10 ᠰᠠᠷ᠎ᠠ ᠵᠢᠨ 22 ᠎ᠤᠨ ᠡᠳᠤᠷ
ᠡᠬᠢᠯᠡᠬᠦ᠌ ᠴᠠᠭ᠄
2025-10-22 10:53:52
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ 

                       

✦ᠲᠦᠷᠦᠭᠦᠬᠡᠨ ᠶᠠᠪᠤᠭᠳᠠᠭᠰᠠᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠬᠥᠳᠡᠯᠭᠡᠭᠴᠢ ᠬᠦᠴᠦᠨ᠎ᠦ ᠳ᠋ᠢᠶᠠᠨ ᡂᠢ ᠎ᠶᠢ ᠡᠭᠡᠭᠦᠯᠦᠨ ᠬᠤᠷᠢᠶᠠᠵᠤ ᠠᠰᠢᠭ᠍ᠯᠠᠬᠤ ᠪᠠᠷᠢᠮᠵᠢᠶᠠᠵᠢᠭᠤᠯᠤᠯᠲᠠ᠎ᠶᠢᠨ ᠲᠤᠰᠬᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ ᠳ᠋ᠢᠶᠠᠨ ᡂᠢ᠎ᠶᠢᠨ ᠬᠡᠷᠡᠭᠯᠡᠯᠲᠡ᠎ᠶᠢᠨ ᠠᠮᠢ ᠨᠠᠰᠤ᠎ᠶᠢ ᠦᠨᠳᠦᠰᠦᠯᠡᠨ ᠮᠠᠨ᠎ᠤ ᠤᠯᠤᠰ ᠤᠳᠠᠯ ᠦᠭᠡᠢ ᠬᠥᠳᠡᠯᠭᠡᠭᠴᠢ ᠬᠦᠴᠦᠨ᠎ᠦ ᠳ᠋ᠢᠶᠠᠨ ᡂᠢ᠎ᠶᠢ ᠬᠡᠪᠴᠢᠶᠡᠵᠢᠭᠦᠯᠦᠨ ᠬᠡᠷᠡᠭᠯᠡᠯᠳᠡ ᠡᠴᠡ ᠭᠠᠷᠭᠠᠬᠤ ᠪᠤᠯᠤᠨ᠎ᠠ᠃ ᠵᠢᠱ᠌ᠢᠯᠲᠡ᠎ᠪᠡᠷ 2030 ᠣᠨ ᠪᠣᠯᠬᠤ᠎ᠳᠤ ᠬᠥᠳᠡᠯᠭᠡᠭᠴᠢ ᠬᠦᠴᠦᠨ᠎ᠦ ᠳ᠋ᠢᠶᠠᠨ ᡂᠢ᠎ᠶᠢ ᠡᠭᠡᠭᠦᠯᠦᠨ ᠬᠤᠷᠢᠶᠠᠬᠤ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠦᠨ ᠬᠡᠪᠴᠢᠶ᠎ᠡ ᠮᠢᠩᠭᠠᠨ ᠳ᠋ᠦᠩᠰᠢᠭᠤᠷ ᠲᠥᠭᠥᠷᠢᠭ ᠎ᠢ ᠳᠠᠪᠠᠬᠤ ᠪᠣᠯᠣᠨ᠎ᠠ᠃


640 (1).png


✦ᠤᠯᠤᠰ ᠎ᠤᠨ ᠲᠡᠮᠦᠷ ᠵᠠᠮ ᠎ᠤᠨ ᠪᠦᠯᠦᠭᠯᠡᠯ ᠬᠢᠵᠠᠭᠠᠷᠲᠤ ᠺᠣᠮᠫᠠᠨᠢ ᠵᠢᠨ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠤᠯᠤᠰ᠎ᠤᠨ ᠲᠡᠮᠦᠷ ᠵᠠᠮ᠎ᠤᠨ ᠵᠦᠬᠡᠬᠡᠪᠦᠷᠢᠯᠡᠭᠰᠡᠨ ᠠᠶᠠᠨᠴᠢᠳ᠎ᠤᠨ ᠲᠣᠭ᠎ᠠ 35.4 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 6% ᠪᠡᠷ ᠨᠡᠮᠡᠭᠳᠡᠨ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃

✦ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠮᠡᠳᠡᠭᠡ ᠶ᠋ᠢ ᠦᠨᠳᠦᠰᠦᠯᠡᠪᠡᠯ᠂ ᠵᠢᠱ᠌ᠢᠯᠲᠡ᠎ᠪᠡᠷ 11 ᠰᠠᠷ᠎ᠠ᠎ᠶᠢᠨ 1᠎ᠦ ᠡᠳᠦᠷ ᠪᠣᠯᠲᠠᠯ᠎ᠠ ᠪᠥᠬᠥ ᠤᠯᠤᠰ᠎ᠤᠨ 25 ᠮᠤᠵᠢ(ᠰᠢᠨᠵᠢᠶᠠᠩ ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠵᠢᠨ  ᠪᠢᠩᠲ᠋ᠦᠸᠠᠨ ᠪᠠᠭᠲᠠᠨ᠎ᠠ)᠎ᠶᠢᠨ ᠦᠷᠡᠵᠢᠯ᠎ᠦᠨ ᠨᠡᠮᠡᠭᠦᠷᠢ ᠮᠦᠩᠭᠦ ᠵᠢ ᠬᠤᠪᠢ ᠬᠥᠮᠥᠨ᠎ᠳᠦ ᠰᠢᠭᠤᠳ ᠣᠯᠭᠣᠬᠤ ᠪᠣᠯᠣᠨ᠎ᠠ᠃


