


ᠨᠡᠢᠭᠡᠮ
✦ᠣᠢᠷ᠎ᠠ᠎ᠳᠤ ᠮᠠᠨ᠎ᠤ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠴᠠᠩ
ᠧ ᠵᠢᠷᠭᠤᠳᠤᠭᠠᠷ᠎ᠤᠨ 2 ᠭᠷᠡᠮ᠎ᠤᠨ ᠰᠠᠷᠠᠨ ᠪᠥᠮᠪᠥᠷᠴᠡᠭ᠎ᠦᠨ
ᠥᠯᠢᠭᠡᠷ ᠡᠳ᠋᠎ᠦᠨ ᠳᠣᠲᠣᠷ᠎ᠠ᠎ᠠᠴᠠ《CI ᠬᠡᠯᠪᠡᠷᠢ᠎ᠶᠢᠨ ᠨᠡᠭᠦᠷᠡᠰᠦᠲᠥ᠋ᠷᠥᠭᠴᠢᠲᠦ ᠪᠥᠮᠪᠥᠭᠡᠨ ᠮᠥᠬᠥᠯᠢᠭᠲᠦ ᠰᠣᠯᠢᠷ ᠴᠢᠯᠠᠭᠤ》᠎ᠡᠴᠡ ᠢᠷᠡᠯᠲᠡ᠎ᠲᠠᠢ
ᠮᠥᠷᠭᠥᠯᠲᠡᠶᠢᠨ ᠦᠯᠡᠳᠡᠭᠳᠡᠯ ᠪᠣᠳᠠᠰ᠎ᠢ ᠢᠯᠭᠠᠨ ᠲᠠᠨᠢᠪᠠ᠃ ᠰᠤᠳᠤᠯᠭᠠᠨ᠎ᠢ ᠦᠨᠳᠦᠰᠦᠯᠡᠪᠡᠯ᠂ ᠡᠭᠦᠨ᠎ᠡᠴᠡ ᠡᠮᠦᠨ᠎ᠡ
ᠰᠠᠷᠠᠨ ᠪᠥᠮᠪᠥᠷᠴᠡᠭ᠎ᠦᠨ ᠥᠯᠢᠭᠡᠷ ᠡᠳ᠋᠎ᠦᠨ ᠳᠣᠲᠣᠷ᠎ᠠ᠎ᠠᠴᠠ ᠪᠠᠢᠴᠠᠭᠠᠨ ᠣᠯᠣᠭᠰᠠᠨ ᠣᠨᠴᠠᠭᠠᠶ ᠢᠷᠡᠯᠲᠡ᠎ᠶᠢᠨ
ᠤᠰᠤ ᠨᠢ ᠡᠢᠮᠦᠷᠬᠦᠦ ᠰᠣᠯᠢᠷ ᠴᠢᠯᠠᠭᠤᠨ᠎ᠤ ᠮᠥᠷᠭᠥᠯᠲᠡᠡᠴᠡ ᠢᠷᠡᠯᠲᠡ ᠲᠠᠢ ᠪᠠᠢᠵᠤ ᠮᠡᠳᠡᠨ᠎ᠡ᠃
✦10 ᠰᠠᠷ᠎ᠠ᠎ᠶᠢᠨ 20᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠶᠢᠨ
2026 ᠣᠨ᠎ᠤ ᠮᠢᠯᠠᠨ᠎ᠤ ᠡᠪᠦᠯ ᠦᠨ ᠤᠯᠠᠷᠢᠯ ᠤᠨ ᠣᠯᠢᠮᠫᠢᠺ᠎ᠤᠨ ᠲᠠᠮᠢᠷ᠎ᠤᠨ
ᠴᠤᠭᠯᠠᠭᠠᠨ ᠤ ᠲᠦᠷᠦᠭᠦᠦ ᠪᠦᠯᠦᠭ ᠳᠠᠮᠵᠢᠭᠤᠯᠤᠨ ᠨᠡᠪᠲᠡᠷᠡᠭᠦᠯᠬᠦ ᠲᠥᠬᠦᠭᠡᠷᠦᠮᠵᠢ᠎ᠶᠢ ᠠᠴᠢᠶᠠᠯᠠᠨ ᠲᠡᠭᠡᠭᠡᠪᠦᠷᠢᠯᠡᠪᠡ᠂
ᠡᠨᠡ ᠨᠢ ᠶᠡᠷᠦᠩᠬᠡᠢ ᠬᠣᠷᠢᠶ᠎ᠠ᠎ᠶᠢᠨ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ
