10 ᠰᠠᠷ᠎ᠠ ᠵᠢᠨ 20 ᠎ᠤ ᠡᠳᠤᠷ
ᠡᠬᠢᠯᠡᠬᠦ᠌ ᠴᠠᠭ᠄
2025-10-20 10:36:22
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ 

✦《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠦᠬᠦ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ  ᠪᠠᠢᠭᠤᠯᠤᠮᠵᠢ ᠪᠣᠯᠣᠨ ᠲᠥᠬᠦᠭᠡᠷᠦᠮᠵᠢ 40.6 ᠲᠦᠮᠡ᠎ᠳᠦ ᠬᠦᠷᠴᠡᠢ᠃

✦2025 ᠣᠨ᠎ᠤ ᠳᠡᠯᠡᠬᠡᠢ᠎ᠶᠢᠨ ᠢᠨᠲᠧᠷ ᠰᠦᠯᠵᠢᠶᠡᠨ᠎ᠦ ᠶᠡᠬᠡ ᠬᠤᠷᠠᠯ᠎ᠤᠨ ᠡᠦ ᠵᠸᠨ ᠪᠠᠯᠭᠠᠰᠤᠨ᠎ᠤ ᠲᠦᠷᠦᠭᠦᠴᠦᠳ᠎ᠦᠨ ᠬᠤᠷᠠᠯ 11 ᠰᠠᠷ᠎ᠠ᠎ᠶᠢᠨ 6 — 9 ᠎ᠦ ᠡᠳᠦᠷ ᠪᠣᠯᠲᠠᠯ᠎ᠠ ᠵᠧᠵᠢᠶᠠᠩ ᠮᠤᠵᠢ᠎ᠶᠢᠨ ᠡᠦ ᠵᠸᠨ ᠪᠠᠯᠭᠠᠰᠤᠨ᠎ᠳᠤ ᠶᠠᠪᠤᠭᠳᠠᠬᠤ ᠪᠡᠷ ᠪᠤᠢ᠃

✦ᠰᠢᠯᠢᠩᠬᠣᠲᠠ᠎ᠶᠢᠨ ᠨᠢᠰᠬᠡᠯ᠎ᠦᠨ ᠪᠠᠭᠤᠳᠠᠯ 10 ᠰᠠᠷ᠎ᠠ᠎ᠶᠢᠨ 26᠎ᠤ ᠡᠳᠦᠷ᠎ᠠᠴᠠ ᠡᠬᠢᠯᠡᠵᠦ ᠰᠢᠯᠢᠩᠬᠣᠲᠠ— ᠪᠤᠭᠤᠲᠤ — ᠰᠢ ᠠᠨ ᠎ᠤ ᠠᠭᠠᠷ᠎ᠤᠨ ᠠᠶᠠᠯᠠᠯ᠎ᠢ ᠨᠠᠪᠲᠠᠷᠡᠭᠦᠯᠵᠦ᠂ ᠭᠠᠷᠠᠭ ᠪᠦᠷᠢ᠎ᠶᠢᠨ ᠨᠢᠭᠡᠨ᠂ ᠭᠤᠷᠪᠠᠨ᠂ ᠳᠠᠪᠤᠨ᠎ᠳᠤ ᠨᠢᠰᠬᠦ᠎ᠪᠡᠷ ᠪᠤᠢ᠃