640 (3).jpg


✦ᠠᠷᠠᠳ᠎ᠤᠨ ᠰᠦᠯᠵᠢᠶ᠎ᠡ᠎ᠶᠢᠨ ᠮᠡᠳᠡᠭᠡ ᠵᠢ ᠦᠨᠳᠦᠰᠦᠯᠡᠪᠡᠯ᠂ 2025 ᠣᠨ᠎ᠤ ᠦᠪᠦᠷ ᠮᠤᠨᠭᠭᠤᠯ᠎ᠤᠨ ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠵᠢᠵᠢᠭ ᠠᠵᠤ ᠠᠬᠤᠢᠯᠠᠯ ᠎ᠢ ᠬᠢᠨᠠᠨ ᠲᠣᠭᠲᠠᠭᠠᠬᠤ ᠨᠡᠷᠡᠰ᠎ᠢ ᠵᠠᠷᠯᠠᠨ ᠨᠡᠢᠲᠡᠯᠡᠵᠦ᠂ ᠥᠪᠥᠷ ᠮᠣᠩᠭᠣᠯ ᠡᠨᠡ ᠵᠢᠯ ᠨᠡᠶ᠋ᠢᠲᠡ 349 ᠲᠤᠰᠬᠠᠢ ᠨᠠᠷᠢᠯᠢᠭ᠋ ᠣᠨᠴᠠ ᠰᠢᠨ᠎ᠡ ᠳᠤᠮᠳᠠ ᠵᠢᠵᠢᠭ ᠠᠵᠤ ᠠᠬᠤᠢᠯᠠᠯ᠎ᠢ ᠰᠢᠨ᠎ᠡ᠎ᠪᠡᠷ ᠪᠣᠢᠵᠢᠭᠤᠯᠪᠠ᠃

✦ᠣᠢᠷ᠎ᠠ᠎ᠳᠤ ᠪᠤᠭᠤᠲᠤ ᠬᠤᠳᠠ᠎ᠶᠢᠨ ᠵᠢᠤᠶᠦᠸᠠᠨ ᠲᠣᠭᠣᠷᠢᠭ᠋᠎ᠤᠨ ᠮᠢᠩᠭᠠᠨ ᠮᠦ᠍ ᠬᠠᠪᠤᠷ᠎ᠤᠨ ᠲᠠᠷᠢᠶᠠᠯᠠᠭ᠎ᠠ᠎ᠶᠢᠨ ᠰᠢᠷ᠎ᠠ ᠪᠤᠷᠴᠠᠭ᠎ᠤᠨ ᠵᠢᠱ᠌ᠢᠶ᠎ᠡ ᠦᠵᠡᠭᠦᠯᠬᠦ ᠲᠠᠷᠢᠶᠠᠨ ᠤ᠋ ᠮᠦ᠍ ᠪᠦᠷᠢ ᠡᠴᠡ 376.03 ᠺᠢᠯᠣᠭ᠌ᠷᠠᠮ ᠰᠢᠷ᠎ᠠ ᠪᠤᠷᠴᠠᠭ ᠬᠤᠷᠢᠶᠠᠵᠤ᠂ ᠥᠪᠥᠷ ᠮᠣᠩᠭᠣᠯ᠎ᠤᠨ ᠰᠢᠷ᠎ᠠ ᠪᠤᠷᠴᠠᠭ᠎ᠤᠨ ᠥᠨᠳᠥᠷ ᠤᠨᠠᠯᠲᠠ᠎ᠶᠢᠨ ᠲᠡᠮᠳᠡᠭᠯᠡᠯ ᠎ᠢ ᠠᠮᠵᠢᠯᠲᠠ᠎ᠲᠠᠢ ᠰᠢᠨᠡᠳᠬᠡᠵᠦ᠂ ᠣᠷᠣᠨ ᠪᠦᠰᠡ᠎ᠶᠢᠨ ᠰᠢᠷ᠎ᠠ ᠪᠤᠷᠴᠠᠭ ᠤ᠋ᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃


