12 ᠰᠠᠷ᠎ᠠ᠎ᠶ᠋ᠢᠨ 2᠎ᠤᠨ ᠡᠳᠦᠷ
ᠡᠬᠢᠯᠡᠬᠦ᠌ ᠴᠠᠭ᠄
2025-12-02 10:43:20
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


语音播报 封面.jpg


468a2e0c-583a-4ea8-993d-7532847b706b.png


10001010101010101010101010101010101010112.2天气预报模板0101.jpg


1a2f3b38-9829-41e7-a8cf-82b8cebce348.png


ᠨᠡᠢᠭᠡᠮ

✦11 ᠰᠠᠷ᠎ᠠ᠎ᠶᠢᠨ 30᠎ᠤ ᠡᠳᠦᠷ᠂ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ 2025 — 2026 ᠣᠨ᠎ᠤ ᠮᠥᠰᠥᠲᠦᠯᠭᠡ᠎ᠶᠢᠨ ᠬᠤᠭᠤᠴᠠᠭᠠᠨ᠎ᠳᠤ ᠤᠰᠤ ᠳᠠᠮᠵᠢᠭᠤᠯᠬᠤ ᠠᠵᠢᠯ᠎ᠢ ᠡᠬᠢᠯᠡᠭᠦᠯᠪᠡ᠃

✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠨᠡᠢᠲᠡ 23 ᠳ᠋ᠦᠩᠰᠢᠭᠤᠷ 5700 ᠲᠦᠮᠡᠨ ᠲᠥᠭᠥᠷᠢᠭ᠎ᠦᠨ ᠪᠡᠯᠡ ᠣᠷᠣᠭᠤᠯᠤᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠪᠠ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠢ 2515 ᠳᠡᠭᠰᠢ ᠳᠥᠷᠪᠡᠯᠵᠢᠨ ᠺᠢᠯᠣᠮᠧᠲᠷ ᠪᠠᠭᠠᠰᠴᠠᠢ᠃


u=2465659660,295889058&fm=3074&app=3074&f=JPEG.jpg


✦ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 2018 ᠣᠨ᠎ᠳᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ ᠵᠢᠨ ᠲᠤᠰᠬᠠᠢ ᠪᠡᠯᠡ ᠮᠥᠩᠭᠥ᠎ᠶᠢ ᠲᠣᠬᠢᠷᠠᠭᠤᠯᠤᠭᠰᠠᠨ᠎ᠠᠴᠠ ᠨᠠᠭᠠᠰᠢ ᠥᠪᠡᠷᠲᠡᠭᠡᠨ ᠵᠠᠰᠠᠬᠤ ᠣᠷᠣᠨ᠎ᠠᠴᠠ ᠨᠡᠢᠲᠡ 72.9 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠪᠥᠬᠥ ᠣᠷᠣᠨ᠎ᠤ 84 ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ᠋ ( ᠰᠢᠯᠢᠳᠡᠭᠵᠢᠭᠦᠯᠦᠨ ᠲᠣᠬᠢᠷᠠᠭᠤᠯᠬᠤ᠎ᠠᠴᠠ ᠡᠮᠦᠨᠡᠬᠢ ᠬᠦᠷᠢᠶᠡᠯᠡᠩ ᠲᠣᠭᠣᠷᠢᠭ᠋ ᠪᠠᠭᠲᠠᠨ᠎ᠠ )᠎ᠤᠨ 508 ᠰᠠᠭᠤᠷᠢ ᠲᠥᠬᠦᠭᠡᠷᠦᠮᠵᠢ᠎ᠶᠢᠨ ᠲᠦᠷᠦᠯ ᠵᠤᠢᠯ᠎ᠳᠦ ᠬᠦᠴᠦᠲᠡᠢ ᠳᠡᠮᠵᠢᠯᠭᠡ ᠬᠠᠩᠭᠠᠪᠠ᠃