ᠡᠮᠦᠨ᠎ᠡ ᠹᠷᠣᠨᠲ᠎ᠤᠨ ᠳᠠᠮᠵᠢᠭᠤᠯᠤᠨ ᠨᠡᠪᠲᠡᠷᠡᠭᠦᠯᠬᠦ ᠪᠡᠯᠡᠳᠬᠡᠯ ᠠᠵᠢᠯ ᠪᠤᠳᠠᠳᠤ ᠱᠠᠲᠤᠨ᠎ᠳᠤ ᠣᠷᠣᠭᠰᠠᠨ᠎ᠢ
ᠬᠠᠷᠠᠭᠤᠯᠵᠤ ᠪᠠᠢᠨ᠎ᠠ᠃

✦ᠬᠠᠮᠤᠭ ᠤᠨ ᠰᠢᠨ᠎ᠡ ᠲᠣᠭ᠎ᠠ ᠪᠠᠷᠢᠮᠲᠠ᠎ᠶᠢ
ᠦᠨᠳᠦᠰᠦᠯᠡᠪᠡᠯ᠂ ᠣᠲᠣᠬᠠᠨ᠎ᠳᠦ ᠪᠥᠬᠥ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ᠎ᠤ ᠰᠢᠨ᠎ᠡ ᠪᠡᠷ ᠲᠣᠣᠷ ᠲᠸ᠋ ᠨᠡᠢᠯᠡᠭᠦᠯᠬᠦ ᠪᠠᠭᠲᠠᠭᠠᠮᠵᠢ 5784 ᠲᠦᠮᠡᠨ ᠺᠢᠯᠦᠸᠠᠲ ᠢ᠋ ᠳᠠᠪᠠᠪᠠ᠃ ᠮᠠᠨ᠎ᠤ ᠤᠯᠤᠰ᠎ᠤᠨ ᠰᠠᠯᠬᠢᠨ
ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠨᠢᠭᠡᠨᠲᠡ 15 ᠵᠢᠯ ᠳᠠᠷᠠᠭᠠᠯᠠᠨ ᠳᠡᠯᠡᠬᠡᠢ᠎ᠶᠢᠨ ᠲᠡᠷᠢᠭᠦᠨ᠎ᠳᠦ ᠣᠷᠣᠵᠤ᠂
ᠶᠠᠭ ᠵᠢᠯ ᠳᠤᠮᠳᠠᠴᠢ ᠪᠠᠷ 1 ᠳ᠋ᠦᠩᠰᠢᠭᠤᠷ ᠺᠢᠯᠦᠸᠠᠲ᠎ᠠᠴᠠ ᠳᠡᠭᠡᠭᠰᠢ ᠮᠠᠰᠢᠨ ᠴᠣᠭᠴᠠᠯᠠᠪᠤᠷᠢ
ᠰᠢᠨ᠎ᠡ᠎ᠪᠡᠷ ᠨᠡᠮᠡᠭᠳᠡᠬᠦ ᠰᠢᠨ᠎ᠡ ᠴᠠᠭ ᠦᠶ᠎ᠡ᠎ᠳᠦ ᠣᠷᠣᠵᠤ ᠪᠠᠢᠨ᠎ᠠ᠃

✦ᠣᠢᠷ᠎ᠠ᠎ᠳᠤ ᠴᠠᠩ ᠵᠧᠩ ᠨᠠᠢ᠍ᠮᠠᠳᠤᠭᠠᠷ ᠬᠥᠬᠡ
ᠬᠥᠯᠭᠡ ᠲᠡᠢᠷᠦᠯᠲᠦ ᠰᠤᠮᠤ YF - 75 DB ᠤᠰᠤᠮᠠᠭᠲᠤ ᠬᠥᠳᠡᠯᠭᠡᠭᠦᠷ᠎ᠢ ᠬᠢᠨᠠᠨ ᠲᠣᠭᠲᠠᠭᠠᠵᠤ ᠲᠤᠷᠰᠢᠨ