640 (2).png


✦ᠤᠢᠷ᠎ᠠ ᠵᠢᠨ ᠡᠳᠦᠷ ᠠᠯᠠᠱᠠ ᠠᠢᠮᠠᠭ᠎ᠤᠨ ᠨᠠᠮᠤᠷ᠎ᠤᠨ ᠤᠯᠠᠷᠢᠯ᠎ᠤᠨ ᠣᠢᠵᠢᠭᠤᠯᠤᠯᠲᠠ᠎ᠶᠢᠨ ᠠᠵᠢᠯ ᠪᠥᠬᠥ ᠲᠠᠯ᠎ᠠ᠎ᠪᠠᠷ ᠡᠬᠢᠯᠡᠵᠦ᠂ ᠪᠦᠬᠦ ᠠᠢᠮᠠᠭ᠎ᠤᠨ ᠡᠯᠡᠰᠦᠷᠬᠡᠭᠵᠢᠯ᠎ᠢ ᠰᠡᠷᠬᠡᠢᠯᠡᠵᠦ ᠡᠯᠡᠰᠦ᠎ᠶᠢ ᠵᠠᠰᠠᠭᠰᠠᠨ ᠶᠡᠷᠦᠩᠬᠡᠢ ᠲᠠᠯᠠᠪᠠᠢ 1 ᠳ᠋ᠦᠩᠰᠢᠭᠤᠷ ᠮᠦ᠍᠎ᠶᠢ ᠳᠠᠪᠠᠪᠠ᠃

✦ᠰᠢᠯᠢ᠎ᠶᠢᠨ ᠭᠣᠣᠯ ᠠᠢᠮᠠᠭ᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠬᠠᠪᠢᠷᠭᠠᠨ ᠴᠡᠴᠡᠭ ᠵᠡᠷᠭᠡ ᠡᠮ᠎ᠤᠨ ᠵᠢᠩᠬᠢᠨᠢ ᠮᠠᠲᠧᠷᠢᠶᠠᠯ ᠎ᠤᠨ ᠣᠷᠭᠣᠬᠤ ᠳᠠᠭᠤᠷᠢᠶᠠᠮᠠᠯ ᠣᠷᠴᠢᠨ᠎ᠤ ᠰᠤᠳᠤᠯᠭᠠᠨ᠎ᠥᠷᠨᠢᠭᠦᠯᠵᠦ᠂ ᠮᠣᠩᠭᠣᠯ ᠡᠮ᠎ᠦᠨ ᠰᠢᠨ᠎ᠡ ᠡᠮ᠎ᠢ ᠰᠤᠳᠤᠯᠤᠨ ᠨᠡᠭᠡᠭᠡᠬᠦ᠎ᠳᠦ ᠰᠢᠨ᠎ᠡ ᠰᠢᠪᠲᠤᠯᠤᠯᠲᠠ᠎ᠲᠠᠢ ᠪᠣᠯᠪᠠ᠃

✦ᠡᠨᠡ ᠵᠢᠯ ᠲᠥᠨᠭᠯᠢᠶᠤᠤ ᠬᠣᠲᠠ᠎ᠶᠢᠨ 208.02 ᠲᠦᠮᠡᠨ ᠮᠦ᠍ ᠵᠢᠱ᠌ᠢᠶ᠎ᠡ ᠦᠵᠡᠭᠦᠯᠬᠦ ᠣᠷᠣᠨ᠎ᠤ ᠮᠦ᠍ ᠨᠢᠭᠡᠴᠢ᠎ᠶᠢᠨ ᠳᠤᠮᠳᠠᠴᠢ ᠤᠨᠠᠯᠲᠠ 1018.25 ᠺᠢᠯᠣᠭ᠌ᠷᠠᠮ᠎ᠳᠤ ᠬᠦᠷᠴᠦ᠂ ᠪᠥᠬᠥ ᠤᠯᠤᠰ᠎ᠤᠨ ᠠᠮᠤ ᠪᠤᠳᠠᠭᠠᠨ᠎ᠤ ᠭᠣᠣᠯ ᠭᠠᠷᠤᠯᠲᠠ ᠎ᠶᠢᠨ ᠣᠷᠣᠨ᠎ᠳᠤ ᠠᠩᠬ᠎ᠠ ᠤᠳᠠᠭ᠎ᠠ 200 ᠲᠦᠮᠡᠨ ᠮᠦ᠍᠎ᠶᠢᠨ 《ᠲᠣᠨ ᠤ᠋ ᠤᠨᠠᠯᠲᠠᠲᠤ ᠲᠠᠷᠢᠶ᠎ᠠ》᠎ᠶᠢ ᠪᠡᠶᠡᠯᠡᠭᠦᠯᠪᠡ᠃ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠺᠠᠢᠯᠤ ᠰᠢᠶᠠᠨ᠂ ᠬᠣᠷᠴᠢᠨ ᠲᠣᠭᠣᠷᠢᠭ᠋᠂ ᠨᠠᠢ᠍ᠮᠠᠨ ᠬᠣᠰᠢᠭᠤ ᠵᠡᠷᠭᠡ 4 ᠬᠣᠰᠢᠭᠤ ᠰᠢᠶᠠᠨ᠎ᠤ 《ᠲᠣᠨ ᠤ᠋ ᠤᠨᠠᠯᠲᠠᠲᠤ ᠲᠠᠷᠢᠶ᠎ᠠ》 ᠵᠢᠨ ᠲᠠᠯᠠᠪᠠᠢ ᠨᠢ ᠪᠦᠷ 40 ᠲᠦᠮᠡᠨ ᠮᠦ᠍᠎ᠶᠢ ᠳᠠᠪᠠᠵᠠᠢ᠃