5643276589111258947.jpg


✦ᠡᠨᠡ ᠵᠢᠯ᠎ᠡᠴᠡ ᠨᠠᠭᠠᠰᠢ ᠦᠦᠰᠢᠨ ᠬᠣᠰᠢᠭᠤ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠦ ᠤᠤᠭᠤᠬᠤ ᠤᠰᠤᠨ᠎ᠤ ᠬᠡᠷᠡᠭᠴᠡᠭᠡ ᠱᠠᠭᠠᠷᠳᠠᠯᠭ᠎ᠠ᠎ᠳᠦ ᠠᠩᠬᠠᠷᠤᠯ᠎ᠢᠶᠠᠨ ᠬᠠᠨᠳᠤᠭᠤᠯᠵᠤ᠂ 1459 ᠲᠦᠮᠡᠨ ᠲᠥᠭᠥᠷᠢᠭ ᠵᠠᠷᠤᠴᠠᠭᠤᠯᠤᠨ ᠤᠤᠭᠤᠬᠤ ᠤᠰᠤᠨ᠎ᠤ ᠪᠠᠲᠤᠯᠠᠭ᠎ᠠ ᠪᠠ ᠤᠰᠤᠨ᠎ᠤ ᠴᠢᠨᠠᠷ᠎ᠢ ᠰᠠᠢᠵᠢᠷᠠᠭᠤᠯᠬᠤ ᠲᠥᠷᠥᠯ ᠵᠦᠢᠯ᠎ᠢ ᠬᠡᠷᠡᠭᠵᠢᠭᠦᠯᠵᠠᠢ᠃

✦ᠠᠪᠠᠭ᠎ᠠ ᠬᠣᠰᠢᠭᠤᠨ᠎ᠤ ᠬᠣᠩᠭᠣᠷᠭᠣᠣᠯ ᠪᠠᠯᠭᠠᠰᠤᠨ᠎ᠤ ᠠᠯᠳᠠᠨᠳᠦ᠋ᠭᠦᠷᠢᠭ ᠭᠠᠴᠠᠭ᠎ᠠ ᠨᠢᠳᠤᠨᠤᠨ ᠵᠢᠯ᠎ᠡᠴᠡ ᠥᠪᠥᠷ ᠮᠣᠩᠭᠣᠯ᠎ᠤᠨ ᠼᠤᠤ ᠳᠦ ᠡᠪᠡᠰᠦ ᠲᠡᠵᠢᠭᠡᠯ ᠮᠠᠯ ᠠᠵᠤ ᠠᠬᠤᠢ ᠠᠮᠢ ᠠᠬᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠲᠠᠢ ᠬᠠᠮᠲᠤᠷᠠᠯᠴᠠᠵᠤ᠂ 10600 ᠮᠦ᠍ ᠰᠢᠯᠢᠳᠡᠭ ᠲᠡᠵᠢᠭᠡᠯ ᠡᠪᠡᠰᠦ ᠲᠠᠷᠢᠬᠤ ᠰᠠᠭᠤᠷᠢᠨ᠎ᠢ ᠬᠠᠮᠲᠤᠪᠠᠷ ᠪᠠᠢᠭᠤᠯᠵᠤ᠂ ᠤᠤᠯ ᠎ᠳᠠᠭᠠᠨ ᠨᠢᠭᠡ ᠮᠦ᠍ ᠪᠡᠯᠴᠢᠭᠡᠷ᠎ᠠᠴᠠ ᠠᠬᠠᠳᠠᠬᠤ᠎ᠳᠠᠭᠠᠨ 100 ᠵᠢᠩ᠎ᠦᠨ ᠡᠪᠡᠰᠦ ᠬᠤᠷᠢᠶᠠᠵᠤ ᠪᠠᠢᠭᠰᠠᠨ ᠪᠣᠯ ᠡᠨᠡ ᠵᠢᠯ ᠨᠢᠭᠡ ᠮᠦ᠍ ᠪᠡᠯᠴᠢᠭᠡᠷ᠎ᠡᠴᠡ 300 ᠵᠢᠩ ᠡᠪᠡᠰᠦ ᠬᠤᠷᠢᠶᠠᠬᠰᠠᠨ ᠪᠠᠢᠨ᠎ᠠ᠃ 


微信图片_20251019171923_536_15.jpg

 