ᠠᠵᠢᠯᠯᠠᠭᠤᠯᠬᠤ ᠠᠵᠢᠯ᠎ᠢ ᠤᠷᠤᠭᠰᠢᠲᠠᠢ ᠪᠡᠶᠡᠯᠡᠭᠦᠯᠦᠭᠰᠡᠨ ᠨᠢ ᠲᠣᠰ ᠬᠥᠳᠡᠯᠭᠡᠭᠦᠷ ᠵᠢᠩᠬᠢᠨᠢ᠎ᠪᠡᠷ ᠢᠨᠵᠧᠨᠧᠷᠢᠩ᠎ᠦᠨ
ᠬᠡᠷᠡᠭᠯᠡᠯᠲᠡ᠎ᠶᠢᠨ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃
✦10 ᠰᠠᠷ᠎ᠠ᠎ᠶᠢᠨ 21᠎ᠦ ᠡᠳᠦᠷ᠂ ᠬᠥᠯᠥᠨ ᠪᠤᠢᠷ ᠬᠤᠲᠠ᠎ᠵᠢᠨ ᠡᠸᠡᠩᠬᠢ
ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠪᠠᠶᠠᠨᠲᠠᠯ᠎ᠠ ᠳᠠᠭᠤᠷ ᠦᠨᠳᠦᠰᠦᠲᠡᠨ᠎ᠦ ᠰᠢᠶᠠᠩ᠎ᠤᠨ ᠲᠥᠪᠯᠡᠷᠡᠭᠦᠯᠦᠨ
ᠢᠯᠴᠢ ᠬᠠᠩᠭᠠᠬᠤ ᠲᠥᠷᠥᠯ ᠵᠦᠢᠯ᠎ᠢ ᠲᠤᠷᠰᠢᠨ ᠠᠵᠢᠯᠯᠠᠭᠤᠯᠵᠤ᠂ ᠪᠥᠬᠥ ᠤᠯᠤᠰ᠎ᠤᠨ ᠬᠠᠬᠢᠷ ᠬᠦᠢᠲᠡᠨ ᠭᠠᠵᠠᠷ ᠣᠷᠣᠨ᠎ᠤ
ᠠᠩᠬᠠᠳᠠᠭ᠍ᠴᠢ ᠲᠥᠪᠯᠡᠷᠡᠭᠦᠯᠦᠨ ᠢᠯᠴᠢ ᠬᠠᠩᠭᠠᠬᠤ᠎ᠶᠢ ᠪᠡᠶᠡᠯᠡᠭᠦᠯᠦᠭᠰᠡᠨ ᠦᠨᠳᠦᠰᠦᠲᠡᠨ᠎ᠦ ᠰᠢᠶᠠᠩ ᠪᠣᠯᠵᠤ᠂
ᠲᠤᠬᠠᠢ᠎ᠶᠢᠨ ᠭᠠᠵᠠᠷ᠎ᠤᠨ 900 ᠭᠠᠷᠤᠢ ᠰᠠᠭᠤᠭᠠᠯᠢ ᠠᠷᠠᠳ᠎ᠲᠤ ᠠᠰᠢᠭ᠋ ᠬᠦᠷᠲᠡᠭᠡᠪᠡ᠃

✦ᠤᠢᠷ᠎ᠠ ᠳᠦ ᠲᠦᠩᠯᠢᠶᠤᠤ ᠬᠤᠲᠠ᠎ᠵᠢᠨ
ᠴᠢᠨᠠᠷ ᠰᠠᠢᠲᠠᠢ ᠮᠠᠯ ᠤᠨ ᠠᠰᠢᠭ ᠰᠢᠮ᠎ᠡ ᠲᠠᠷᠢᠶᠠᠯᠠᠩ᠎ᠤᠨ ᠪᠥᠲᠥᠭᠡᠭᠲᠡᠭᠦᠨ (ᠪᠡᠭᠡᠵᠢᠩ) ᠢ ᠳᠡᠯᠭᠡᠨ ᠪᠤᠷᠤᠯᠠᠭᠤᠯᠬᠤ ᠲᠥᠪ ᠪᠡᠭᠡᠵᠢᠩ᠎ᠳᠦ
ᠡᠭᠦᠳᠡ᠎ᠪᠡᠨ ᠨᠡᠭᠡᠭᠡᠪᠡ᠃
✦ᠰᠤᠷᠭᠠᠭᠤᠯᠢ ᠵᠢᠨ ᠬᠦᠷᠢᠶᠡᠨ ᠤ ᠡᠷᠭᠢᠨ
ᠲᠤᠭᠤᠷᠢᠨ᠎ᠳᠦ ᠤᠷᠤᠰᠢᠵᠤ ᠪᠠᠢᠭ᠎ᠠ ᠵᠠᠮ ᠬᠠᠷᠢᠯᠴᠠᠭᠠᠨ᠎ᠤ ᠡᠮᠬᠢ ᠵᠠᠮᠪᠠᠷᠠᠭ᠎ᠠ ᠦᠭᠡᠢ ᠪᠠᠢᠳᠠᠯ ᠳᠦ
