡᠳᠪᠦᠷᠢ ᠬᠤᠳᠠᠯᠳᠤᠭᠠᠨ᠎ᠤ ᠦᠢᠯᠡᠰ᠎ᠦᠨ ᠴᠠᠬᠢᠯᠭᠠᠨ᠎ᠢ ᠬᠢᠵᠠᠭᠠᠷᠯᠠᠭᠰᠠᠨ ᠪᠠᠢᠨ᠎ᠠ᠃
✦ ᠶᠠᠫᠤᠨ᠎ᠤ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠡᠨᠡ ᠵᠢᠯ ᠶᠠᠫᠤᠨ᠎ᠳᠤ ᠪᠠᠭᠠᠪᠠᠭᠠᠢ ᠵᠢᠨ ᠳᠠᠭᠠᠷᠢᠯᠲᠠ᠎ᠳᠤ ᠤᠴᠠᠷᠠᠵᠤ ᠡᠨᠲᠡᠭᠰᠡᠨ ᠬᠥᠮᠥᠨ᠎ᠦ ᠲᠣᠭ᠎ᠠ 2006 ᠣᠨ᠎ᠳᠤ ᠬᠣᠯᠪᠣᠭᠳᠠᠯ ᠪᠦᠬᠦᠢ ᠪᠦᠷᠢᠳᠬᠡᠯ᠎ᠲᠠᠢ ᠪᠣᠯᠤᠭᠰᠠᠨ᠎ᠠᠴᠠ ᠨᠠᠭᠠᠰᠢᠬᠢ ᠰᠢᠨ᠎ᠡ ᠲᠡᠮᠳᠡᠭᠯᠡᠯ᠎ᠢ ᠡᠭᠦᠳᠴᠡᠢ᠃
ᠦᠢᠯᠡᠴᠢᠯᠡᠭᠡ
✦ ᠤᠷᠳᠤᠰ᠎ᠤᠨ ᠠᠵᠤ ᠤᠢᠯᠡᠳᠪᠤᠷᠢ ᠪᠠ ᠮᠡᠳᠡᠭᠡ ᠵᠠᠩᠭᠢᠴᠢᠯᠠᠯᠳᠠ ᠵᠢᠨ ᠳᠤᠪᠴᠢᠶ᠎ᠠ ᠵᠢᠨ ᠬᠠᠷᠢᠶ᠎ᠠ ᠠᠵᠢᠯ ᠤᠢᠯᠡᠰ᠎ᠤᠨ ᠨᠢᠭᠡᠴᠢ ᠴᠢᠳᠠᠪᠤᠷᠢᠳᠠᠨ ᠤᠷᠢᠨ ᠡᠯᠰᠡᠬᠦ᠌ ᠪᠡᠷ ᠪᠤᠢ᠃
ᠲᠠᠨ᠎ᠤ ᠲᠤᠰᠠ᠎ᠳᠤ
✦ ᠤᠰᠤ ᠤᠤᠭᠤᠬᠤ ᠵᠢᠨ ᠰᠠᠢᠨᠲᠠᠢ ᠲᠠᠯ᠎ᠠ᠄
1.ᠤᠰᠤ ᠰᠠᠢᠨ ᠤᠤᠭᠤᠪᠠᠯ ᠴᠢᠰᠤ ᠵᠢ ᠰᠢᠩᠭᠡᠷᠡᠬᠦᠯᠵᠤ᠂ ᠴᠢᠰᠤᠨ ᠰᠤᠳᠠᠯ᠎ᠤᠨ ᠳᠠᠷᠤᠭᠠᠰᠤ ᠵᠢ ᠬᠦᠩᠭᠡᠷᠡᠬᠦᠯᠦᠨ᠂ ᠴᠢᠰᠤᠨ ᠳᠠᠷᠤᠯᠳᠠ ᠵᠢ ᠪᠠᠭᠤᠷᠠᠭᠤᠯᠵᠤ᠂ ᠪᠦᠭᠡᠷ᠎ᠡ ᠵᠢᠨ ᠳᠠᠷᠤᠭᠠᠰᠤ ᠵᠢ ᠬᠦᠩᠭᠡᠷᠡᠬᠦᠯᠳᠡᠭ᠃
2.ᠤᠰᠤ ᠰᠠᠢᠨ ᠤᠤᠭᠤᠪᠠᠯ ᠡᠭᠡᠯᠢᠯᠡᠭᠡ ᠵᠢᠨ ᠰᠢᠰᠲᠸᠮ᠎ᠤᠨ ᠠᠵᠢᠯᠯᠠᠭ᠎ᠠ ᠵᠢ ᠰᠠᠢᠵᠢᠷᠠᠭᠤᠯᠵᠤ᠂ ᠬᠠᠨᠢᠶᠠᠳᠤ ᠳᠠᠬᠰᠢᠭᠤᠷ᠎ᠳᠦ ᠬᠠᠯᠳᠠᠪᠤᠷᠢᠯᠠᠬᠳᠠᠬᠤ ᠵᠢ ᠰᠡᠷᠭᠡᠢᠯᠡᠬᠦ᠎ᠳᠤ ᠳᠤᠰᠠᠯᠠᠳᠠᠭ᠃
3.ᠤᠰᠤ ᠨᠢ ᠬᠤᠳᠤᠭᠤᠳᠤᠨ ᠰᠢᠩᠭᠡᠨ ᠤ ᠱᠦᠭᠦᠷᠡᠯ ᠢ ᠰᠠᠢᠵᠢᠷᠠᠭᠤᠯᠵᠤ᠂ ᠬᠤᠭᠤᠯᠠ ᠬᠦᠨᠡᠰᠤ ᠵᠢ ᠰᠢᠩᠭᠡᠭᠡᠬᠦ᠎ᠳᠤ ᠳᠤᠰᠠᠳᠠᠢ ᠪᠠᠢᠳᠠᠭ᠃

ᠵᠠᠯᠭᠠᠭᠠᠳ 《ᠴᠢ ᠮᠢᠨᠢ》 ᠬᠡᠬᠦ᠌ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ᠍ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶ᠋ᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶ᠋ᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶ᠋ᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶ᠋ᠢᠨ ᠲᠠᠪᠴᠠᠩ)