ᠠᠵᠤ ᠠᠬᠤᠢ 

✦ᠬᠢᠩᠭᠠᠨ᠎ᠤ ᠰᠠᠢᠨ ᠪᠠᠷᠠᠭ᠎ᠠ᠎ᠶᠢ ᠪᠡᠭᠡᠵᠢᠩ᠎ᠳᠤ ᠣᠷᠣᠭᠤᠯᠬᠤ — ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ ᠎ᠤ ᠰᠣᠩᠭᠣᠳᠠᠭ ᠪᠠᠷᠠᠭ᠎ᠠ ᠵᠢᠨ ᠳᠡᠯᠭᠡᠨ ᠪᠣᠷᠤᠯᠠᠭᠤᠯᠭ᠎ᠠ 10 ᠰᠠᠷ᠎ᠠ ᠵᠢᠨ 17᠎ᠤ ᠡᠳᠦᠷ ᠪᠡᠭᠡᠵᠢᠩ ᠬᠣᠲᠠ ᠎ᠶᠢᠨ ᠬᠠᠢ ᠳ᠋ᠢᠶᠠᠨ ᠲᠣᠭᠣᠷᠢᠭ᠋᠎ᠲᠤ ᠡᠬᠢᠯᠡᠵᠦ᠂ ᠲᠤᠬᠠᠢ᠎ᠶᠢᠨ ᠡᠳᠦᠷ᠎ᠲᠡᠬᠡᠨ 570 ᠲᠦᠮᠡᠨ ᠲᠥᠭᠥᠷᠢᠭ᠎ᠦᠨ ᠪᠣᠷᠤᠯᠠᠭᠤᠯᠭ᠎ᠠ ᠡᠭᠦᠳᠴᠦ᠂ 1560 ᠲᠦᠮᠡᠨ ᠲᠥᠭᠥᠷᠢᠭ᠎ᠦᠨ ᠭᠡᠷ᠎ᠡ ᠲᠣᠭᠲᠠᠪᠠ᠃ ᠳᠡᠯᠭᠡᠨ ᠪᠤᠷᠤᠯᠠᠭᠤᠯᠭ᠎ᠠ᠎ᠳᠤ ᠳᠤᠳᠤᠷᠭ᠎ᠠ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠵᠡᠷᠭᠡ ᠬᠤᠷᠢᠨ ᠬᠡᠳᠤᠨ ᠲᠦᠷᠦᠯ᠎ᠤᠨ ᠪᠤᠬᠢᠷᠳᠤᠯ ᠦᠭᠡᠢ ᠪᠦᠲᠦᠭᠡᠭᠳᠡᠬᠦᠨ᠎ᠢ ᠪᠤᠷᠤᠯᠠᠭᠤᠯᠵᠤ᠂ ᠠᠵᠢᠯᠯᠠᠭ᠎ᠠ ᠨᠢ 10 ᠰᠠᠷ᠎ᠠ ᠵᠢᠨ 25᠎ᠤ ᠡᠳᠤᠷ ᠪᠤᠯᠳᠠᠯ᠎ᠠ ᠶᠠᠪᠤᠬᠳᠠᠬᠤ ᠪᠤᠯᠤᠨ᠎ᠠ᠃