640 (4).jpg


✦ᠵᠡᠭᠦᠨ ᠦᠵᠦᠮᠦᠴᠢᠨ ᠬᠣᠰᠢᠭᠤᠨ᠎ᠦ ᠭᠠᠬᠢᠯ ᠰᠤᠮᠤ ᠨᠡᠢᠲᠡ 96 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠡᠨᠡ ᠵᠢᠯ ᠎ᠦᠨ 7 ᠰᠠᠷ᠎ᠠ᠎ᠠᠴᠠ 10 ᠰᠠᠷ᠎ᠠ ᠪᠣᠯᠲᠠᠯ᠎ᠠ ᠬᠠᠷᠢᠶ᠎ᠠ ᠣᠷᠣᠨ ᠎ᠤ ᠳᠣᠲᠣᠷᠠᠬᠢ ᠪᠠᠶᠠᠨᠭᠣᠣᠯ᠂ ᠪᠠᠶᠠᠨᠪᠤᠯᠠᠭ᠂ ᠷᠠᠰᠢᠶᠠᠨᠪᠤᠯᠠᠭ᠂ ᠬᠠᠳᠠᠲᠤ ᠵᠡᠷᠭᠡ 5 ᠭᠠᠴᠠᠭᠠᠨ᠎ᠤ 82 ᠺᠢᠯᠣᠮᠧᠲᠷ ᠵᠠᠮ᠎ᠢ ᠰᠡᠯᠪᠢᠨ ᠵᠠᠰᠠᠵᠤ᠂ 120 ᠭᠠᠷᠤᠢ ᠮᠠᠯᠵᠢᠬᠣ ᠡᠷᠦᠬᠡ᠎ᠳᠦ ᠰᠢᠭᠤᠳ ᠠᠰᠢᠭ᠋ ᠬᠦᠷᠲᠡᠭᠡᠵᠡᠢ᠃


ᠠᠵᠤ ᠠᠬᠤᠢ  

 

✦ᠤᠯᠤᠰ ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠎ᠶᠢᠨ 20᠎ᠤ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠲᠦᠷᠦᠭᠦᠸ᠋ ᠭᠤᠷᠪᠠᠨ ᠤᠯᠠᠷᠢᠯ᠎ᠤᠨ ᠳᠤᠮᠳᠠᠳᠤ ᠤᠯᠤᠰ᠎ᠤᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠨᠭᠬᠡᠢ ᠥᠷᠲᠡᠭ(GDP) 1015036 ᠳ᠋ᠦᠩᠰᠢᠭᠤᠷ ᠲᠥᠭᠥᠷᠢᠭ᠎ᠲᠦ ᠬᠦᠷᠴᠦ᠂ ᠥᠯᠥ ᠬᠤᠪᠢᠷᠠᠬᠤ ᠦᠨ᠎ᠡ᠎ᠪᠡᠷ ᠪᠤᠳᠤᠪᠠᠯ ᠠᠳᠠᠯᠢ ᠬᠤᠭᠤᠴᠠᠭᠠᠨ᠎ᠤ ᠬᠢ᠎ᠡᠴᠡ 5.2% ᠵᠢᠡᠷ ᠨᠡᠮᠡᠭᠳᠡᠵᠡᠢ᠃


640 (5).jpg


✦ᠤᠯᠤᠰ ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ 20 ᠎ᠤ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ 9 ᠰᠠᠷ᠎ᠠ᠎ᠳᠤ᠂ 70 ᠲᠣᠮᠣ᠌ ᠳᠤᠮᠳᠠ ᠬᠣᠲᠠ᠎ᠶᠢᠨ ᠳᠣᠲᠣᠷ᠎ᠠ᠂ ᠡᠯ᠎ᠡ ᠳᠡᠰ᠎ᠤᠨ ᠬᠣᠲᠠ᠎ᠶᠢᠨ ᠲᠠᠸᠠᠷ᠎ᠤᠨ ᠣᠷᠣᠨ ᠰᠠᠭᠤᠴᠠ᠎ᠶᠢᠨ ᠪᠣᠷᠣᠯᠠᠭᠤᠯᠤᠯᠲᠠ᠎ᠶᠢᠨ ᠦᠨ᠎ᠡ ᠳᠡᠭᠡᠷ᠎ᠠ ᠰᠠᠷ᠎ᠠ᠎ᠶᠢᠨ ᠬᠢ᠎ᠡᠴᠡ᠎ᠪᠡᠨ ᠪᠠᠭᠤᠷᠠᠵᠤ᠂ ᠠᠳᠠᠯᠢ ᠬᠤᠭᠤᠴᠠᠭᠠᠨ᠎ᠤ ᠪᠠᠭᠤᠷᠠᠭᠰᠠᠨ ᠬᠡᠮᠵᠢᠶ᠎ᠡ ᠨᠢ ᠦᠷᠭᠦᠯᠵᠢᠯᠡᠨ ᠪᠠᠭᠠᠰᠬᠤ ᠬᠠᠨᠳᠤᠰᠢ᠎ᠲᠠᠢ ᠪᠠᠢᠨ᠎ᠠ᠃