ᠴᠢᠭᠯᠡᠭᠦᠯᠦᠨ᠂ ᠬᠦᠬᠡᠬᠤᠲᠠ᠎ᠵᠢᠨ ᠵᠠᠮ ᠬᠠᠷᠢᠯᠴᠠᠭᠠᠨ᠎ᠤ ᠴᠠᠭᠳᠠᠭ᠎ᠠ᠎ᠡᠴᠡ ᠥᠷᠭᠡᠨ ᠤᠯᠠᠨ ᠭᠡᠷ ᠤᠨ
ᠠᠬᠠᠮᠠᠳ᠎ᠲᠦ ᠰᠤᠷᠭᠠᠭᠤᠯᠢ᠎ᠵᠢᠨ ᠬᠦᠷᠢᠶᠡᠨ᠎ᠤ ᠡᠷᠭᠢᠨ ᠲᠤᠭᠤᠷᠢᠨ᠎ᠳᠦ ᠳᠤᠷᠠᠪᠡᠷᠵᠢᠡᠨ ᠲᠡᠷᠭᠡ
ᠵᠤᠭᠰᠤᠭᠠᠬᠤ ᠪᠠ ᠬᠤᠶᠠᠷ ᠮᠥᠷᠯᠡᠵᠦ ᠲᠡᠷᠭᠡ ᠵᠤᠭᠰᠤᠭᠠᠬᠤ᠎ᠶᠢ ᠴᠢᠩᠭ᠎ᠠ ᠬᠤᠷᠢᠭᠯᠠᠵᠤ᠂ ᠭᠡᠷ᠎ᠤᠨ ᠠᠬᠠᠮᠠᠳ ᠢ
ᠮᠠᠰᠢᠨ ᠲᠡᠷᠭᠡ᠎ᠪᠡᠨ ᠲᠥᠷ ᠵᠤᠭᠰᠤᠭᠠᠵᠤ ᠳᠠᠷᠤᠢᠬᠠᠨ ᠶᠠᠪᠤᠭᠠᠷᠠᠢ ᠭᠡᠵᠦ ᠰᠠᠨᠠᠭᠤᠯᠵᠠᠢ᠃

✦ᠰᠢᠯᠢ ᠵᠢᠨ ᠭᠤᠤᠯ ᠠᠢᠮᠠᠭ᠎ᠤᠨ ᠰᠥᠨᠢᠳ
ᠪᠠᠷᠠᠭᠤᠨ ᠬᠤᠰᠢᠭᠤᠨ ᠤ ᠰᠠᠢᠬᠠᠨᠲᠠᠯ᠎ᠠ ᠪᠠᠯᠭᠠᠰᠤᠨ᠎ᠤ ᠳᠥᠭᠥᠮ ᠭᠠᠴᠠᠭᠠᠨ᠎ᠤ ᠠᠮᠢᠳᠤ ᠮᠠᠯ ᠤᠨ
ᠠᠷᠠᠯᠵᠢᠶᠠᠨ᠎ᠤ ᠵᠠᠬ᠎ᠠ ᠤᠢᠷ᠎ᠠ᠎ᠳᠦ ᠵᠢᠩᠬᠢᠨᠢ ᠪᠡᠷ ᠡᠭᠦᠳᠡ ᠪᠡᠨ ᠨᠡᠭᠡᠭᠡᠵᠦ᠂ ᠠᠷᠠᠯᠵᠢᠶ᠎ᠠ
ᠡᠬᠢᠯᠡᠭᠦᠯᠦᠭᠰᠡᠨ ᠠᠩᠬᠠᠨ᠎ᠤ ᠡᠳᠦᠷ 168 ᠦᠬᠡᠷ᠂ 125 ᠬᠤᠨᠢ ᠠᠷᠠᠯᠵᠢᠶᠠᠯᠠᠭᠰᠠᠨ ᠪᠠᠢᠨ᠎ᠠ᠃
ᠠᠵᠤ ᠠᠬᠤᠢ
✦ᠰᠣᠶᠣᠯ ᠪᠠ ᠵᠢᠭᠤᠯᠴᠢᠯᠠᠯ᠎ᠤᠨ ᠶᠠᠮᠤᠨ᠎ᠤ 21᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠤ ᠲᠦᠷᠦᠭᠦᠦ ᠭᠤᠷᠪᠠᠨ ᠤᠯᠠᠷᠢᠯ᠎ᠳᠤ ᠤᠯᠤᠰ᠎ᠤᠨ ᠳᠣᠲᠣᠭᠠᠳᠤ᠎ᠶᠢᠨ
ᠰᠠᠭᠤᠭᠠᠯᠢ ᠠᠷᠠᠳ 49.98 ᠳ᠋ᠦᠩᠰᠢᠭᠤᠷ ᠬᠥᠮᠥᠨ ᠤᠳᠠᠭ᠎ᠠ