✦ᠤᠯᠤᠰ ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠡᠴᠡ ᠲᠦᠷᠦᠬᠦᠬᠡᠨ ᠣᠷᠳᠣᠰ ᠬᠣᠲᠠ᠎ᠶᠢᠨ 4 ᠨᠡᠭᠦᠷᠡᠰᠦᠨ ᠠᠭᠤᠷᠬᠠᠢ᠎ᠶᠢᠨ ᠬᠠᠭᠤᠴᠢᠨ ᠦᠢᠯᠡᠳᠪᠦᠷᠢᠯᠡᠯ᠎ᠦᠨ ᠱᠤᠭᠤᠮ᠎ᠢ ᠰᠣᠯᠢᠬᠤ ᠲᠥᠰᠥᠯ᠎ᠢ ᠴᠣᠬᠣᠯᠠᠪᠤᠷᠢᠯᠠᠨ ᠵᠥᠪᠰᠢᠶᠡᠷᠡᠪᠡ᠃

✦ᠪᠠᠶᠠᠠᠨᠠᠭᠤᠷ ᠬᠤᠳᠠ ᠵᠢᠨ 2 ᠠᠵᠤ ᠠᠬᠤᠢᠯᠠᠯ (ᠪᠤᠷᠤᠳᠤᠬᠤᠢ ᠠᠷᠢᠬᠢᠨ᠎ᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠾᠧᠩ ᠹᠧᠩ ᠪᠦᠯᠦᠭᠯᠡᠯ᠎ᠦᠨ ᠠᠮᠤ ᠪᠤᠳᠠᠭ᠎ᠠ ᠭᠤᠯᠢᠷ᠎ᠤᠨ ᠦᠢᠯᠡᠰ᠎ᠦᠨ ᠬᠢᠵᠠᠭᠠᠷᠲᠤ ᠺᠣᠮᠫᠠᠨᠢ) ᠥᠪᠡᠷᠲᠡᠭᠡᠨ ᠵᠠᠰᠠᠬᠤ ᠣᠷᠣᠨ᠎ᠦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠳᠤᠮᠳᠠᠳᠤ ᠤᠯᠤᠰ᠎ᠤᠨ ᠶᠠᠰᠤ ᠴᠢᠨᠠᠷ᠎ᠤᠨ ᠱᠠᠩᠨᠠᠯ᠎ᠤᠨ ᠪᠣᠢᠵᠢᠭᠤᠯᠬᠤ ᠬᠥᠮᠥᠷᠭᠡ᠎ᠳᠦ ᠰᠣᠩᠭᠣᠭᠳᠠᠪᠠ᠃

✦2025 ᠣᠨ᠎ᠤ ᠰᠢᠲᠠᠷ᠎ᠠ᠎ᠶᠢᠨ ᠲᠦᠷᠥᠯ ᠵᠦᠢᠯ᠎ᠢ ᠪᠠᠷᠠᠭᠤᠨ ᠣᠷᠣᠨ᠎ᠳᠤ ᠬᠦᠷᠭᠡᠬᠦ ᠵᠢᠴᠢ ᠪᠦᠬᠦ ᠤᠯᠤᠰ᠎ᠤᠨ ᠪᠠᠷᠠᠭᠤᠨ ᠣᠷᠣᠨ᠎ᠤ ᠣᠯᠠᠨ ᠤᠯᠤᠰ᠎ᠤᠨ ᠰᠢᠲᠠᠷ᠎ᠠ᠎ᠶᠢ ᠳᠡᠯᠭᠡᠷᠡᠭᠦᠯᠬᠦ ᠢᠨᠵᠧᠨᠧᠷᠢᠩ (ᠥᠪᠥᠷ ᠮᠣᠩᠭᠣᠯ᠎ᠤᠨ ᠥᠷᠲᠡᠭᠡ)᠎ᠤᠨ ᠡᠬᠢᠯᠡᠯᠲᠡ᠎ᠶᠢᠨ ᠶᠣᠰᠣᠯᠠᠯ ᠲᠦᠷᠦᠬᠦᠬᠡᠨ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃


efcdfdc6f5ed2993e9e5a9797d102159.jpg


ᠠᠵᠤ ᠠᠬᠤᠢ

✦ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠡᠨᠡ ᠵᠢᠯ ᠮᠠᠨ᠎ᠤ ᠤᠯᠤᠰ᠎ᠤᠨ ᠴᠠᠰᠤ ᠮᠦᠰᠦᠨ᠎ᠤ ᠠᠵᠤ ᠦᠢᠯᠡᠰ᠎ᠦᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠵᠤ᠂ 10053 ᠳ᠋ᠦᠩᠰᠢᠭᠤᠷ ᠲᠥᠭᠥᠷᠢᠭ᠎ᠲᠦ ᠬᠦᠷᠬᠦ ᠪᠣᠯᠣᠨ᠎ᠠ᠃