✦ᠡᠨᠡ ᠵᠢᠯ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠠᠶᠠᠨᠲᠠᠯ᠎ᠠ ᠲᠠᠷᠢᠶᠠᠯᠠᠩ᠎ᠤᠨ ᠲᠠᠯᠠᠪᠠᠢ᠎ᠶᠢᠨ ᠴᠢᠴᠠᠷᠭᠠᠨ᠎ᠠ᠎ᠶᠢᠨ ᠲᠠᠯᠠᠪᠠᠢ 3.5 ᠲᠦᠮᠡᠨ ᠮᠦ᠍᠎ᠳᠤ ᠬᠦᠷᠴᠦ᠂ ᠵᠢᠯ᠎ᠦᠨ ᠭᠠᠷᠤᠯᠲᠠ ᠨᠢ 700 ᠲᠦᠮᠡᠨ ᠵᠢᠩ᠎ᠳᠦ ᠬᠦᠷᠴᠠᠢ᠃ ᠮᠦ᠍ ᠨᠢᠭᠡᠴᠢ᠎ᠶᠢᠨ ᠭᠠᠷᠤᠯᠲᠠ᠎ᠶᠢ 200 ᠵᠢᠩ᠂ ᠵᠢᠩ ᠪᠦᠷᠢ᠎ᠶᠢ 2 ᠲᠥᠭᠥᠷᠢᠭ᠎ᠢᠶᠡᠷ ᠪᠤᠳᠤᠪᠠᠯ᠂ ᠦᠢᠯᠡᠳᠬᠦᠨ᠎ᠦ ᠥᠷᠲᠡᠭ ᠨᠢ 1400 ᠲᠦᠮᠡᠨ ᠲᠥᠭᠥᠷᠢᠭ᠎ᠲᠦ ᠬᠦᠷᠬᠦ ᠪᠣᠯᠣᠨ᠎ᠠ᠃


ᠰᠤᠶᠤᠯ  


✦10 ᠰᠠᠷ᠎ᠠ ᠵᠢᠨ 18᠎ᠤ ᠡᠳᠤᠷ᠂ 《ᠵᠤᠬᠢᠶᠠᠮᠠᠯ ᠤᠶᠤᠨ ᠴᠢᠳᠠᠪᠤᠷᠢ ᠪᠡᠷ ᠵᠠᠭᠤᠴᠢᠯᠠᠭᠤᠯᠬᠤ — ᠳᠤᠮᠳᠠᠳᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠬᠡᠯᠡ ᠤᠳᠬ᠎ᠠ ᠵᠣᠬᠢᠶᠠᠯ᠎ᠤᠨ ᠮᠡᠷᠭᠡᠵᠢᠯ ᠎ᠤᠨ ᠴᠣᠭᠴᠠᠯᠠᠯᠲᠠ᠎ᠶᠢᠨ ᠰᠤᠳᠤᠯᠤᠨ ᠶᠠᠷᠢᠯᠴᠠᠬᠤ ᠬᠤᠷᠠᠯ》ᠤᠯᠠᠭᠠᠨᠬᠠᠳᠠ ᠬᠣᠲᠠ᠎ᠳᠤ ᠶᠠᠪᠤᠭᠳᠠᠪᠠ᠃


640 (3).jpg

 

 

✦10 ᠰᠠᠷ᠎ᠠ ᠵᠢᠨ 18᠎ᠤ ᠡᠳᠤᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠂ ᠵᠠᠷᠤᠳ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠳᠠᠭᠠᠭᠠᠴᠢᠯᠠᠨ ᠡᠷᠬᠢᠯᠡᠭᠰᠡᠨ《ᠳᠤᠷᠵᠢ ᠵᠢᠨ ᠦᠯᠢᠭᠡᠷ ᠬᠤᠯᠪᠤᠭ᠎ᠠ》ᠨᠤᠮ᠎ᠢ ᠳᠠᠷᠬᠠᠭᠠᠬᠤ ᠶᠤᠰᠤᠯᠠᠯ ᠵᠢᠴᠢ ᠳᠤᠷᠵᠢ ᠵᠢᠨ ᠵᠤᠬᠢᠶᠠᠯ ᠪᠦᠲᠦᠭᠡᠯ᠎ᠤᠨ ᠡᠷᠳᠡᠮ ᠰᠢᠨᠵᠢᠯᠡᠭᠡᠨ᠎ᠤ ᠶᠠᠷᠢᠯᠴᠠᠭᠠᠨ — ᠦᠪᠤᠷ ᠮᠤᠩᠭᠤᠯ᠎ᠤᠨ ᠳᠠᠪᠤᠳᠤᠭᠠᠷ ᠬᠤᠭᠤᠴᠠᠭᠠᠨ᠎ᠤ ᠠᠷᠠᠳ᠎ᠤᠨ ᠠᠮᠠᠨ ᠵᠤᠬᠢᠶᠠᠯ ᠤᠷᠠᠯᠢᠭ ᠰᠢᠨᠵᠢᠯᠡᠯ᠎ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ᠎ᠳᠤ ᠶᠠᠪᠤᠬᠳᠠᠪᠠ᠃