ᠵᠢᠭᠤᠯᠴᠢᠯᠠᠵᠤ᠂ ᠠᠳᠠᠯᠢ ᠬᠤᠭᠤᠴᠠᠭᠠᠨ ᠤ ᠬᠢ ᠡᠴᠡ 18.0%ᠨᠡᠮᠡᠭᠳᠡᠪᠡ᠃ ᠤᠯᠤᠰ᠎ᠤᠨ ᠳᠣᠲᠣᠭᠠᠳᠤ ᠶᠢᠨ ᠰᠠᠭᠤᠭᠠᠯᠢ ᠠᠷᠠᠳ᠎ᠤᠨ
ᠭᠠᠳᠠᠭ᠍ᠰᠢ ᠵᠢᠭᠤᠯᠴᠢᠯᠠᠬᠤ ᠵᠠᠷᠤᠳᠠᠯ 4.85 ᠲᠦᠮᠡᠨ
ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 11.5% ᠨᠡᠮᠡᠭᠳᠡᠪᠡ᠃


✦ᠪᠦᠷᠢᠳᠬᠡᠯ ᠢ ᠦᠨᠳᠦᠰᠦᠯᠡᠪᠡᠯ᠂ 10 ᠰᠠᠷ᠎ᠠ᠎ᠶᠢᠨ 20᠎ᠤ ᠡᠳᠦᠷ ᠪᠣᠯᠲᠠᠯ᠎ᠠ᠂ 2025 ᠣᠨ ᠤ᠋ ᠳᠤᠮᠳᠠᠳᠤ ᠤᠯᠤᠰ᠎ᠤᠨ ᠺᠢᠨᠣ᠋ ᠶᠢᠨ ᠭᠠᠳᠠᠭᠠᠳᠤ᠎ᠳᠠᠬᠢ
ᠪᠢᠯᠧᠲ᠎ᠦᠨ ᠣᠷᠣᠯᠭ᠎ᠠ ᠨᠡᠶ᠋ᠢᠲᠡ 1.4 ᠳ᠋ᠦᠩᠰᠢᠭᠤᠷ ᠳ᠋ᠣᠯᠯᠠᠷ᠎ᠲᠤ ᠬᠦᠷᠴᠦ᠂ ᠠᠷᠠᠳ᠎ᠤᠨ ᠵᠣᠭᠣᠰ᠎ᠢᠶᠠᠷ
ᠪᠠᠷᠤᠭ 10 ᠳ᠋ᠦᠩᠰᠢᠭᠤᠷ ᠲᠥᠭᠥᠷᠢᠭ᠎ᠲᠦ ᠬᠦᠷᠴᠡᠢ᠃
ᠰᠤᠶᠤᠯ
✦ᠤᠮᠠᠷᠠᠲᠤ ᠬᠢᠯᠢ᠎ᠵᠢᠨ ᠰᠤᠶᠤᠯ᠎ᠤᠨ ᠡᠬᠡ
ᠤᠯᠤᠰᠲᠡᠬᠢ ᠠᠶᠠᠯᠠᠯ — ᠤᠯᠠᠭᠠᠨᠮᠦ᠋ᠴᠢᠷ᠎ᠤᠨ ᠪᠦᠬᠦ ᠤᠯᠤᠰ᠎ᠲᠦ ᠲᠤᠭᠤᠷᠢᠨ ᠲᠤᠭᠯᠠᠯᠲᠠ ᠬᠢᠭᠰᠡᠨ 60 ᠵᠢᠯ᠎ᠤᠨ ᠤᠢ᠎ᠶᠢ ᠳᠤᠷᠠᠰᠬᠠᠬᠤ ᠲᠤᠭᠯᠠᠯᠲᠠ 10 ᠰᠠᠷ᠎ᠠ᠎ᠵᠢᠨ 20᠎ᠤ ᠡᠳᠦᠷ᠎ᠡᠴᠡ 21᠎ᠤ ᠡᠳᠦᠷ ᠪᠤᠯᠲᠠᠯ᠎ᠠ ᠴᠸᠩᠳᠦ᠋᠎ᠳᠦ ᠶᠠᠪᠤᠭᠳᠠᠵᠤ᠂ ᠤᠷᠳᠤᠰ
ᠬᠤᠲᠠ᠎ᠵᠢᠨ ᠤᠯᠠᠭᠠᠨᠮᠦ᠋ᠴᠢᠷ᠎ᠤᠨ ᠬᠢᠨ ᠲᠤᠭᠯᠠᠯᠲᠠ ᠭᠠᠷᠭᠠᠵᠠᠢ᠃

✦ᠲᠦᠷᠦᠭᠦᠬᠡᠨ ᠤᠯᠠᠭᠠᠨᠬᠠᠳᠠ ᠬᠤᠲᠠ᠎ᠵᠢᠨ