6d1e6182d88c3f5160585a1aa8caa809.jpg


✦ᠬᠦᠳᠡᠭᠡ ᠠᠵᠤ ᠠᠬᠤᠢ ᠬᠦᠳᠡᠭᠡ ᠳᠤᠰᠬᠤᠨ᠎ᠤ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ 1 — 10 ᠰᠠᠷ᠎ᠠ᠎ᠳᠤ᠂ ᠮᠠᠨ᠎ᠤ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢᠯᠡᠰ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠪᠠ᠃ ᠬᠡᠪᠴᠢᠶᠡᠵᠢᠯ᠎ᠠᠴᠠ ᠳᠡᠭᠡᠭᠰᠢᠬᠢ ᠲᠠᠷᠢᠶᠠᠯᠠᠩ ᠪᠠ ᠬᠣᠯᠢᠰᠢᠨ ᠢᠳᠡᠭᠡᠨ᠎ᠢ ᠡᠳ᠋ᠰᠢᠭᠦᠯᠬᠦ ᠦᠢᠯᠡᠰ᠎ᠦᠨ ᠨᠡᠮᠡᠭᠳᠡᠯ ᠥᠷᠲᠡᠭ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 6.3%᠎ᠪᠠᠷ ᠨᠡᠮᠡᠭᠳᠡᠪᠡ᠃ ᠠᠵᠤ ᠦᠢᠯᠡᠰ᠎ᠦᠨ ᠭᠣᠣᠯ ᠴᠣᠭᠴᠠ ᠬᠥᠭᠵᠢᠨ ᠪᠤᠵᠠᠭᠠᠢᠷᠠᠵᠤ᠂ ᠪᠦᠬᠦ ᠤᠯᠤᠰ᠎ᠦᠨ ᠰᠢᠶᠠᠨ᠎ᠤ ᠱᠠᠳᠤᠨ ᠡᠴᠡ ᠳᠡᠭᠡᠭᠰᠢᠬᠢ  ᠳᠠᠭᠠᠭᠤᠯᠤᠭ᠍ᠴᠢ ᠠᠵᠤ ᠠᠬᠤᠢᠯᠠᠯ 98000᠎ᠶᠢ  ᠳᠠᠪᠠᠵᠠᠢ᠃


ᠰᠤᠶᠤᠯ

✦11 ᠰᠠᠷ᠎ᠠ᠎ᠶᠢᠨ 30᠎ᠤ ᠡᠳᠦᠷ᠂ 《ᠤᠳᠬ᠎ᠠ ᠵᠣᠬᠢᠶᠠᠯ᠎ᠤᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠪᠠ ᠰᠢᠨ᠎ᠡ ᠴᠠᠭ ᠦᠶ᠎ᠡ᠎ᠶᠢᠨ ᠤᠳᠬ᠎ᠠ ᠵᠣᠬᠢᠶᠠᠯ᠎ᠤᠨ ᠰᠤᠳᠤᠯᠤᠯ ᠵᠢᠴᠢ ᠥᠪᠥᠷ ᠮᠣᠩᠭᠣᠯ᠎ᠤᠨ ᠰᠢᠨ᠎ᠡ ᠤᠳᠬ᠎ᠠ ᠵᠣᠬᠢᠶᠠᠯ ᠰᠤᠳᠤᠯᠬᠤ ᠬᠤᠷᠠᠯᠲᠠᠢ᠎ᠶᠢᠨ 2025 ᠣᠨ᠎ᠦ ᠡᠷᠳᠡᠮ ᠰᠢᠨᠵᠢᠯᠡᠭᠡᠨ᠎ᠦ ᠬᠤᠷᠠᠯ》 ᠬᠥᠬᠡᠬᠣᠲᠠ᠎ᠳᠤ ᠶᠠᠪᠤᠭᠳᠠᠪᠠ᠃