640 (1).jpg


ᠲᠠᠮᠢᠷ 

✦10 ᠰᠠᠷ᠎ᠠ᠎ᠶᠢᠨ 18᠎ᠤ ᠡᠳᠦᠷ᠂ ᠦᠦᠰᠢᠨ ᠬᠣᠰᠢᠭᠤᠨ ᠎ᠤ ᠪᠣᠳᠠᠰ᠎ᠤᠨ ᠪᠤᠰᠤ ᠰᠣᠶᠣᠯ ᠎ᠤᠨ ᠥᠪ᠎ᠦᠨ ᠬᠠᠮᠠᠭᠠᠯᠠᠯᠲᠠ᠎ᠶᠢᠨ ᠲᠥᠪ ᠎ᠡᠴᠡ ᠪᠦᠬᠥ ᠬᠣᠰᠢᠭᠤᠨ᠎ᠤ ᠬᠡᠪᠴᠢᠶᠡᠡ ᠎ᠳᠤ ᠤᠶᠠᠭᠠᠴᠢᠳ ᠎ᠤᠨ ᠪᠣᠯᠪᠠᠰᠤᠷᠠᠯ᠎ᠢ ᠶᠠᠪᠤᠭᠳᠠᠭᠤᠯᠵᠠᠢ᠃ ᠪᠣᠯᠪᠠᠰᠤᠷᠠᠯ᠎ᠳᠤ ᠤᠶᠠᠭᠠᠴᠢᠳ᠎ᠲᠤ ᠵᠢᠷᠤᠭ᠎ᠠ ᠮᠣᠷᠢ ᠰᠤᠷᠭᠠᠬᠤ ᠠᠷᠭ᠎ᠠ ᠪᠠᠷᠢᠯ᠂ ᠣᠨᠤᠵᠤ ᠡᠳ᠋ᠯᠡᠬᠦ ᠵᠠᠩ ᠤᠢᠯᠡ᠂ ᠣᠨᠤᠭ᠎ᠠ ᠰᠣᠢᠯᠭ᠎ᠠ ᠎ᠶᠢ ᠲᠡᠩᠴᠡᠭᠦᠯᠬᠦ ᠵᠡᠷᠭᠡ ᠥᠷᠭᠡᠨ ᠬᠡᠪᠴᠢᠶᠡᠨ ᠎ᠦ ᠠᠭᠤᠯᠭ᠎ᠠ᠎ᠶᠢᠨ ᠲᠣᠭᠣᠷᠢᠨ᠎ᠳᠦ ᠬᠢᠴᠢᠶᠡᠯᠯᠡᠭᠡ ᠬᠢᠭᠰᠡᠨ ᠪᠠᠢᠨ᠎ᠠ᠃



✦10 ᠰᠠᠷ᠎ᠠ ᠵᠢᠨ 18᠎ᠤ ᠡᠳᠤᠷ᠂ ᠪᠦᠬᠦ ᠤᠯᠤᠰ ᠎ᠤᠨ ᠪᠡᠶ᠎ᠡ ᠎ᠶᠢᠨ ᠲᠠᠮᠢᠷ ᠎ᠤᠨ ᠴᠤᠭᠯᠠᠭᠠᠨ᠎ᠤ ᠫᠤᠤᠳᠠᠯᠭ᠎ᠠ᠎ᠶᠢᠨ ᠶᠠᠪᠠᠭᠠᠨ ᠫᠤᠤ ᠵᠢᠨ ᠲᠦᠷᠦᠯ᠎ᠤᠨ ᠤᠷᠤᠯᠳᠤᠭᠠᠨ ᠦᠨᠳᠤᠷᠯᠡᠪᠡ᠃