ᠬᠡᠰᠢᠭᠲᠡᠨ ᠬᠤᠰᠢᠭᠤᠨ᠎ᠤ ᠳᠠᠷᠬᠠᠠᠠᠠᠭᠤᠯᠠ ᠰᠤᠮᠤᠨ᠎ᠤ ᠳᠠᠯᠠᠢ ᠭᠠᠴᠠᠭ᠎ᠠ ᠮᠠᠯᠴᠢᠳ᠎ᠲᠠᠭᠠᠨ 300 ᠲᠤᠨ ᠡᠪᠡᠰᠦ ᠬᠤᠪᠢᠶᠠᠨ ᠥᠭᠴᠦ᠂ ᠮᠠᠯᠴᠢᠳ᠎ᠤᠨ ᠲᠡᠵᠢᠭᠡᠨ
ᠦᠷᠡᠵᠢᠭᠦᠯᠬᠦ ᠶᠠᠪᠤᠴᠠ ᠳ᠋ᠡᠬᠢ ᠪᠠᠴᠢᠮ ᠪᠠᠢᠳᠠᠯ᠎ᠢ ᠠᠷᠭᠠᠴᠠᠭᠠᠬᠤ᠎ᠵᠢᠨ ᠬᠠᠮᠲᠤ ᠤᠷᠤᠯᠭ᠎ᠠ ᠪᠡᠨ
ᠨᠡᠮᠡᠭᠳᠡᠭᠦᠯᠬᠦ᠎ᠶᠢ ᠠᠬᠢᠭᠤᠯᠪᠠ᠃
ᠲᠠᠮᠢᠷ
✦ᠲᠤᠬᠠᠢ᠎ᠶᠢᠨ ᠭᠠᠵᠠᠷ᠎ᠤᠨ ᠴᠠᠭ᠎ᠢᠶᠠᠷ 10 ᠰᠠᠷ᠎ᠠ᠎ᠶᠢᠨ 17᠎ᠤ ᠡᠳᠦᠷ᠂ ᠲᠦᠷᠺ᠎ᠲᠦ
ᠶᠠᠪᠤᠭᠳᠠᠭᠰᠠᠨ 13 ᠳ᠋ᠤᠭᠠᠷ ᠬᠤᠭᠤᠴᠠᠭᠠᠨ᠎ᠤ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠬᠣᠯᠪᠣᠭᠠᠨ᠎ᠤ ᠬᠠᠯᠢᠨ
ᠨᠢᠰᠬᠦ ᠰᠢᠬᠦᠷᠦᠨ ᠲᠣᠭᠲᠠᠭᠰᠠᠨ ᠴᠡᠭ᠎ᠦᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠨᠳᠥᠷᠯᠡᠪᠡ᠃
ᠲᠤᠰ ᠤᠳᠠᠭᠠᠨ᠎ᠤ ᠤᠷᠤᠯᠳᠤᠭᠠᠨ ᠨᠢ ᠠᠷᠪᠠᠨ ᠡᠳᠦᠷᠶᠠᠪᠤᠭᠳᠠᠵᠦ᠂ ᠡᠴᠦᠰ᠎ᠲᠡᠬᠡᠨ ᠮᠠᠨ᠎ᠤ ᠤᠯᠤᠰ᠎ᠤᠨ ᠲᠠᠮᠢᠷᠴᠢᠨ
ᠴᠧᠨ ᠶᠠᠩ ᠬᠤᠪᠢ ᠬᠥᠮᠥᠨ᠎ᠦ ᠳᠤᠭᠤᠢᠯᠠᠩ᠎ᠤᠨ ᠮᠠᠩᠯᠠᠢ᠎ᠪᠡᠷ ᠰᠢᠯᠭᠠᠷᠠᠵᠤ᠂ ᠮᠠᠨ ᠤ ᠤᠯᠤᠰ ᠤᠨ ᠲᠠᠮᠢᠷᠴᠢᠨ
ᠢᠦᠢ ᠰᠢᠦᠢ ᠬᠤᠪᠢ ᠬᠥᠮᠥᠨ ᠦ ᠳᠤᠭᠤᠢᠯᠠᠩ᠎ᠤᠨ ᠳᠡᠳ᠋ ᠪᠠᠢᠷᠢᠨ᠎ᠳᠦ ᠳᠤᠲᠤᠷᠠᠵᠠᠢ᠃