640.jpg


✦ᠤᠯᠤᠰ ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠮᠡᠳᠡᠭᠡ᠎ᠶᠢ ᠦᠨᠳᠦᠰᠦᠯᠡᠪᠡᠯ᠂ 17᠎ᠤ ᠡᠳᠦᠷ ᠪᠣᠯᠲᠠᠯ᠎ᠠ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠰᠢᠨ᠎ᠡ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠮᠥᠩᠭᠥᠨ ᠭᠦᠢᠯᠭᠡᠭᠡᠨ᠎ᠦ ᠪᠠᠭᠠᠵᠢ᠎ᠶᠢ ᠨᠢᠭᠡᠨᠲᠡ 1893.5 ᠳ᠋ᠦᠩᠰᠢᠭᠤᠷ ᠲᠥᠭᠥᠷᠢᠭ ᠣᠷᠣᠭᠤᠯᠵᠤ᠂ ᠠᠵᠤ ᠠᠬᠤᠢ᠎ᠶᠢᠨ ᠲᠣᠮᠣ᠌ ᠮᠤᠵᠢ᠎ᠶᠢᠨ ᠭᠣᠣᠯ ᠲᠤᠯᠭᠠᠭᠤᠷᠢ ᠪᠣᠯᠬᠤ᠎ᠶᠢ ᠭᠣᠣᠯᠳᠠᠯᠭ᠎ᠠ᠎ᠲᠠᠢ ᠳᠡᠮᠵᠢᠬᠦ᠎ᠶᠢᠨ ᠬᠠᠮᠲᠤ ᠠᠷᠠᠳ  ᠤ᠋ᠨ ᠳᠤᠮᠳᠠᠬᠢ ᠪᠡᠯᠡ ᠣᠷᠣᠭᠤᠯᠤᠯᠲᠠ ᠪᠠ ᠰᠢᠨ᠎ᠡ ᠴᠢᠨᠠᠷ ᠎ᠤᠨ ᠦᠢᠯᠡᠳᠪᠦᠷᠢᠯᠡᠯ ᠦ᠋ᠨ ᠬᠦᠴᠦᠨ ᠎ᠦ ᠬᠦᠷᠢᠶᠡᠨ᠎ᠳᠡᠬᠢ ᠳᠡᠮᠵᠢᠯᠭᠡ᠎ᠶᠢᠨ ᠡᠷᠴᠢᠮ᠎ᠢᠶᠡᠨ ᠴᠢᠩᠭᠠᠷᠠᠭᠤᠯᠵᠤ᠂ ᠵᠢᠱ᠌ᠢᠯᠲᠡ᠎ᠪᠡᠷ ᠲᠥᠷᠥᠯ ᠵᠦᠢᠯ᠎ᠦᠨ ᠪᠥᠬᠥ ᠪᠡᠯᠡ ᠣᠷᠣᠭᠤᠯᠤᠯᠲᠠ᠎ᠶᠢ 2.8 ᠲᠦᠮᠡᠨ ᠳ᠋ᠦᠩᠰᠢᠭᠤᠷ ᠲᠥᠭᠥᠷᠢᠭ ᠳᠠᠶ᠋ᠢᠴᠢᠯᠠᠬᠤ ᠪᠣᠯᠣᠨ᠎ᠠ᠃