微信图片_2025-12-01_105951_562.jpg


✦12 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠰᠣᠶᠣᠯ ᠤᠷᠠᠯᠢᠭ᠋᠎ᠤᠨ ᠰᠣᠯᠢᠯᠴᠠᠭᠠᠨ᠎ᠤ ᠤᠷᠤᠯᠳᠤᠭᠠᠨ (ᠪᠡᠭᠡᠵᠢᠩ᠎ᠦᠨ ᠥᠷᠲᠡᠭᠡ) ᠲᠦᠷᠦᠬᠦᠬᠡᠨ ᠠᠮᠵᠢᠯᠲᠠ᠎ᠲᠠᠢ ᠥᠨᠳᠥᠷᠯᠡᠪᠡ᠃ ᠡᠭᠦᠨ᠎ᠳᠤ ᠦᠤᠰᠢᠨ ᠬᠤᠰᠢᠭᠤᠨ᠎ᠤ ᠦᠦᠰᠢᠨᠵᠤᠤ ᠪᠠᠯᠭᠠᠰᠤᠨ᠎ᠤ ᠪᠦᠷᠢᠳᠦ ᠭᠠᠴᠠᠭᠠᠨ᠎ᠤ 《ᠤᠨᠠᠭᠠᠨ ᠪᠦᠷᠢᠳᠦ》ᠰᠣᠶᠣᠯ᠎ᠤᠨ ᠪᠦᠯᠬᠦᠮ᠎ᠦᠨ ᠲᠣᠭᠯᠠᠭᠰᠠᠨ ᠣᠷᠳᠣᠰ᠎ᠤᠨ ᠰᠣᠩᠭᠣᠳᠠᠭ ᠠᠷᠠᠳ᠎ᠤᠨ ᠳᠠᠭᠤᠤ 《ᠰᠡᠨᠵᠢᠳᠮ᠎ᠠ》 ᠨᠢ ᠪᠦᠯᠬᠦᠮ ᠨᠡᠢᠳᠡ ᠵᠢᠨ ᠠᠯᠳᠠᠨ ᠱᠠᠩᠨᠠᠯ᠎ᠢ ᠬᠦᠷᠲᠡᠵᠦ᠂ ᠤᠮᠠᠷᠠᠲᠤ ᠬᠢᠯᠢ᠎ᠶᠢᠨ ᠰᠣᠶᠣᠯ᠎ᠤᠨ ᠥᠪᠡᠷᠮᠢᠴᠡ ᠷᠢᠳᠢ ᠰᠢᠳᠢ᠎ᠶᠢ ᠪᠦᠬᠦ ᠤᠯᠤᠰ᠎ᠲᠤ ᠮᠡᠳᠡᠷᠡᠭᠦᠯᠪᠡ᠃

✦《2025  ᠣᠨ᠎ᠤ  ᠰᠢᠨᠵᠢᠯᠡᠬᠦ  ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠨᠣᠮ ᠪᠢᠴᠢᠭ ᠤᠷᠠᠨ ᠵᠢᠷᠤᠭ ᠰᠣᠶᠤᠯ᠎ᠤᠨ ᠪᠦᠲᠦᠭᠡᠭᠳᠡᠬᠦᠨ᠎ᠦ ᠦᠵᠡᠰᠭᠦᠯᠡᠩ》ᠵᠢᠴᠢ ᠬᠥᠯᠥᠨ ᠪᠣᠢᠷ ᠬᠣᠲᠠ᠎ᠶᠢᠨ ᠤᠮᠠᠷᠠᠲᠤ ᠬᠢᠯᠢ᠎ᠶᠢᠨ ᠰᠣᠶᠣᠯ ᠢᠷᠭᠡᠨᠰᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠲᠥᠪ᠎ᠦᠨ ᠫᠠᠢᠰᠠ ᠰᠡᠬᠦᠬᠦ ᠶᠣᠰᠣᠯᠠᠯ ᠤᠷᠴᠢᠮᠬᠠᠨ ᠡᠸᠡᠩᠬᠢ ᠬᠤᠰᠢᠭᠤᠨ᠎ᠤ ᠰᠢᠨᠡᠬᠡᠨ ᠪᠠᠷᠠᠭᠤᠨ ᠰᠤᠮᠤᠨ᠎ᠳᠤ ᠶᠠᠪᠤᠬᠳᠠᠪᠠ᠃