640 (1).png

 


ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ ᠎ᠦᠨ ᠳᠠᠷᠤᠭ᠎ᠠ ᠬᠦᠲ᠋ᠸᠯᠸᠢᠢᠰ 2026 ᠣᠨ ᠎ᠳᠤ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶᠢᠨ ᠠᠵᠢᠯᠲᠠᠨ ᠎ᠤ ᠣᠷᠣᠨ ᠲᠣᠭ᠎ᠠ ᠎ᠶᠢ 18.8%  ᠪᠡᠷ ᠬᠠᠰᠤᠬᠤ᠎ᠪᠠᠷ ᠳᠤᠷᠠᠳᠴᠠᠢ᠃


ᠦᠢᠯᠡᠴᠢᠯᠡᠭᠡ  


✦ᠰᠢᠯᠢ ᠵᠢᠨ ᠭᠤᠤᠯ ᠠᠢᠮᠠᠭ᠎ᠤᠨ ᠬᠠᠷᠢᠶ᠎ᠠ ᠠᠵᠢᠯ ᠤᠢᠯᠡᠰ᠎ᠤᠨ ᠨᠢᠭᠡᠴᠢ ᠴᠢᠳᠠᠪᠤᠷᠢᠳᠠᠨ ᠤᠷᠢᠨ ᠡᠯᠰᠡᠵᠤ ᠪᠤᠢ᠃ 

✦2025 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ ᠡᠯᠰᠡᠬᠦ ᠰᠢᠯᠭᠠᠯᠲᠠ᠎ᠳᠤ ᠣᠷᠣᠯᠴᠠᠭᠰᠠᠳ᠎ᠲᠤ ᠳᠥᠭᠥᠮ ᠦᠵᠡᠭᠦᠯᠬᠦ᠎ᠶᠢᠨ ᠲᠤᠰᠠᠳᠠ᠂ ᠬᠥᠬᠡᠬᠣᠲᠠ ᠵᠢᠨ ᠲᠡᠮᠦᠷ ᠵᠠᠮ᠎ᠤᠨ ᠲᠣᠪᠴᠢᠶ᠎ᠠ 10 ᠰᠠᠷ᠎ᠠ᠎ᠶᠢᠨ 25᠎ᠤ ᠡᠳᠦᠷ ᠬᠥᠬᠡᠬᠣᠲᠠ ᠪᠤᠭᠤᠲᠤ᠎ᠶᠢᠨ ᠬᠣᠭᠣᠷᠣᠨᠳᠤ D6789 ᠨᠣᠮᠧᠷᠲᠤ ᠣᠯᠠᠨ ᠬᠥᠳᠡᠯᠭᠡᠭᠦᠷᠲᠦ ᠴᠤᠪᠤᠭ᠎ᠠ ᠲᠡᠷᠭᠡ᠎ᠶᠢ ᠨᠡᠮᠡᠵᠦ ᠲᠣᠬᠢᠷᠠᠭᠤᠯᠪᠠ᠃ ᠲᠤᠰ ᠲᠡᠷᠭᠡ ᠨᠢ ᠬᠥᠬᠡᠬᠣᠲᠠ ᠵᠢᠨ ᠵᠡᠭᠦᠨ ᠥᠷᠲᠡᠭᠡ᠎ᠡᠴᠡ ᠥᠷᠯᠥᠭᠡ᠎ᠶᠢᠨ 6᠄ 05᠎ᠲᠤ ᠮᠤᠷᠳᠠᠵᠤ᠂ ᠬᠥᠬᠡᠬᠣᠲᠠ ᠵᠢᠨ ᠥᠷᠲᠡᠭᠡ ᠎ᠡᠴᠡ 6᠄ 16᠎ᠳᠤ ᠮᠣᠷᠳᠠᠨ᠂ 7 ᠴᠠᠭ᠎ᠲᠤ ᠪᠤᠭᠤᠲᠤ ᠬᠤᠲᠠ᠎ᠳᠤ ᠬᠦᠷᠦᠨ᠎ᠡ᠃