✦ᠲᠦᠷᠦᠭᠦᠬᠡᠨ 2025 ᠣᠨ ᠤ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠷᠡᠭᠲᠡᠢ᠎ᠶᠢᠨ
ᠬᠣᠣᠰ ᠰᠠᠪᠠᠯᠠᠭᠤᠷ᠎ᠤᠨ ᠬᠢᠷᠢ ᠬᠡᠮ᠎ᠦᠨ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠠᠮᠢᠷᠴᠢᠨ ᠽᠧᠦ ᠵᠢᠩ ᠶᠤᠸᠠᠨ
15.466 ᠬᠤᠪᠢ᠎ᠪᠠᠷ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ
ᠳᠠᠩ ᠲᠥᠷᠥᠯ᠎ᠦᠨ ᠤᠷᠤᠯᠳᠤᠭᠠᠨ᠎ᠤ ᠬᠠᠮᠤᠭ ᠤ᠋ᠨ ᠥᠨᠳᠥᠷ ᠬᠤᠪᠢ᠎ᠶᠢ ᠰᠢᠨᠡᠳᠬᠡᠪᠡ᠃
ᠲᠡᠯᠡᠬᠡᠢ
✦ᠲᠥᠪ ᠲᠸᠯᠸᠢᠰ ᠤᠨ ᠮᠡᠳᠡᠭᠡ᠎ᠶᠢ ᠦᠨᠳᠦᠰᠦᠯᠡᠪᠡᠯ᠂ ᠣᠷᠣᠰ ᠤᠨ ᠨᠢᠭᠤᠴᠠ ᠮᠡᠳᠡᠭᠡᠨ ᠦ ᠰᠠᠯᠠᠭ᠎ᠠ
ᠮᠥᠴᠢᠷ ᠦᠨ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠤᠮᠠᠷᠠᠲᠤ ᠠᠲᠯᠠᠨᠲ ᠳᠠᠯᠠᠶ᠎ᠶᠢᠨ ᠨᠡᠶ᠋ᠢᠲᠡ᠎ᠶᠢᠨ
ᠭᠡᠷ᠎ᠡ᠎ᠶᠢᠨ ᠵᠣᠬᠢᠶᠠᠨ ᠪᠠᠢᠭᠤᠯᠤᠯᠲᠠ᠎ᠶᠢᠨ ᠡᠸᠦ᠋ᠷᠦᠫᠡ ᠲᠢᠪ᠎ᠦᠨ ᠪᠦᠷᠢᠯᠳᠦᠭᠦᠨ ᠤᠯᠤᠰ᠎ᠤᠳ ᠣᠷᠣᠰ᠎ᠲᠠᠢ ᠳᠠᠶ᠋ᠢᠨ
ᠬᠢᠬᠦ ᠪᠡᠷ ᠪᠡᠯᠡᠳᠬᠡᠵᠦ᠂ ᠪᠡᠯᠡᠳᠬᠡᠯ ᠠᠵᠢᠯ᠎ᠤᠨ ᠭᠣᠣᠯ ᠡᠭᠦᠷᠭᠡ ᠪᠣᠯ ᠤᠮᠠᠷᠠᠲᠤ ᠠᠲᠯᠠᠨᠲ ᠳᠠᠯᠠᠢ᠎ᠶᠢᠨ ᠨᠡᠶ᠋ᠢᠲᠡ᠎ᠶᠢᠨ
ᠭᠡᠷ᠎ᠡ᠎ᠶᠢᠨ ᠵᠣᠬᠢᠶᠠᠨ ᠪᠠᠢᠭᠤᠯᠤᠯᠲᠠ ᠶᠢᠨ ᠬᠣᠯᠪᠣᠭᠠᠲᠤ ᠴᠡᠷᠢᠭ ᠠᠩᠭᠢ᠎ᠶᠢᠨ ᠣᠬᠣᠷᠬᠠᠨ ᠬᠤᠭᠤᠴᠠᠭᠠᠨ ᠳᠤ ᠪᠤᠢ