捕获123.JPG


✦11 ᠰᠠᠷ᠎ᠠ ᠵᠢᠨ 29 — 30᠎ᠤ ᠡᠳᠤᠷ ᠪᠤᠯᠳᠠᠯ᠎ᠠ᠂ ᠲᠠᠷᠬᠠᠨ ᠮᠤᠣᠮᠢᠩᠭᠠᠨ ᠬᠣᠯᠪᠣᠭᠠᠲᠤ ᠬᠣᠰᠢᠭᠤᠨ᠎ᠤ ᠬᠥᠬᠡᠭᠴᠢᠨ ᠮᠤᠭᠠᠢ ᠵᠢᠯ᠎ᠦᠨ ᠮᠥᠩᠭᠥᠨ ᠡᠪᠦᠯ᠎ᠦᠨ ᠨᠠᠭᠠᠳᠤᠮ ᠪᠠᠲᠤᠬᠠᠭᠠᠯᠭ᠎ᠠ᠎ᠶᠢᠨ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠎ᠳᠤ ᠶᠠᠪᠤᠬᠳᠠᠪᠠ᠃ ᠬᠤᠶᠠᠷ ᠡᠳᠤᠷ᠎ᠤᠨ ᠬᠤᠭᠤᠴᠠᠭᠠᠨ᠎ᠳᠤ ᠮᠤᠷᠢᠨ ᠤᠷᠤᠯᠳᠤᠭᠠᠨ᠂ ᠳᠡᠮᠡᠭᠡᠨ ᠤᠷᠤᠯᠳᠤᠭᠠᠨ᠂ ᠬᠦᠴᠦᠳᠤ ᠪᠦᠬᠡ ᠵᠢᠨ ᠪᠠᠷᠢᠯᠳᠤᠭᠠᠨ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠬᠦᠯᠭᠡ ᠵᠡᠷᠭᠡ ᠤᠯᠠᠨ ᠲᠦᠷᠦᠯ᠎ᠤᠨ ᠠᠭᠤᠯᠭ᠎ᠠ ᠲᠠᠢ ᠠᠵᠢᠯᠯᠠᠭ᠎ᠠ ᠶᠠᠪᠤᠬᠳᠠᠬᠰᠠᠨ ᠪᠠᠢᠨ᠎ᠠ᠃


640 (1).jpg


640.jpg


✦2025 ᠣᠨ᠎ᠤ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠤᠷᠴᠢᠮᠬᠠᠨ ᠤᠷᠠᠳ᠎ᠤᠨ ᠳᠤᠮᠳᠠᠳᠤ ᠬᠤᠰᠢᠭᠤᠨ᠎ᠤ ᠭᠠᠭᠴᠠᠮᠣᠳᠤ ᠪᠠᠯᠭᠠᠰᠤᠨ᠎ᠳᠤ ᠡᠬᠢᠯᠡᠪᠡ᠃ ᠳᠤᠮᠳᠠᠳᠤ ᠮᠣᠩᠭᠣᠯ ᠣᠷᠣᠰ (ᠤᠯᠠᠨ ᠤᠯᠤᠰ)᠎ᠤᠨ ᠮᠠᠰᠢᠨ ᠲᠡᠷᠭᠡᠨ᠎ᠦ ᠤᠷᠤᠯᠳᠤᠭᠠᠨ᠎ᠳᠤ 30 ᠭᠠᠷᠤᠢ ᠮᠠᠰᠢᠨ ᠲᠡᠷᠭᠡᠨ᠎ᠦ ᠠᠩᠭᠢ (ᠺᠯᠦ᠋ᠪ) ᠵᠢᠨ 200 ᠭᠠᠷᠤᠢ ᠲᠠᠮᠢᠷᠴᠢᠨ ᠤᠷᠤᠯᠴᠠᠪᠠ᠃