✦ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶᠢᠨ ᠮᠡᠳᠡᠭᠡ᠎ᠶᠢ ᠦᠨᠳᠦᠰᠦᠯᠡᠪᠡᠯ᠂ ᠥᠪᠥᠷ ᠮᠣᠩᠭᠣᠯ᠎ᠤᠨ ᠮᠢᠩ ᠴᠢᠤᠸᠠᠨ ᠲᠠᠷᠢᠶᠠᠯᠠᠩ ᠮᠠᠯ ᠠᠵᠤ ᠠᠬᠤᠢ᠎ᠶᠢᠨ ᠬᠢᠵᠠᠭᠠᠷᠲᠤ ᠺᠣᠮᠫᠠᠨᠢ ᠣᠢᠷ᠎ᠠ᠎ᠳᠤ ᠲᠥᠪ ᠪᠠᠩᠬᠢ᠎ᠶᠢᠨ ᠢᠲᠡᠭᠡᠮᠵᠢᠲᠦ ᠵᠢᠭᠡᠯᠡᠯᠭᠡ ᠵᠢᠨ ᠵᠠᠬ᠎ᠠ ᠳᠡᠯᠭᠡᠭᠦᠷ᠎ᠦᠨ ᠦᠢᠯᠡᠴᠢᠯᠡᠭᠡᠨ ᠎ᠦ ᠲᠠᠪᠴᠠᠩ ᠵᠢᠡᠷ ᠳᠠᠮᠵᠢᠭᠤᠯᠤᠨ 500 ᠲᠦᠮᠡᠨ ᠲᠥᠭᠥᠷᠢᠭ ᠎ᠦᠨ ᠪᠡᠯᠡ ᠲᠣᠬᠢᠷᠠᠭᠤᠯᠭ᠎ᠠ᠎ᠶᠢ ᠣᠯᠵᠤ᠂ ᠡᠨᠡ ᠨᠢ ᠳᠤᠰ ᠳᠠᠪᠴᠠᠡᠭ᠎ᠤᠨ ᠥᠪᠥᠷ ᠮᠣᠩᠭᠣᠯ ᠳ᠋ᠡᠬᠢ ᠠᠩᠬᠠᠨ ᠤ᠋ ᠲᠤᠬᠠᠢᠯᠠᠭᠰᠠᠨ ᠠᠵᠢᠯ ᠠᠮᠵᠢᠯᠲᠠ ᠲᠠᠢ ᠨᠠᠢᠳᠠᠪᠤᠷᠢᠵᠢᠭᠤᠯᠤᠬᠳᠠᠭᠰᠠᠨ᠎ᠢ ᠬᠠᠷᠠᠭᠤᠯᠵᠤ ᠪᠠᠢᠨ᠎ᠠ᠃


640.png


ᠰᠤᠶᠤᠯ 

 

✦19᠎ᠤ ᠡᠳᠦᠷ᠂ ᠰᠢᠯᠢ᠎ᠶᠢᠨ ᠭᠣᠣᠯ ᠠᠢᠮᠠᠭ᠎ᠤᠨ ᠰᠢᠯᠤᠭᠤᠨ ᠬᠥᠬᠡ ᠬᠣᠰᠢᠭᠤᠨ᠎ᠤ 《ᠲᠣᠷᠭᠠᠨ ᠪᠠᠷᠢᠨᠲᠠᠭ》 ᠤᠩᠰᠢᠯᠭ᠎ᠠ᠎ᠶᠢᠨ ᠥᠷᠥᠭᠡ ᠡᠴᠡ ᠭᠣᠣᠯᠯᠠᠨ ᠡᠷᠬᠢᠯᠡᠵᠦ ᠣᠷᠳᠣᠰ ᠬᠤᠲᠠ᠎ᠶᠢᠨ ᠨᠣᠮ᠎ᠤᠨ ᠰᠠᠩ ᠡᠴᠡ ᠳᠠᠭᠠᠭᠠᠴᠢᠯᠠᠨ ᠡᠷᠬᠢᠯᠡᠭᠰᠡᠨ ᠪᠦᠬᠦ ᠣᠷᠣᠨ᠎ᠤ ᠶᠢᠰᠦᠳᠦᠭᠡᠷ ᠤᠳᠠᠭᠠᠨ᠎ᠤ《ᠱᠠᠩᠳᠤ᠎ᠶᠢᠨ ᠡᠭᠡᠰᠢᠭᠯᠡᠩ》ᠬᠡᠦᠬᠡᠳ ᠪᠠᠭᠠᠴᠤᠳ ᠎ᠦᠨ ᠤᠷᠠᠨ ᠤᠩᠰᠢᠯᠭ᠎ᠠ᠎ᠶᠢᠨ ᠨᠠᠭᠠᠳᠤᠮ ᠤᠷᠳᠤᠰ ᠬᠤᠳᠠ ᠵᠢᠨ ᠬᠢᠶ᠎ᠡ ᠪᠠᠭ᠍ᠰᠢ ᠲᠣᠭᠣᠷᠢᠭ᠋ ᠲᠦ᠍ ᠶᠠᠪᠤᠭᠳᠠᠵᠤ᠂ 90 ᠭᠠᠷᠤᠢ ᠰᠤᠷᠤᠭᠴᠢ ᠤᠷᠤᠯᠴᠠᠵᠠᠢ᠃