ᠲᠠᠨ ᠎ᠤ ᠲᠤᠰᠡ ᠳ᠋ᠤ 

✦ᠪᠡᠶ᠎ᠡ᠎ᠶᠢᠨ ᠡᠷᠡᠭᠦᠯ ᠴᠢᠭᠢᠷᠠᠭ᠎ᠲᠤ ᠲᠤᠰᠠᠲᠠᠢ ᠵᠦᠢᠯ᠎ᠦᠳ᠎ᠡᠴᠡ ᠬᠤᠪᠢᠶᠠᠯᠴᠠᠶ᠎ᠠ!

1. ᠡᠳᠦᠷ ᠲᠣᠲᠤᠮ ᠪᠦᠯᠢᠶᠡᠨ ᠤᠰᠤᠨ᠎ᠳᠤ ᠬᠥᠯ ᠵᠢᠡᠨ ᠳᠡᠪᠲᠦᠭᠡᠵᠦ ᠪᠠᠢᠬᠤ ᠨᠢ ᠴᠢᠰᠤᠨ ᠎ᠤ ᠡᠷᠭᠢᠯᠲᠡ᠎ᠶᠢ ᠠᠬᠢᠭᠤᠯᠵᠤ᠂ ᠪᠡᠶ᠎ᠡ᠎ᠶᠢᠨ ᠡᠷᠡᠭᠦᠯ ᠮᠡᠨᠳᠦ ᠎ᠳᠦ ᠲᠤᠰᠠᠲᠠᠢ ᠪᠠᠢᠳᠠᠭ᠃

2. ᠦᠵᠦᠮ  ᠢᠳᠡᠪᠡᠯ  ᠡᠯᠢᠭᠡ ᠎ᠶᠢ ᠬᠠᠮᠠᠭᠠᠯᠠᠬᠤ ᠳ᠋ᠤ ᠲᠤᠰᠠᠲᠠᠢ ᠪᠠᠢᠳᠠᠭ᠃

3. ᠬᠠᠯᠠᠭᠤᠷᠠᠵᠤ ᠪᠠᠢᠬᠤ ᠦᠶ᠎ᠡ᠎ᠳᠡᠭᠡᠨ ᠥᠨᠳᠡᠭᠡ ᠢᠳᠡᠬᠦ ᠦᠭᠡᠢ ᠪᠤᠯ ᠰᠠᠢᠨ ᠶᠤᠮ᠃

4. ᠨᠢᠮᠪᠡᠭᠡ ᠎ᠲᠠᠢ ᠤᠰᠤᠨ ᠎ᠳᠤ ᠢᠳᠡᠭᠡᠨ᠎ᠦ ᠰᠢᠷᠬᠡᠬᠯᠢᠭ ᠡᠳ᠋ ᠪᠠ ᠪᠢᠴᠢᠯ ᠡᠯᠧᠮᠧᠨ᠋ᠲ ᠡᠯᠪᠡᠭ ᠠᠭᠤᠯᠵᠤ ᠪᠠᠢᠳᠠᠭ᠎ᠠᠴᠠ ᠬᠥᠮᠥᠨ ᠎ᠦ ᠪᠡᠶ᠎ᠡ᠎ᠳᠦ ᠰᠢᠮ᠎ᠡ ᠲᠡᠵᠢᠭᠡᠯ ᠨᠥᠬᠥᠪᠦᠷᠢᠯᠡᠳᠡᠭ᠃

ᠵᠠᠯᠭᠠᠭᠠᠳ 《ᠡᠭᠡᠯᠬᠡᠨ ᠵᠠᠶᠠᠭ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号