ᠪᠦᠬᠦᠢ ᠴᠢᠬᠤᠯᠠ ᠪᠦᠬᠦᠢ ᠡᠬᠢ ᠪᠠᠶᠠᠯᠢᠭ᠋ ᠢ ᠣᠯᠬᠤ᠎ᠶᠢ ᠦᠨᠡᠨ ᠬᠦ᠌ ᠪᠠᠲᠤᠯᠠᠨ᠎ᠠ ᠭᠡᠪᠡ᠃

ᠦᠢᠯᠡᠴᠢᠯᠡᠭᠡ
✦ᠥᠪᠥᠷ
ᠮᠣᠩᠭᠣᠯ᠎ᠤᠨ ᠴᠠᠬᠢᠯᠭᠠᠨ ᠬᠦᠴᠦᠨ᠎ᠦ (ᠪᠦᠯᠦᠭᠯᠡᠯ) ᠬᠢᠵᠠᠭᠠᠷᠲᠤ ᠬᠠᠷᠢᠭᠤᠴᠠᠯᠭᠠᠲᠤ
ᠺᠣᠮᠫᠠᠨᠢ
ᠠᠵᠢᠯᠲᠠᠨ ᠡᠯᠰᠡᠵᠦ ᠪᠤᠢ᠃
ᠲᠠᠨ ᠤ ᠲᠤᠰᠡ ᠳ᠋ᠤ
✦ᠤᠰᠤ ᠬᠦᠮᠦᠨ ᠤ ᠴᠢᠷᠠᠢ᠎ᠵᠢᠨ ᠥᠲᠡᠯᠬᠦ᠎ᠶᠢ
ᠰᠡᠷᠭᠡᠢᠯᠡᠨ ᠵᠠᠰᠠᠨ᠎ᠠ᠃ ᠬᠠᠭᠤᠴᠢᠨ ᠤ ᠦᠭᠡᠨ᠎ᠳᠦ《ᠬᠦᠮᠦᠨ ᠥᠲᠡᠯᠬᠦ᠎ᠳᠦ ᠴᠢᠷᠠᠢ ᠤᠷᠢᠳ ᠵᠢᠡᠷ
ᠥᠲᠡᠯᠦᠨ᠎ᠡ》ᠭᠡᠳᠡᠭ ᠪᠢᠯᠡ᠂ ᠴᠢᠷᠠᠢ ᠢᠯᠡ ᠪᠠᠢᠳᠠᠭ ᠪᠤᠯᠬᠤᠷ ᠰᠠᠯᠬᠢ᠂ ᠪᠤᠷᠤᠭᠠᠨ᠂ ᠬᠦᠢᠲᠡᠨ᠂ ᠬᠠᠯᠠᠭᠤᠨ ᠤ
ᠬᠠᠷᠰᠢᠯᠠᠯ ᠳᠦ ᠤᠴᠠᠷᠠᠵᠤ᠂ ᠤᠰᠤ ᠲᠤᠩ ᠶᠡᠬᠡ ᠪᠡᠷ
ᠲᠤᠲᠠᠭᠳᠠᠵᠤ᠂ ᠤᠳᠠᠭᠠᠨ ᠳ᠋ᠠᠭᠠᠨ ᠤᠰᠤᠨ᠎ᠤ ᠳᠤᠲᠠᠭᠳᠠᠯ᠎ᠡᠴᠡ ᠪᠤᠯᠵᠤ ᠴᠢᠷᠠᠢ ᠳᠦ ᠠᠳᠤᠷᠢᠶ᠎ᠠ ᠰᠠᠭᠤᠳᠠᠭ
ᠪᠠᠢᠨ᠎ᠠ᠃ ᠡᠢᠮᠦ᠎ᠡᠴᠡ ᠴᠠᠭ ᠲᠤᠬᠠᠢ ᠳᠤᠨᠢ ᠤᠰᠤ ᠨᠥᠬᠥᠪᠥᠷᠢᠯᠡᠪᠡᠯ ᠴᠢᠷᠠᠢ ᠤᠰᠤᠯᠢᠭ ᠵᠥᠭᠡᠯᠡᠨ ᠪᠤᠯᠳᠠᠭ᠃
ᠵᠠᠯᠭᠠᠭᠠᠳ 《ᠬᠡᠰᠢᠭ
ᠬᠤᠷᠤᠢᠯᠠᠭᠰᠠᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ ᠳᠤ ᠤᠷᠮ᠎ᠠ ᠬᠠᠢᠷᠠᠯᠠᠭᠠᠷᠠᠢ! ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ ᠤ ᠵᠢᠷᠬᠢᠶ᠎ᠠ᠎ᠶᠢᠨ ᠲᠠᠪᠴᠠᠩ)