640 (6).jpg


ᠲᠡᠯᠡᠬᠡᠢ 

✦ᠲᠦᠪ ᠲᠸᠯᠸᠢᠰ ᠤ᠋ᠨ ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 20᠎ᠤ ᠡᠳᠦᠷ᠂ ᠡᠸᠦ᠋ᠷᠦᠫᠡ ᠲᠢᠪ ᠤ᠋ᠨ ᠤᠯᠤᠰ ᠤ᠋ᠳ ᠤ᠋ᠨ ᠬᠣᠯᠪᠣᠭ᠎ᠠ ᠵᠢᠨ ᠬᠡᠷᠡᠭ ᠡᠷᠬᠢᠯᠡᠭᠴᠢᠳ᠎ᠦᠨ ᠵᠦᠪᠯᠡᠯ ᠢᠯᠡᠷᠬᠡᠢᠯᠡᠬᠦ ᠎ᠳᠡᠭᠡᠨ᠂ ᠡᠸᠦ᠋ᠷᠦᠫᠡ ᠶ᠋ᠢᠨ ᠬᠣᠯᠪᠣᠭᠠᠨ᠎ᠤ ᠪᠦᠷᠢᠯᠳᠦᠭᠦᠨ ᠤᠯᠤᠰ ᠤ᠋ᠳ 2028 ᠣᠨ᠎ᠤ 1 ᠰᠠᠷ᠎ᠠ ᠡᠴᠠ ᠡᠮᠦᠨ᠎ᠡ ᠣᠷᠣᠰ᠎ᠡᠴᠡ ᠪᠠᠢᠭᠠᠯᠢ᠎ᠶᠢᠨ ᠰᠢᠲᠠᠮᠠᠬᠠᠢ ᠬᠡᠢ ᠣᠷᠣᠭᠤᠯᠬᠤ ᠵᠢ ᠢᠳᠡᠭ ᠢᠳᠡᠭ ᠵᠢᠡᠷ ᠵᠤᠭᠰᠤᠭᠠᠬᠤ ᠰᠠᠨᠠᠯ ᠢ᠋ ᠳᠡᠮᠵᠢᠵᠦ ᠪᠠᠢᠨ᠎ᠠ ᠭᠡᠵᠠᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ ᠶ᠋ᠢᠨ ᠰᠣᠶᠣᠯ᠎ᠤᠨ ᠶᠠᠮᠤᠨ᠎ᠤ ᠨᠡᠢᠲᠡᠯᠡᠭᠰᠡᠨ ᠮᠡᠳᠡᠭᠡ᠎ᠳᠦ᠂ ᠯᠦᠸᠸᠷ ᠤᠷᠳᠤᠨ᠎ᠡᠴᠡ《ᠬᠡᠮᠵᠢᠶᠡᠯᠡᠰᠢ ᠦᠭᠡᠢ ᠦᠨ᠎ᠡ ᠥᠷᠲᠡᠭ᠎ᠲᠠᠢ》 9 ᠲᠡᠦᠬᠡ ᠶ᠋ᠢᠨ ᠳᠤᠷᠠᠰᠬᠠᠯᠲᠤ ᠵᠦᠢᠯ ᠬᠤᠯᠠᠭᠠᠢᠯᠠᠬᠳᠠᠵᠤ᠂ ᠲᠡᠭᠦᠨ ᠎ᠦ ᠳᠣᠲᠣᠷᠠᠬᠢ ᠨᠢᠭᠡ ᠲᠢᠲᠢᠮ ᠢ᠋ ᠨᠢ ᠨᠢᠭᠡᠨᠲᠡ ᠡᠷᠢᠵᠦ ᠣᠯᠣᠭᠰᠠᠨ ᠪᠠᠢᠨ᠎ᠠ᠃ ᠡᠨᠡ ᠬᠦ᠌ ᠬᠠᠭᠠᠨ᠎ᠤ ᠲᠢᠲᠢᠮ᠎ᠳᠦ ᠮᠢᠩᠭ᠎ᠠ ᠭᠠᠷᠤᠢ ᠠᠯᠮᠠᠰ ᠪᠠ ᠡᠷᠳᠡᠨᠢ᠎ᠶᠢᠨ ᠴᠢᠯᠠᠭᠤ ᠰᠢᠭᠢᠳᠬᠡᠵᠦ᠂ ᠡᠷᠢᠵᠦ ᠤᠯᠬᠤ ᠳ᠋ᠤ ᠨᠢᠭᠡᠨᠳᠡ ᠵᠤᠬᠢᠬᠤ ᠰᠦᠢᠳᠦᠯ᠎ᠳᠤ ᠤᠴᠠᠷᠠᠵᠠᠢ᠃


ᠦᠢᠯᠡᠴᠢᠯᠡᠭᠡ  


✦ᠬᠥᠬᠡᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠬᠠᠷᠢᠶ᠎ᠠ ᠠᠵᠢᠯ ᠦᠢᠯᠡᠰ᠎ᠦᠨ ᠨᠢᠭᠡᠴᠢ᠎ᠠᠵᠢᠯᠳᠠᠨ ᠡᠯᠰᠡᠵᠦ ᠪᠠᠢᠨ᠎ᠠ᠃ 


ᠲᠠᠨ ᠎ᠤ  ᠲᠤᠰᠡ ᠳ᠋ᠤ 

✦ ᠺᠠᠯᠼ ᠨᠥᠬᠥᠪᠦᠷᠢᠯᠡᠬᠦ ᠨᠢ ᠬᠡᠳᠦᠢ ᠠᠷᠪᠢᠨ ᠪᠣᠯ ᠲᠡᠳᠦᠢ ᠰᠠᠢᠨ ᠦᠦ?