微信图片_20251201174611_875_15.jpg


ᠳᠡᠯᠡᠬᠡᠢ

✦ᠲᠤᠬᠠᠢ᠎ᠶᠢᠨ ᠭᠠᠵᠠᠷ᠎ᠤᠨ ᠴᠠᠭ᠎ᠢᠶᠠᠷ 12 ᠰᠠᠷ᠎ᠠ᠎ᠶᠢᠨ 1 ᠎ᠦ ᠡᠳᠦᠷ᠂ ᠣᠷᠣᠰ᠎ᠤᠨ ᠶᠡᠷᠦᠩᠬᠡᠢᠯᠡᠭᠴᠢ ᠫᠦᠲ᠋ᠢᠨ᠎ᠤ ᠲᠣᠰ ᠡᠳᠦᠷ᠎ᠤᠨ ᠭᠠᠷ᠎ᠤᠨ ᠥᠰᠥᠭ ᠵᠢᠷᠤᠭᠰᠠᠨ ᠵᠠᠷᠯᠢᠭ᠋᠎ᠢ ᠦᠨᠳᠦᠰᠦᠯᠡᠪᠡᠯ᠂ ᠳᠤᠮᠳᠠᠳᠤ ᠤᠯᠤᠰ᠎ᠤᠨ ᠠᠷᠠᠳ ᠢᠷᠭᠡᠨ 2026 ᠣᠨ᠎ᠤ 9 ᠰᠠᠷ᠎ᠠ᠎ᠶᠢᠨ 14 ᠎ᠦ ᠡᠳᠦᠷ (14 ᠎ᠦ ᠡᠳᠦᠷ᠎ᠢ ᠪᠠᠭᠲᠠᠭᠠᠨ᠎ᠠ )᠎ᠠᠴᠠ ᠡᠮᠦᠨ᠎ᠡ ᠸᠢᠰᠠ ᠦᠭᠡᠢ ᠪᠡᠷ ᠵᠢᠭᠤᠯᠴᠢᠯᠠᠯ ᠪᠠ ᠬᠤᠳᠠᠯᠳᠤᠭᠠᠨ᠎ᠤ ᠶᠠᠪᠤᠳᠠᠯ᠎ᠤᠨ ᠵᠣᠷᠢᠯᠭ᠎ᠠ᠎ᠪᠠᠷ ᠣᠷᠣᠰ᠎ᠲᠤ ᠬᠦᠷᠴᠦ ᠪᠣᠯᠣᠨ᠎ᠠ᠃ ᠡᠳᠤᠷ᠎ᠤᠨ ᠬᠢᠵᠠᠭᠠᠷ ᠨᠢ 30 ᠡᠳᠦᠷ᠃


ᠦᠢᠯᠡᠴᠥᠯᠡᠭᠡ

✦ᠤᠷᠳᠤᠰ ᠬᠤᠳᠠ ᠵᠢᠨ ᠬᠢᠶ᠎ᠠ ᠪᠠᠬᠰᠢ ᠲᠤᠭᠤᠷᠢᠭ᠎ᠤᠨ ᠵᠠᠯᠠᠭᠤᠴᠤᠳ ᠪᠠᠭᠠᠴᠤᠳ᠎ᠤᠨ ᠬᠦᠭᠵᠢᠬᠦᠯᠦᠯᠳᠡ ᠵᠢᠨ ᠲᠦᠪ ᠠᠵᠢᠯᠳᠠᠨ ᠡᠯᠰᠡᠵᠤ ᠪᠤᠢ᠃ 


ᠲᠠᠨ᠎ᠤ ᠲᠤᠰᠠ᠎ᠳᠤ

✦ᠮᠥᠭᠥ᠎ᠶᠢᠨ ᠲᠥᠷᠥᠯ᠎ᠦᠨ ᠢᠳᠡᠭᠡᠨ᠂ ᠳᠠᠯᠠᠢ᠎ᠶᠢᠨ ᠭᠠᠷᠤᠯᠲᠠ᠂ ᠥᠷᠭᠡᠰᠦᠲᠦ ᠨᠣᠭᠣᠭ᠎ᠠ ᠵᠡᠷᠭᠡ ᠢᠳᠡᠭᠡᠨ᠎ᠢ ᠳᠠᠬᠢᠨ ᠬᠠᠯᠠᠭᠠᠵᠤ ᠢᠳᠡᠪᠡᠯ ᠬᠥᠮᠥᠨ᠎ᠦ ᠪᠡᠶ᠎ᠡ᠎ᠶᠢᠨ ᠡᠷᠡᠭᠦᠯ ᠮᠡᠨᠳᠦ᠎ᠳᠤ ᠨᠠᠵᠠᠭᠠᠢ ᠨᠦᠯᠦᠭᠡ ᠳᠠᠢ ᠪᠠᠢᠳᠠᠭ᠃


3baf857a22b59aa53056a568b324c48c.jpg


ᠵᠠᠯᠭᠠᠭᠠᠳ《ᠠᠯᠢᠶᠠᠬᠠᠨ ᠪᠠᠭ᠎ᠠ ᠵᠢᠨ ᠨᠤᠲᠤᠭ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号