ᠬᠡᠳᠦ ᠬᠡᠮᠵᠢᠶᠡᠨ᠎ᠦ ᠺᠠᠯᠼ ᠨᠥᠬᠥᠪᠦᠷᠢᠯᠡᠪᠡᠯ ᠴᠠᠢᠷ᠂ ᠲᠡᠮᠦᠷ ᠵᠡᠷᠭᠡ ᠡᠷᠦᠳᠡᠰᠦ᠎ᠶᠢᠨ ᠪᠣᠳᠠᠰ᠎ᠤᠨ ᠰᠢᠩᠭᠡᠭᠡᠯᠲᠡ᠎ᠶᠢ ᠬᠠᠷᠰᠢᠯᠠᠵᠤ᠂ ᠬᠣᠷᠭᠣᠰᠤᠯᠠᠬᠤ᠂ ᠬᠠᠪᠤᠩᠨᠠᠬᠤ᠂ ᠬᠥᠯᠥᠰᠦ ᠠᠷᠪᠢᠳᠬᠤ᠂ ᠬᠣᠭᠣᠯᠠ ᠭᠣᠯᠣᠬᠤ᠂ ᠳᠤᠷ᠎ᠠ ᠪᠣᠯᠭᠢᠬᠤ ᠵᠡᠷᠭᠡ ᠡᠪᠡᠳᠴᠢᠨ᠎ᠦ ᠢᠯᠡᠷᠡᠯ ᠡᠭᠦᠰᠬᠡᠨ᠎ᠡ᠃ ᠬᠦᠨᠳᠦᠷᠡᠪᠡᠯ ᠥᠨᠳᠥᠷ ᠺᠠᠯᠼᠳᠤ ᠴᠢᠰᠤᠨ ᠤ᠋ ᠡᠪᠡᠳᠴᠢᠨ᠂ ᠪᠥᠭᠡᠷ᠎ᠡ ᠴᠢᠯᠠᠭᠤᠵᠢᠬᠤ᠂ ᠴᠢᠰᠤᠨ ᠰᠤᠳᠠᠯ ᠺᠠᠯᠼᠵᠢᠬᠤ᠂ ᠴᠢᠨᠠᠭᠰᠢᠯᠠᠪᠠᠯ ᠪᠥᠭᠡᠷ᠎ᠡ᠎ᠶᠢᠨ ᠳᠣᠷᠣᠢᠲᠠᠯ ᠵᠡᠷᠭᠡ᠎ᠶᠢ ᠡᠭᠦᠰᠬᠡᠵᠦ ᠮᠡᠳᠡᠨ᠎ᠡ᠃ 50 ᠨᠠᠰᠤᠨ᠎ᠠᠴᠠ ᠳᠡᠭᠡᠭᠰᠢᠬᠢ ᠢᠳᠡᠷ ᠦᠲᠡᠯᠦᠭᠡ ᠨᠠᠰᠤᠨ᠎ᠤ ᠬᠥᠮᠥᠰ ᠡᠳᠦᠷ ᠪᠦᠷᠢ 1000 ᠮᠢᠯᠢᠭ᠌ᠷᠠᠮ ᠨᠦᠬᠦᠪᠦᠷᠢᠯᠡᠵᠦ᠂ ᠶᠠᠰᠤ ᠰᠡᠢᠷᠡᠭᠵᠢᠬᠦ ᠡᠪᠡᠳᠴᠢᠨ᠎ᠦ ᠲᠡᠦᠬᠡ᠎ᠲᠠᠢ᠂ ᠡᠰᠡᠬᠦᠯ᠎ᠡ ᠰᠢᠬᠢᠷ᠎ᠦᠨ ᠪᠣᠷᠣ᠌ ᠳᠠᠪᠬᠤᠷᠭ᠎ᠠ᠎ᠶᠢᠨ ᠬᠣᠷᠮᠣᠨ ᠵᠡᠷᠭᠡ ᠺᠠᠯᠼ ᠰᠢᠩᠭᠡᠭᠡᠬᠦ᠎ᠶᠢ ᠨᠥᠯᠥᠭᠡᠯᠡᠵᠦ ᠮᠡᠳᠡᠬᠦ ᠪᠠᠢᠳᠠᠯ ᠲᠠᠢ ᠬᠥᠮᠥᠰ ᠡᠮᠴᠢ᠎ᠶᠢᠨ ᠵᠢᠯᠣᠭᠣᠳᠤᠯᠭ᠎ᠠ ᠪᠡᠷ ᠡᠳᠦᠷ ᠪᠦᠷᠢ ᠵᠣᠬᠢᠬᠤ ᠬᠡᠮᠵᠢᠶ᠎ᠡ᠎ᠪᠡᠷ ᠨᠡᠮᠡᠭᠳᠡᠭᠦᠯᠵᠦ ᠪᠣᠯᠣᠨ᠎ᠠ᠃

 

ᠵᠠᠯᠭᠠᠭᠠᠳ《ᠮᠠᠯᠴᠢᠨ ᠮᠢᠨᠦ ᠵᠢᠷᠭᠠᠯ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号